︽ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠬᠤᠲᠠ ᠲᠣᠭᠤᠷᠢᠭ ᠲᠤ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠶᠢ ᠬᠤᠪᠢᠶᠠᠷᠢᠯᠠᠨ ᠨᠡᠪᠲᠡᠷᠡᠭᠦᠯᠬᠦ ᠣᠷᠣᠨ ᠪᠦᠰᠡ ᠶᠢ ᠬᠤᠪᠢᠶᠠᠷᠢᠯᠠᠬᠤ ᠲᠤᠬᠠᠶ ᠵᠠᠷᠯᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2024/12/2
   ᠨᠢᠭᠡ᠂ ᠲᠣᠭᠲᠠᠭᠠᠭᠰᠠᠨ ᠠᠬᠤᠶ ᠪᠠᠶᠢᠳᠠᠯ    ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠯᠢᠨ ᠳ᠋ᠦᠩ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠲᠠᠰᠤᠷᠠᠯᠲᠠ ᠥᠬᠡᠶ ᠰᠢᠯᠢᠳᠡᠭᠵᠢᠵᠦ᠂ ᠮᠠᠨ ᠤ ᠬᠤᠰᠢᠭᠤᠨ ᠤ 2013 ᠣᠨ ᠤ 1 ᠰᠠᠷ᠎ᠠ ᠶᠢᠨ 30 ᠤ ᠡᠳᠦᠷ ᠨᠡᠶᠢᠲᠡᠯᠡᠭᠰᠡᠨ ︽ᠭᠤᠤᠯ ᠬᠤᠲᠠ ᠲᠣᠭᠤᠷᠢᠭ ᠤᠨ ᠪᠠᠷᠠᠭ᠎ᠠ ᠲᠡᠭᠡᠭᠡᠪᠦᠷᠢᠯᠡᠬᠦ ᠮᠠᠰᠢᠨᠲᠤ ᠲᠡᠷᠭᠡ ᠨᠡᠪᠲᠡᠷᠡᠬᠦ ᠶᠢ ᠴᠠᠭᠠᠵᠠᠯᠠᠬᠤ ᠲᠤᠬᠠᠶ ᠵᠠᠷᠯᠠᠯ︾ ᠨᠢ ᠨᠢᠭᠡᠨᠲᠡ ᠣᠳᠣᠬᠠᠨ ᠤ ᠯᠢᠨᠳᠦ᠋ᠩ ᠤᠨ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠬᠥᠭᠵᠢᠯᠲᠡ ᠶᠢᠨ ᠣᠳᠣᠬᠢ ᠪᠠᠶᠢᠳᠠᠯ ᠳᠤ ᠵᠣᠬᠢᠴᠠᠬᠤ ᠥᠬᠡᠶ ᠪᠣᠯᠵᠠᠶ᠃ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠯᠢᠨᠳᠦ᠋ᠩ ᠤᠨ ᠬᠤᠲᠠ ᠲᠣᠭᠤᠷᠢᠭ ᠲᠤ ᠪᠠᠷᠠᠭ᠎ᠠ ᠶᠢᠨ ᠲᠡᠭᠡᠭᠡᠪᠦᠷᠢ ᠶᠢᠨ ᠮᠠᠰᠢᠨ ᠲᠡᠷᠭᠡ ᠨᠡᠪᠲᠡᠷᠡᠬᠦ ᠣᠷᠣᠨ ᠢ ᠬᠤᠪᠢᠶᠠᠷᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ︽ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠤᠨ ᠬᠤᠲᠠ ᠲᠣᠭᠤᠷᠢᠭ ᠲᠤ ᠪᠠᠷᠠᠭ᠎ᠠ ᠶᠢᠨ ᠲᠡᠭᠡᠭᠡᠪᠦᠷᠢ ᠶᠢᠨ ᠮᠠᠰᠢᠨ ᠲᠡᠷᠭᠡ ᠨᠡᠪᠲᠡᠷᠡᠬᠦ ᠣᠷᠣᠨ ᠢ ᠬᠤᠪᠢᠶᠠᠷᠢᠯᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃    ᠬᠤᠶᠠᠷ᠂ ᠲᠣᠭᠲᠠᠭᠠᠭᠰᠠᠨ ᠵᠣᠷᠢᠯᠭ᠎ᠠ    ᠯᠢᠨᠳᠦ᠋ᠩ ᠤᠨ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠲᠠ ᠶᠢᠨ ᠲᠣᠭᠤᠷᠢᠭ ᠤᠨ ᠪᠠᠷᠠᠭᠠᠨ ᠤ ᠲᠡᠷᠭᠡ ᠲᠣᠬᠢᠷᠠᠭᠤᠯᠤᠨ ᠬᠦᠷᠭᠡᠬᠦ ᠵᠠᠮ ᠱᠤᠭᠤᠮ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠵᠠᠮ ᠬᠠᠷᠢᠯᠴᠠᠭᠠᠨ ᠤ ᠠᠳᠡᠯ ᠢ ᠢᠳᠡᠪᠬᠢᠲᠡᠶ ᠪᠠᠷ ᠰᠡᠷᠭᠡᠶᠢᠯᠡᠨ ᠪᠠᠭᠠᠰᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠤᠨ ᠬᠤᠲᠠ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠵᠠᠷᠯᠠᠯ ᠢ ᠲᠣᠭᠲᠠᠭᠠᠪᠠ᠃    ᠭᠤᠷᠪᠠ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠃    ︽ᠵᠠᠷᠯᠠᠯ︾ ᠳᠤ ᠲᠣᠭᠲᠠᠭᠠᠭᠰᠠᠨ ᠦᠨᠳᠦᠰᠦᠯᠡᠯ ᠨᠢ ᠭᠤᠣᠯᠳᠠᠭᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠢ᠃ ᠪᠢᠴᠢᠭ ᠮᠠᠲ᠋ᠧᠷᠢᠶᠠᠯ ᠤᠨ ᠴᠦᠷᠬᠡᠯᠡᠭᠡ᠄http://www.blzq.gov.cn/zfxxgk/fdzdgknr/zfwj/202408/t20240829_2399521.html
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号