2024 ᠣᠨ ᠤ 1 ᠰᠠᠷ᠎ᠠ ᠶᠢᠨ 7᠎ ᠤ ᠡᠳᠦᠷ ᠪᠠᠭᠠᠷᠢᠨ ᠵᠡᠭᠦᠨ ᠬᠤᠰᠢᠭᠤᠨ ᠤ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ ︵ᠭᠤᠷᠪᠠ︶
ᠨᠡᠶᠢᠲᠡᠯᠡᠭᠰᠡᠨ ᠴᠠᠭ᠄
2024/12/2
ᠵᠢᠷᠭᠤᠭ᠎ᠠ᠂ ᠬᠠᠮᠢᠶ᠎ᠠ ᠪᠦᠬᠦᠢ ᠰᠠᠨᠠᠭᠤᠯᠭ᠎ᠠ︵ᠨᠢᠭᠡ︶ ᠲᠣᠮᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠯᠦᠪᠵᠢᠭᠦᠯᠭᠡ ᠶᠢ ᠰᠠᠶᠢᠲᠤᠷ ᠠᠳᠬᠤᠵᠤ ᠂ ᠪᠡᠯᠡ ᠣᠷᠤᠭᠤᠯᠤᠯᠲᠠ ᠶᠢᠨ ᠳᠣᠭᠲᠠᠭᠤᠨ ᠨᠡᠮᠡᠭᠳᠡᠯ ᠢ ᠠᠬᠢᠭᠤᠯᠤᠨ᠎ᠠ
   ᠨᠢᠭᠡ ᠳᠤ ᠲᠣᠮᠣ ᠲᠥᠷᠥᠯ ᠵᠦᠢᠯ ᠤᠨ
ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠪᠡᠯᠡ ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠪᠦᠲᠦᠮᠵᠢᠲᠡᠢ ᠲᠠᠲᠠᠬᠤ ᠬᠦᠴᠦᠨ ᠢ ᠪᠠᠲᠤᠯᠠᠬᠤ ᠬᠡᠷᠡᠭᠲᠡᠢ᠃ ᠬᠤᠶᠠᠷ ᠲᠤ᠂ ᠠᠷᠭ᠎ᠠ ᠤᠬᠠᠭᠠᠨ ᠰᠦᠪᠡᠭᠴᠢᠯᠡᠬᠦ ᠶᠢ ᠪᠠᠷᠢᠮᠲᠠᠯᠠᠵᠤ᠂ ᠲᠣᠮᠣ ᠲᠥᠷᠥᠯ ᠵᠦᠢᠯ ᠤᠨ ᠠᠵᠢᠯ ᠡᠬᠢᠯᠡᠭᠦᠯᠵᠦ ᠨᠢᠭᠡᠳᠬᠡᠬᠦ ᠶᠢ ᠴᠢᠩᠭᠠᠳᠬᠠᠪᠠ᠃ ᠡᠯ᠎ᠡ ᠰᠠᠯᠠᠭ᠎ᠠ ᠮᠥᠴᠢᠷ ᠪᠣᠯᠤᠨ ᠡᠯ᠎ᠡ ᠵᠠᠩᠭᠢᠯᠠᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠮᠦᠨᠡᠬᠢ ᠬᠤᠭᠤᠴᠠᠭᠠᠨ ᠤ ᠠᠵᠢᠯ ᠤᠨ ᠬᠠᠮᠵᠢᠯᠴᠠᠭ᠎ᠠ ᠶᠢ ᠲᠦᠯᠬᠢᠨ ᠠᠬᠢᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠶ ᠪᠠᠷ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠭᠠᠨ ᠤ ᠠᠵᠢᠯ ᠤᠨ ᠡᠷᠴᠢᠮ ᠢ ᠴᠢᠩᠭᠠᠷᠠᠭᠤᠯᠬᠤ ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ︽ᠭᠠᠳᠠᠭᠰᠢ ᠭᠠᠷᠬᠤ︾ ᠪᠠ ︽ᠤᠭᠲᠤᠬᠤ︾᠎ ᠶᠢ ᠪᠠᠷᠢᠮᠲᠠᠯᠠᠬᠤ ᠲᠠᠢ ᠤᠶᠠᠯᠳᠤᠭᠤᠯᠤᠨ᠂ ᠲᠣᠮᠣ ᠲᠥᠷᠥᠯ ᠵᠦᠢᠯ᠂ ᠭᠤᠤᠯᠳᠠᠯᠭ᠎ᠠ ᠲᠠᠢ ᠲᠥᠷᠥᠯ ᠵᠦᠢᠯ ᠢ ᠲᠡᠮᠡᠴᠡᠨ ᠣᠯᠬᠤ ᠪᠠ ᠲᠥᠷᠥᠯ ᠵᠦᠢᠯ ᠲᠣᠭᠲᠠᠭᠠᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠦᠨ᠂ ᠲᠣᠮᠣ ᠲᠥᠷᠥᠯ ᠵᠦᠢᠯ ᠢ ᠵᠣᠯᠭᠠᠭᠤᠯᠬᠤ ᠠᠴᠠ ᠵᠠᠶᠢᠯᠠᠰᠬᠢᠵᠦ᠂ ᠲᠣᠮᠣ ᠲᠥᠷᠥᠯ ᠵᠦᠢᠯ ᠢ ᠵᠣᠯᠭᠠᠭᠤᠯᠬᠤ ᠳᠤ ᠲᠠᠰᠤᠯᠳᠠᠯ ᠭᠠᠷᠬᠤ ᠠᠴᠠ ᠵᠠᠶᠢᠯᠠᠰᠬᠢᠵᠦ᠂ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠬᠥᠭᠵᠢᠬᠦ ᠶᠢ ᠲᠤᠯᠭᠠᠭᠤᠷᠢᠯᠠᠨ᠎ᠠ᠃
︵ᠬᠤᠶᠠᠷ︶ ᠠᠵᠤ ᠠᠬᠤᠶᠢᠯᠠᠯ ᠤᠨ ᠳᠣᠭᠲᠠᠭᠤᠨ
ᠦᠢᠯᠡᠳᠪᠦᠷᠢᠯᠡᠯ ᠢ ᠪᠠᠲᠤᠯᠠᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠭᠡᠨ᠎ᠡ
   ᠨᠢᠭᠡ ᠳᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠦᠢᠴᠡᠳ ᠪᠥᠭᠡᠳ ᠲᠣᠭᠲᠠᠭᠤᠨ ᠢᠶᠠᠷ
ᠦᠢᠯᠡᠳᠪᠦᠷᠢᠯᠡᠬᠦ ᠶᠢ ᠪᠠᠲᠤᠯᠠᠨ᠎ᠠ᠃ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠰᠠᠶᠢᠨ ᠣᠶᠢᠯᠠᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠣᠨᠣᠪᠴᠢᠲᠠᠶ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠨᠢ ᠥᠨᠳᠥᠷ᠂ ᠪᠡᠯᠡ ᠮᠥᠩᠭᠦ ᠨᠢ ᠬᠦᠴᠢᠷᠲᠡᠶ᠂ ᠵᠠᠬᠢᠶᠠᠯᠠᠭ᠎ᠠ ᠶᠢᠨ ᠬᠠᠭᠤᠳᠠᠰᠤ ᠨᠢ ᠪᠠᠭ᠎ᠠ ᠵᠡᠷᠭᠡ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ ᠬᠥᠳᠡᠯᠦᠩᠭᠦᠶ ᠪᠠᠷ ᠲᠣᠬᠢᠷᠠᠭᠤᠯᠵᠤ᠂ ᠣᠳᠣ ᠶᠢᠨ ᠪᠠᠶᠢᠭ᠎ᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠦᠢᠴᠡᠳ ᠬᠡᠮᠵᠢᠶ᠎ᠡ ᠪᠠᠷ ᠦᠢᠯᠡᠳᠪᠦᠷᠢᠯᠡᠬᠦ ᠶᠢ ᠪᠠᠲᠤᠯᠠᠵᠤ᠂ ᠠᠵᠤ ᠦᠢᠯᠡᠳᠪᠦᠷᠢ ᠶᠢᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ᠃ ᠪᠡᠯᠡ ᠮᠥᠩᠭᠦ ᠶᠢᠨ ᠳᠡᠮᠵᠢᠯᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠮᠡᠳᠡᠭᠡ ᠵᠠᠩᠭᠢ ᠶᠢᠨ ᠳᠡᠮᠵᠢᠯᠭᠡ ᠪᠠᠷ ᠳᠠᠮᠵᠢᠭᠤᠯᠤᠨ᠂ ᠮᠡᠷᠭᠡᠵᠢᠯ ᠤᠨ ᠳᠡᠰ ᠳᠡᠪᠰᠢᠬᠦ᠂ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠠᠵᠤ ᠠᠬᠤᠶᠢᠯᠠᠯ ᠳᠤ ᠪᠦᠲᠦᠮᠵᠢᠲᠡᠶ ᠳᠡᠮᠵᠢᠯᠭᠡ ᠪᠠᠨ ᠨᠡᠮᠡᠭᠳᠡᠭᠦᠯᠵᠦ᠂ ᠣᠳᠣ ᠪᠠᠶᠢᠭ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠬᠡᠨ ᠪᠡᠶᠡᠯᠡᠭᠦᠯᠬᠦ ᠶᠢ ᠲᠦᠯᠬᠢᠨ ᠠᠬᠢᠭᠤᠯᠵᠤ ᠂ ᠦᠢᠯᠡᠳᠪᠦᠷᠢᠯᠡᠯ ᠤᠨ ᠬᠡᠪᠴᠢᠶ᠎ᠡ ᠪᠠᠨ ᠡᠷᠲᠡᠬᠡᠨ ᠥᠷᠭᠡᠳᠬᠡᠵᠦ᠂ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
︵ᠭᠤᠷᠪᠠ︶ ᠠᠵᠤ ᠦᠢᠯᠡᠰ ᠤᠨ ᠣᠯᠠᠨ ᠡᠰᠢᠲᠦ ᠬᠥᠭᠵᠢᠯᠲᠡ ᠶᠢ
ᠰᠦᠪᠡᠭᠴᠢᠯᠡᠵᠦ᠂ ᠣᠷᠣᠨ ᠰᠠᠭᠤᠴᠠ ᠶᠢᠨ ᠦᠢᠯᠡᠰ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ᠎ᠠ
   ᠨᠢᠭᠡ ᠳᠤ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ
ᠲᠥᠷᠥᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ᠂ ᠬᠡᠷᠡᠭᠴᠡᠭᠡ ᠱᠠᠭᠠᠷᠳᠠᠯᠭ᠎ᠠ ᠶᠢᠨ ᠣᠷᠴᠢᠨ ᠲᠣᠭᠤᠷᠢᠨ ᠤ ᠬᠤᠪᠢᠷᠠᠯᠲᠠ᠂ ᠲᠦᠷᠦ ᠶᠢᠨ ᠪᠤᠳᠤᠯᠭ᠎ᠠ ᠶᠢᠨ ᠬᠡᠯᠪᠡᠷᠢ ᠶᠢᠨ ᠬᠠᠨᠳᠤᠰᠢ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷᠳᠡᠯ ᠵᠡᠷᠭᠡ ᠤᠯᠠᠨ ᠲᠠᠯ᠎ᠠ ᠠᠴᠠ ᠭᠠᠷᠳᠠᠵᠤ᠂ ᠠᠵᠤ ᠠᠬᠤᠶᠢᠯᠠᠯ ᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠤᠨᠤᠭ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠬᠤ ᠪᠠ ᠳᠡᠮᠵᠢᠵᠦ᠂ ᠬᠢᠵᠠᠭᠠᠷᠯᠠᠭᠰᠠᠨ ᠬᠤᠭᠤᠴᠠᠭᠠᠨ ᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ︔ ᠬᠤᠶᠠᠷ ᠲᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠥᠯᠥᠪᠵᠢᠭᠦᠯᠬᠦ ᠪᠠᠨ ᠴᠢᠩᠭᠠᠳᠬᠠᠨ᠎ᠠ᠃ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠬᠤᠨᠣᠭᠯᠠᠬᠤ ᠦᠢᠯᠡᠰ ᠬᠢᠭᠡᠳ ᠪᠤᠰᠤᠳ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠵᠢᠱᠢᠶᠡᠯᠡᠪᠡᠯ ᠵᠢᠭᠤᠯᠴᠢᠯᠠᠯ ᠤᠨ ᠦᠢᠯᠡᠰ᠂ ᠰᠣᠶᠣᠯ ᠤᠨ ᠠᠵᠤ ᠦᠢᠯᠡᠰ ᠲᠠᠢ ᠤᠶᠠᠯᠳᠤᠭᠤᠯᠤᠨ᠂ ᠬᠤᠨᠣᠵᠤ ᠬᠡᠪᠲᠡᠬᠦ ᠵᠡᠷᠭᠡ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠪᠠᠷ ᠴᠢᠷᠮᠠᠶᠢᠵᠤ᠂ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠠᠮᠢᠳᠤᠯᠢᠭ ᠢᠶᠠᠷ ᠠᠷᠭᠠᠴᠠᠵᠤ᠂ ᠬᠤᠨᠤᠭ ᠪᠠᠭᠤᠳᠠᠯ ᠤᠨ ᠦᠢᠯᠡᠰ ᠤᠨ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ︔ ᠭᠤᠷᠪᠠ ᠳᠤ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠶᠢ ᠴᠢᠬᠤᠯᠠᠴᠢᠯᠠᠨ᠎ᠠ᠃ ᠰᠢᠨ᠎ᠡ ᠪᠠᠷ ᠨᠡᠮᠡᠭᠳᠡᠭᠰᠡᠨ ᠬᠢᠵᠠᠭᠠᠷ ᠠᠴᠠ ᠳᠡᠭᠡᠭᠰᠢᠬᠢ ᠠᠵᠤ ᠠᠬᠤᠶᠢᠯᠠᠯ ᠢ ᠪᠤᠶᠢᠵᠢᠭᠤᠯᠬᠤ ᠶᠢ ᠴᠢᠬᠤᠯᠠ ᠡᠭᠦᠷᠭᠡ ᠶᠢᠨ ᠨᠢᠭᠡ ᠪᠣᠯᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠬᠢᠨᠠᠮᠠᠭᠠᠶ ᠥᠷᠨᠢᠭᠦᠯᠬᠦ ᠪᠠᠷ ᠳᠠᠮᠵᠢᠭᠤᠯᠤᠨ᠂ ᠬᠥᠭᠵᠢᠯᠲᠡ ᠶᠢᠨ ᠳᠠᠯᠳᠠ ᠬᠦᠴᠦᠨ ᠲᠠᠢ ᠠᠵᠤ ᠠᠬᠤᠶᠢᠯᠠᠯ᠂ ᠣᠶᠢᠷ᠎ᠠ ᠶᠢᠨ ᠬᠤᠭᠤᠴᠠᠭᠠᠨ ᠳᠤ ᠠᠵᠢᠯ ᠡᠬᠢᠯᠡᠬᠦ ᠬᠡᠪᠴᠢᠶ᠎ᠡ ᠪᠠᠷ ᠨᠡᠯᠢᠶᠡᠳ ᠰᠠᠶᠢᠨ ᠠᠵᠤ ᠠᠬᠤᠶᠢᠯᠠᠯ ᠢ ᠰᠢᠯᠢᠨ ᠰᠣᠩᠭᠤᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠦᠢᠯᠡᠴᠢᠯᠡᠭᠡᠨ ᠤ ᠳᠡᠮᠵᠢᠯᠭᠡ᠂ ᠠᠵᠤ ᠦᠢᠯᠡᠰ ᠤᠨ ᠳᠡᠮᠵᠢᠯᠭᠡ ᠲᠠᠢ ᠤᠶᠠᠯᠳᠤᠭᠤᠯᠤᠨ᠂ ᠬᠤᠨᠤᠭ ᠪᠠᠭᠤᠳᠠᠯ ᠤᠨ ᠠᠵᠤ ᠠᠬᠤᠶᠢᠯᠠᠯ ᠢ ᠪᠤᠶᠢᠵᠢᠭᠤᠯᠬᠤ ᠶᠢ ᠰᠠᠶᠢᠲᠤᠷ ᠠᠳᠬᠤᠵᠤ᠂ ᠴᠠᠭ ᠲᠤᠬᠠᠶ ᠳᠤᠨᠢ ᠬᠡᠪᠴᠢᠶᠡᠵᠢᠯ ᠠᠴᠠ ᠳᠡᠭᠡᠭᠰᠢᠬᠢ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠵᠤ᠂ ᠬᠤᠨᠤᠭ ᠪᠠᠭᠤᠳᠠᠯ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号