11 ᠰᠠᠷ᠎ᠠ ᠶᠢᠨ ᠪᠠᠭᠠᠷᠢᠨ ᠵᠡᠭᠦᠨ ᠬᠤᠰᠢᠭᠤᠨ ᠤ ᠡᠪᠦᠯ ᠤᠨ ᠠᠭᠤᠷ ᠠᠮᠢᠰᠬᠤᠯ ᠠᠭᠠᠵᠢᠮ ᠢᠶᠠᠷ ᠥᠳᠬᠡᠷᠡᠵᠦ | ᠪᠠᠶᠢᠭᠰᠠᠨ ᠪᠣᠯᠪᠠᠴᠤ ᠬᠥᠮᠦᠰ ᠤᠨ ᠨᠢᠳᠦᠨ ᠳᠤ ᠦᠵᠡᠭᠳᠡᠵᠦ ᠪᠠᠶᠢᠭ᠎ᠠ ︽ᠠᠮᠢ ᠠᠬᠤᠶ ᠶᠢᠨ ᠨᠣᠭᠤᠭᠠᠷᠠᠭᠤᠯᠤᠯᠲᠠ︾ | ᠨᠢ ᠠᠭᠤᠷ ᠠᠮᠢᠰᠬᠤᠯ ᠤᠨ ᠬᠤᠪᠢᠷᠠᠯᠲᠠ ᠶᠢ ᠳᠠᠭᠠᠯᠳᠤᠨ ᠣᠭᠵᠣᠮ ᠪᠠᠭᠤᠷᠠᠭᠰᠠᠨ ᠦᠭᠡᠢ ᠪᠠᠶᠢᠯ᠎ᠠ᠃ ᠠᠮᠢ | ᠠᠬᠤᠢ ᠶᠢᠨ ︽ᠨᠣᠭᠤᠭᠠᠨ ᠠᠭᠤᠯᠤᠭᠳᠠᠴᠠ︾ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ︽ᠴᠢᠨᠠᠷ | ᠰᠠᠶᠢᠲᠠᠢ ᠪᠠᠶᠢᠬᠤ︾ ᠰᠡᠳᠬᠢᠬᠦᠢ ᠪᠣᠯᠤᠨ ᠠᠷᠭ᠎ᠠ ᠬᠡᠯᠪᠡᠷᠢ ᠪᠠᠷ ᠠᠳᠡᠬᠢ ᠨᠣᠭᠤᠭᠠᠨ ᠦᠩᠭᠡ ᠶᠢ ᠤᠯᠠᠮ ᠠᠴᠠ ᠤᠯᠠᠮ | ᠰᠣᠷᠭᠤᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠤᠯᠠᠮ ᠠᠴᠠ ᠤᠯᠠᠮ ᠲᠤᠪᠤᠶᠢᠮ᠎ᠠ ᠪᠣᠯᠭᠠᠪᠠ᠃ | | ᠪᠠᠭᠠᠷᠢᠨ ᠵᠡᠭᠦᠨ ᠬᠤᠰᠢᠭᠤ ᠶᠡᠭᠡ ᠬᠢᠩᠭᠠᠨ ᠳᠠᠪᠠᠭᠠᠨ ᠤ ᠪᠠᠷᠠᠭᠤᠨ ᠡᠮᠦᠨ᠎ᠡ ᠠᠭᠤᠯᠠ ᠶᠢᠨ ᠬᠤᠷᠮᠣᠶ ᠪᠠ | ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠬᠥᠪᠡᠭᠡᠨ ᠳᠤ ᠪᠠᠶᠢᠷᠢᠯᠠᠵᠤ᠂ ᠣᠲᠣ ᠣᠶ ᠰᠢᠭᠤᠶ ᠶᠢᠨ ᠲᠠᠯᠠᠪᠠᠶ | 395.86 ᠲᠦᠮᠡᠨ ᠮᠥ ᠳᠤ ᠬᠦᠷᠴᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 38.51% ᠳᠤ ᠬᠥᠷᠪᠡ︔ | ᠨᠤᠲᠤᠭ ᠪᠡᠯᠴᠢᠭᠡᠷ ᠤᠨ ᠲᠠᠯᠠᠪᠠᠶ 274.4 ᠲᠦᠮᠡᠨ ᠮᠥ ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ | ᠪᠦᠷᠬᠦᠴᠡ 66.1% ᠳᠤ ᠬᠥᠷᠪᠡ᠃ ᠣᠶᠢᠷ᠎ᠠ ᠶᠢᠨ ᠵᠢᠯ ᠠᠴᠠ ᠨᠠᠰᠢ᠂ ᠪᠠᠭᠠᠷᠢᠨ ᠵᠡᠭᠦᠨ ᠬᠤᠰᠢᠭᠤ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠣᠶ ᠰᠢᠭᠤᠶ ᠶᠢᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠰᠠᠶᠢᠲᠤᠷ | ᠪᠥᠲᠥᠭᠡᠨ ᠪᠠᠶᠢᠭᠤᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ︾ ︽ᠬᠥᠬᠡᠮᠳᠦᠭ ᠨᠣᠭᠤᠭᠠᠨ ᠠᠭᠤᠯᠠ | ᠤᠰᠤᠨ ᠤ ︽ᠭᠤᠷᠪᠠᠨ ᠵᠣᠬᠢᠶᠠᠯ︾ ᠢ ᠬᠦᠴᠦᠯᠡᠨ ᠪᠢᠴᠢᠭᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠳᠤ ᠠᠭᠤᠰᠤᠯᠴᠠᠭᠤᠯᠵᠤ᠂ | ᠪᠠᠭᠠᠷᠢᠨ ᠵᠡᠭᠦᠨ ᠬᠤᠰᠢᠭᠤᠨ ᠤ ︽ᠪᠣᠬᠢᠷᠲᠤᠯ ᠥᠬᠡᠶ ᠭᠡᠷ ᠪᠦᠯᠢ︾ ᠶᠢ ᠵᠤᠵᠠᠭᠠᠳᠬᠠᠪᠠ᠃ | ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠬᠦᠴᠦᠲᠡᠢ ᠪᠥᠭᠡᠳ ᠪᠦᠲᠦᠮᠵᠢᠲᠡᠢ ᠪᠠᠶᠢᠨ᠎ᠠ᠃ | ᠪᠠᠭᠠᠷᠢᠨ ᠵᠡᠭᠦᠨ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠵᠠᠬ᠎ᠠ ᠬᠢᠵᠠᠭᠠᠷ ᠲᠤ ᠪᠠᠶᠢᠷᠢᠯᠠᠵᠤ᠂ ᠪᠠᠷᠠᠭᠤᠨ | ᠲᠠᠯ᠎ᠠ ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠠᠶᠢᠵᠤ᠂ ᠳᠡᠭᠡᠷ᠎ᠡ ᠵᠠᠭᠤᠨ ᠤ 70᠂ ᠨᠠᠶᠠᠭᠠᠳ | ᠣᠨ ᠳᠤ ᠪᠠᠷᠠᠭᠤᠨ ᠰᠠᠯᠬᠢᠨ ᠤ ᠠᠮᠠᠰᠠᠷ᠂ ᠲᠦ᠋ ᠯᠦᠩ ᠭᠠᠩ ᠡᠯᠡᠰᠦᠨ ᠪᠦᠰᠡ ᠪᠦᠷᠢᠯᠳᠦᠵᠦ᠂ ︽ᠡᠯᠡᠰᠦ | ᠤᠷᠤᠭᠰᠢᠯᠠᠵᠤ ᠬᠥᠮᠥᠨ ᠤᠬᠤᠷᠢᠬᠤ︾ ᠦᠵᠡᠭᠳᠡᠯ ᠭᠠᠷᠴᠤ᠂ ᠪᠦᠬᠦ ᠬᠤᠰᠢᠭᠤᠨ ᠤ 150 ᠭᠠᠷᠤᠢ ᠲᠦᠮᠡᠨ ᠮᠦ | ᠡᠯᠡᠰᠦᠷᠬᠡᠭᠵᠢᠭᠰᠡᠨ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠪᠠᠭᠠᠷᠢᠨ ᠵᠡᠭᠦᠨ ᠬᠤᠰᠢᠭᠤ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ | ᠠᠶᠠᠨᠳᠠᠭᠠᠨ ᠰᠡᠷᠭᠦᠭᠡᠬᠦ ᠪᠠ ᠬᠥᠮᠦᠨ ᠤ ᠬᠦᠴᠦ ᠪᠠᠷ ᠵᠠᠰᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ︽ | ᠡᠯᠡᠰᠦ ᠤᠷᠤᠭᠰᠢᠯᠠᠵᠤ ᠬᠥᠮᠦᠨ ᠤᠬᠤᠷᠢᠬᠤ︾ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ | ᠲᠡᠦᠬᠡᠲᠦ ᠴᠢᠨᠠᠷᠲᠠᠶ ᠬᠤᠪᠢᠷᠠᠯᠲᠠ ᠶᠢ ᠪᠡᠶᠡᠯᠡᠭᠦᠯᠪᠡ᠃ | | | | ᠡᠨᠡ ᠵᠢᠯ ᠤᠨ 4 ᠳ᠋ᠦ᠋ᠭᠡᠷ ᠰᠠᠷ᠎ᠠ ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠪᠠ | ᠥᠷᠭᠡᠨ ᠣᠯᠠᠨ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠪᠥᠬᠦ ᠠᠷᠠᠳ ᠤᠨ ᠠᠯᠪᠠᠨ | ᠵᠢᠷᠤᠮ ᠤᠨ ᠮᠣᠳᠣ ᠳᠠᠷᠢᠬᠤ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠬᠡᠯᠪᠡᠷᠢ ᠪᠠᠷ ︽ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠡᠭᠡ ᠳᠠᠶᠢᠯᠠᠯᠳᠤᠭᠠᠨ︾ ᠤ ᠠᠵᠢᠯᠯᠠᠭ᠎ᠠ ᠶᠢ | ᠥᠷᠨᠢᠭᠦᠯᠵᠦ᠂ 5000 ᠰᠢᠬᠠᠮ ᠺᠠᠳ᠋ᠷ ᠣᠯᠠᠨ ᠲᠦᠮᠡᠨ ᠯᠢᠨᠳᠦ᠋ᠩ ᠤᠨ ᠣᠶ ᠰᠢᠭᠤᠶ ᠶᠢᠨ ᠲᠠᠯᠠᠪᠠᠶ᠂ ᠯᠦᠩ ᠴᠠᠩ | ᠪᠠᠯᠭᠠᠰᠤᠨ ᠤ ᠱᠤᠸᠠᠩ ᠵᠢᠩ ᠲᠣᠰᠬᠤᠨ᠂ ᠯᠢᠨᠳᠦ᠋ᠩ ᠪᠠᠯᠭᠠᠰᠤᠨ ᠤ ᠫᠠᠨ ᠯᠦᠩ ᠭᠠᠩ ᠲᠣᠰᠬᠤᠨ᠂ ᠴᠠᠭᠠᠨᠬᠠᠳᠠ | ᠰᠤᠮᠤ ᠶᠢᠨ ᠴᠢᠯᠠᠭᠤᠨ ᠭᠡᠷ ᠵᠡᠷᠭᠡ 4 ᠣᠷᠣᠨ ᠪᠦᠰᠡ ᠳᠤ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ ᠵᠢᠭᠠᠷᠲᠤ ᠨᠠᠷᠠᠰᠤ᠂ | ᠲᠠᠬᠢᠶᠠᠨ ᠵᠢᠷᠦᠬᠡᠨ ᠵᠢᠮᠢᠰ ᠵᠡᠷᠭᠡ ᠳᠥᠷᠪᠡᠨ ᠣᠷᠣᠨ ᠪᠦᠰᠡ ᠳᠤ 33.87 ᠲᠦᠮᠡᠨ ᠴᠢᠬᠢ ᠮᠣᠳᠣ ᠳᠠᠷᠢᠬᠤ ᠶᠢᠨ | ᠬᠠᠮᠲᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢᠶᠠᠷ ᠴᠢᠬᠤᠯᠠ ᠭᠠᠷᠳᠠᠴᠠ ᠪᠣᠯᠭᠠᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠭᠤᠤᠯᠳᠠᠯᠭ᠎ᠠ ᠲᠠᠢ ᠢᠨᠵᠧᠨᠧᠷᠢᠩ ᠢ ᠶᠡᠭᠡ ᠪᠠᠷ ᠳᠥᠯᠭᠢᠨ ᠠᠬᠢᠭᠤᠯᠪᠠ᠃ 2024 ᠣᠨ ᠤ | ᠳᠣᠲᠣᠷ᠎ᠠ 39.9 ᠲᠦᠮᠡᠨ ᠮᠦ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 2030 ᠤᠨ ᠪᠣᠯᠬᠤ ᠳᠤ | 298.53 ᠲᠦᠮᠡᠨ ᠮᠦ ᠠᠯᠤᠰ ᠤᠨ ᠬᠠᠷᠠᠯᠲᠠ ᠶᠢ ᠪᠡᠶᠡᠯᠡᠭᠦᠯᠵᠦ᠂ ᠬᠤᠶᠠᠷ ᠶᠡᠭᠡ ᠡᠯᠡᠰᠦᠷᠬᠡᠭ ᠭᠠᠵᠠᠷ ᠤᠨ | ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠪᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ | ᠤᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠲᠦᠷᠭᠡᠳᠪᠡ᠃ | ᠪᠠᠭᠠᠷᠢᠨ ᠵᠡᠭᠦᠨ ᠬᠤᠰᠢᠭᠤ ᠣᠶ ᠶᠢᠨ ᠬᠤᠷᠮᠣᠶ ᠶᠢᠨ ᠲᠠᠷᠢᠮᠠᠯ ᠤᠨ ᠦᠢᠯᠡᠰ᠂ ᠣᠶ ᠶᠢᠨ ᠬᠤᠷᠮᠣᠶ ᠶᠢᠨ ᠠᠵᠤ | ᠠᠬᠤᠶ ᠶᠢᠨ ᠦᠢᠯᠡᠰ᠂ ᠣᠶ ᠰᠢᠭᠤᠶ ᠵᠢᠮᠢᠰ ᠤᠨ ᠠᠵᠤ ᠠᠬᠤᠶ ᠶᠢᠨ ᠦᠢᠯᠡᠰ᠂ ᠣᠶ ᠰᠢᠭᠤᠶ ᠶᠢᠨ ᠵᠢᠭᠤᠯᠴᠢᠯᠠᠯ ᠤᠨ | ᠦᠢᠯᠡᠰ ᠢᠶᠠᠷ ᠭᠤᠤᠯᠳᠠᠯᠭ᠎ᠠ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠶᠢ | ᠦᠷᠭᠦᠯᠵᠢᠯᠡᠨ ᠠᠬᠢᠭᠤᠯᠪᠠ᠃ ᠪᠠᠭᠠᠷᠢᠨ ᠵᠡᠭᠦᠨ ᠬᠤᠰᠢᠭᠤᠨ ᠤ ᠸᠧᠨ ᠭᠤᠸᠠᠨ ᠵᠢᠮᠢᠰ ᠤᠨ ᠲᠠᠷᠢᠮᠠᠯ ᠵᠢᠴᠢ ᠨᠠᠷᠢᠯᠢᠭ | ᠡᠳ᠋ᠰᠢᠭᠦᠯᠬᠦ ︽ᠨᠢᠭᠡ ᠬᠤᠶᠠᠷ ᠭᠤᠷᠪᠠ︾ ᠶᠢᠨ ᠠᠵᠤ ᠦᠢᠯᠡᠰ ᠤᠨ ᠠᠭᠤᠰᠤᠯᠴᠠᠯ ᠤᠨ ᠲᠥᠷᠥᠯ ᠵᠦᠢᠯ ᠢ ᠬᠦᠴᠦᠯᠡᠨ | ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 2.12 ᠳ᠋ᠦᠩᠰᠢᠭᠤᠷ ᠲᠥᠭᠦᠷᠢᠭ ᠲᠤ ᠬᠦᠷᠴᠡᠢ᠃ 2024 | ᠣᠨ ᠳᠤ ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠭᠠᠵᠠᠷ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ | ᠪᠣᠯᠪᠠᠰᠤᠷᠠᠭᠤᠯᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠬᠤᠶᠠᠷ ᠬᠡᠰᠡᠭ ᠠᠭᠤᠯᠭ᠎ᠠ ᠶᠢ | ᠭᠤᠣᠯᠳᠠᠯᠭ᠎ᠠ ᠲᠠᠢ ᠬᠡᠷᠡᠭᠵᠢᠭᠦᠯᠵᠦ᠂ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠣᠳᠣᠬᠠᠨ ᠳᠤ ᠲᠠᠷᠢᠮᠠᠯ ᠤᠨ ᠰᠠᠭᠤᠷᠢᠨ ᠭᠠᠵᠠᠷ ᠤᠨ ᠬᠡᠰᠡᠭ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠮᠣᠳᠣ ᠲᠠᠷᠢᠬᠤ | ᠲᠠᠯᠠᠪᠠᠢ ᠶᠢ 2960 ᠮᠦ ᠪᠡᠶᠡᠯᠡᠭᠦᠯᠵᠦ᠂ 2176.56 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ ᠡᠭᠦᠨ ᠤ ᠬᠠᠮᠲᠤ ᠪᠠᠭᠠᠷᠢᠨ ᠵᠡᠭᠦᠨ ᠬᠤᠰᠢᠭᠤᠨ ᠤ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ | ᠂ ᠬᠡᠭᠡᠷ᠎ᠡ ᠶᠢᠨ ᠭᠦᠢᠯᠡᠰᠦ ᠪᠠ ᠬᠠᠪᠲᠠᠭᠠᠶ ᠬᠦᠢᠯᠡᠰᠦ ᠶᠢᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠶ ᠶᠢᠨ ᠳᠠᠷᠤᠭ᠎ᠠ ᠶᠢᠨ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠪᠠᠷ ᠳᠠᠮᠵᠢᠭᠤᠯᠤᠨ ︽ᠬᠡᠭᠡᠷ᠎ᠡ ᠶᠢᠨ ᠭᠦᠢᠯᠡᠰᠦ + ᠬᠠᠪᠲᠠᠭᠠᠶ ᠭᠦᠢᠯᠡᠰᠦ︾ ᠶᠢᠨ ᠠᠵᠤ ᠦᠢᠯᠡᠰ ᠤᠨ | ᠰᠢᠰᠲ᠋ᠧᠮ ᠢ ᠪᠦᠷᠢᠯᠳᠦᠭᠦᠯᠦᠨ᠎ᠡ᠃ ᠪᠠᠭᠠᠷᠢᠨ ᠵᠡᠭᠦᠨ ᠬᠤᠰᠢᠭᠤᠨ ᠳᠤ ᠣᠳᠣ 150 ᠲᠦᠮᠡᠨ ᠮᠦ ᠬᠡᠭᠡᠷ᠎ᠡ ᠶᠢᠨ | ᠭᠦᠢᠯᠡᠰᠦᠨ ᠮᠣᠳᠣᠨ ᠤ ᠣᠢ ᠶᠢ ᠪᠢᠳᠡᠭᠦᠮᠵᠢᠯᠡᠵᠦ᠂ ᠣᠳᠣ 30 ᠲᠦᠮᠡᠨ ᠮᠦ ᠬᠡᠭᠡᠷ᠎ᠡ ᠶᠢᠨ ᠭᠦᠢᠯᠡᠰᠦ | ᠪᠢᠳᠡᠭᠦᠮᠵᠢᠯᠡᠵᠦ᠂ ᠪᠦᠷᠢᠨ ᠪᠦᠲᠦᠨ ᠠᠵᠤ ᠦᠢᠯᠡᠰ ᠤᠨ ᠬᠡᠯᠬᠢᠶᠡᠰᠦ ᠶᠢ ᠪᠦᠷᠢᠯᠳᠦᠭᠦᠯᠦᠭᠰᠡᠨ ᠬᠡᠭᠡᠷ᠎ᠡ ᠶᠢᠨ ᠭᠦᠢᠯᠡᠰᠦ | ᠂ ᠬᠠᠪᠲᠠᠭᠠᠶ ᠭᠦᠢᠯᠡᠰᠦᠨ ᠠᠵᠤ ᠠᠬᠤᠶᠢᠯᠠᠯ ᠢ 5 ᠣᠷᠣᠭᠤᠯᠤᠨ ᠠᠪᠴᠢᠷᠠᠵᠤ᠂ ᠨᠡᠶᠢᠲᠡ 2.64 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠭᠰᠠᠨ ᠪᠠᠶᠢᠨ᠎ᠠ᠃ | | | ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠩ ᠪᠠᠲᠤ ᠪᠠᠬᠢ ᠪᠣᠯᠪᠠ᠃ | ︽ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ︾ ᠲᠣᠭᠲᠠᠬᠤ ᠪᠠᠷ ᠳᠠᠮᠵᠢᠭᠤᠯᠤᠨ᠂ ︽ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠶᠢ ᠳᠠᠭᠠᠭᠠᠴᠢᠯᠠᠨ ᠬᠤᠯᠪᠣᠭᠠᠯᠠᠬᠤ ᠲᠦᠷᠢᠮ︾ ᠢ ᠬᠡᠷᠡᠭᠵᠢᠭᠦᠯᠵᠦ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠎ᠠ᠃ ᠡᠭᠦᠨ ᠤ ᠬᠠᠮᠲᠤ᠂ | ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠵᠢᠯ ᠤᠨ ᠡᠬᠢᠨ ᠠᠴᠠ ᠨᠠᠰᠢ᠂ ᠪᠠᠭᠠᠷᠢᠨ ᠵᠡᠭᠦᠨ ᠬᠤᠰᠢᠭᠤᠨ ᠤ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠡᠶᠢᠲᠡ 370 ᠭᠠᠷᠤᠶ ᠤᠬᠠᠭᠤᠯᠭ᠎ᠠ ᠶᠢᠨ ᠲᠡᠷᠭᠡ ᠬᠥᠳᠡᠯᠭᠡᠵᠦ᠂ | ᠭᠠᠯ ᠰᠡᠷᠭᠡᠶᠢᠯᠡᠬᠦ ᠤᠬᠠᠭᠤᠯᠭ᠎ᠠ ᠶᠢᠨ ᠥᠩᠭᠡᠲᠦ ᠲᠤᠭ 32000 ᠭᠤᠯᠢᠷ᠂ ᠡᠯᠭᠦᠭᠡ ᠪᠢᠴᠢᠭᠡᠰᠦ ᠶᠢ 5000 | ᠬᠤᠪᠢ ᠡᠯᠭᠦᠵᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ 10 ᠲᠦᠮᠡᠨ ᠬᠤᠪᠢ᠂ ᠵᠠᠰᠠᠭ ᠤᠨ | ᠣᠷᠳᠣᠨ ᠤ ᠭᠠᠯ ᠴᠠᠭᠠᠵᠠᠯᠠᠬᠤ ᠵᠠᠷᠯᠠᠯ ᠢ 4000 ᠪᠠᠭᠤᠯᠭᠠᠵᠤ᠂ 22000 ᠵᠤᠷᠪᠤᠰ ᠤᠬᠠᠭᠤᠯᠭ᠎ᠠ ᠶᠢᠨ ᠤᠷᠢᠶ᠎ᠠ | ᠲᠠᠷᠬᠠᠭᠠᠵᠤ᠂ ᠭᠠᠯ ᠰᠡᠷᠭᠡᠶᠢᠯᠡᠬᠦ ᠰᠠᠨᠠᠭᠤᠯᠤᠮᠵᠢ ᠶᠢᠨ ᠣᠬᠤᠷ ᠮᠡᠳᠡᠭᠡ ᠶᠢ 18 ᠲᠦᠮᠡᠨ ᠵᠤᠷᠪᠤᠰ ᠲᠠᠷᠬᠠᠭᠠᠪᠠ᠃ | ᠬᠠᠩᠰᠢ ᠶᠢᠨ ᠡᠳᠦᠷ᠂ ︽5 · 1︾ ᠤ ︽11︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠲᠤ ᠣᠶ ᠰᠢᠭᠤᠶ ᠨᠤᠲᠤᠭ ᠪᠡᠯᠴᠢᠭᠡᠷ ᠤᠨ ᠴᠠᠭᠳᠠᠨ ᠪᠠᠶᠢᠴᠠᠭᠠᠬᠤ ᠤᠳᠠᠭ᠎ᠠ ᠶᠢ ᠨᠢᠭᠲᠠ ᠨᠡᠮᠡᠵᠦ᠂ ᠣᠶ ᠰᠢᠭᠤᠶ | ᠨᠤᠲᠤᠭ ᠪᠡᠯᠴᠢᠭᠡᠷ ᠤᠨ ᠬᠦᠨᠳᠦ ᠶᠡᠭᠡ ᠭᠠᠯ ᠤᠨ ᠠᠶᠤᠯ ᠠᠴᠠ ᠪᠦᠲᠦᠮᠵᠢᠲᠡᠶ ᠵᠠᠶᠢᠯᠠᠰᠬᠢᠵᠦ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠪᠠ᠃ | ᠠᠮᠢ ᠠᠬᠤᠢ ᠶᠢᠨ ᠨᠣᠭᠤᠭᠠᠨ ᠥᠩᠭᠡ᠂ ᠵᠣᠯ ᠵᠢᠷᠭᠠᠯ ᠨᠢ ᠣᠳᠣᠬᠠᠨ ᠳᠠᠭᠠᠨ ᠢᠷᠡᠭᠡᠳᠦᠢ ᠳᠤ ᠠᠱᠢᠭᠲᠠᠢ᠃ | ᠪᠠᠭᠠᠷᠢᠨ ᠵᠡᠭᠦᠨ ᠬᠤᠰᠢᠭᠤ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ | ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ︽ᠰᠢᠯᠭᠠᠯᠲᠠ ᠳᠤ ᠣᠷᠣᠯᠴᠠᠬᠤ︾ ᠵᠠᠮ ᠳᠡᠭᠡᠷ᠎ᠡ᠂ ︽ᠠᠮᠢ | ᠠᠬᠤᠶ ᠶᠢᠨ ᠰᠠᠭᠤᠷᠢ ᠥᠩᠭᠡ︾ ᠶᠢ ᠰᠡᠳᠬᠢᠯ ᠳᠡᠯᠪᠢᠨ ᠬᠠᠮᠠᠭᠠᠯᠠᠵᠤ᠂ ᠬᠠᠶᠢᠷ᠎ᠠ ᠰᠡᠳᠬᠢᠯᠭᠡ ᠪᠠᠷ ᠢᠶᠠᠨ ︽ᠪᠣᠬᠢᠷᠲᠤᠯ | ᠥᠬᠡᠶ ᠬᠠᠷᠢᠭᠤᠯᠲᠠ ᠶᠢᠨ ᠬᠠᠭᠤᠳᠠᠰᠤ︾ ᠶᠢ ᠪᠢᠴᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ | ᠰᠠᠶᠢᠨ ᠬᠦᠴᠦᠨ ᠨᠡᠮᠡᠷᠢᠯᠡᠪᠡ᠃ |