11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠨ ᠬᠤᠸᠠᠢ ᠳ᠋ᠦᠩ 2024 ᠣᠨ ᠤ 17 ᠳ᠋ᠤᠭᠠᠷ ᠤᠳᠠᠭᠠᠨ ᠤ ᠬᠤᠰᠢᠭᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ | ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ︾ ᠶᠢ ᠤᠯᠠᠮᠵᠢᠯᠠᠨ ᠰᠤᠷᠤᠯᠴᠠᠪᠠ᠃ | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠲᠡᠤᠬᠡᠨ ᠪᠠᠶᠢᠷᠢ ᠲᠣᠭᠲᠠᠭᠠᠯᠲᠠ᠂ ᠴᠠᠭ ᠦᠶ᠎ᠡ ᠶᠢᠨ ᠱᠠᠭᠠᠷᠳᠠᠯᠭ᠎ᠠ ᠶᠢ ᠣᠨᠣᠪᠴᠢᠲᠠᠶ | ᠡᠵᠡᠮᠳᠡᠵᠦ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ | ᠪᠡᠶᠡᠯᠡᠭᠦᠯᠵᠦ | ᠂ ᠮᠠᠨ ᠤ ᠬᠤᠰᠢᠭᠤᠨ ᠤ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠠᠢ ᠃?xml:namespace> | ᠬᠤᠷᠠᠯ ᠠᠴᠠ ᠴᠢᠬᠤᠯᠠᠴᠢᠯᠠᠭᠰᠠᠨ ᠨᠢ᠂ ᠠᠮᠤ ᠪᠤᠳᠠᠭᠠᠨ ᠤ ᠠᠮᠤᠷ ᠲᠦᠪᠰᠢᠨ ᠤ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠮᠤ ᠪᠤᠳᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤ ᠪᠤᠳᠠᠭᠠᠨ ᠤᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ᠂ | ᠨᠥᠭᠡᠴᠡᠯᠡᠯᠲᠡ᠂ ᠭᠦᠢᠯᠭᠡᠭᠡ᠂ ᠡᠳ᠋ᠰᠢᠭᠦᠯᠦᠯᠲᠡ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠲᠠᠯ᠎ᠠ ᠶᠢᠨ ᠴᠢᠳᠠᠪᠤᠷᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ | ᠴᠢᠩᠭ᠎ᠠ ᠠᠩᠬᠠᠷᠴᠤ᠂ ᠠᠮᠤ ᠪᠤᠳᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠢᠳᠡᠪᠬᠢᠲᠡᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠤᠬᠠᠭᠤᠯᠭ᠎ᠠ ᠪᠠ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠪᠦᠬᠦ | ᠨᠡᠶᠢᠭᠡᠮ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠮᠰᠠᠷ ᠪᠠ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠠᠢ ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ ᠰᠣᠨᠣᠰᠴᠤ᠂ ᠬᠤᠰᠢᠭᠤ ᠵᠠᠰᠠᠭ ᠤᠨ ᠣᠷᠳᠣᠨ ᠳᠤ ᠳᠡᠪᠰᠢᠭᠦᠯᠬᠦ ᠭᠡᠵᠦ ᠪᠠᠶᠢᠭ᠎ᠠ 16 ᠳ᠋ᠤᠭᠠᠷ | ᠤᠳᠠᠭᠠᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠪᠡ᠃ | | !--EndFragment--> | !--EndFragment--> | !--EndFragment--> | !--EndFragment--> !--EndFragment--> |