︽ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠬᠤᠲᠠ ᠲᠣᠭᠤᠷᠢᠭ ᠲᠤ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠶᠢ ᠬᠤᠪᠢᠶᠠᠷᠢᠯᠠᠨ ᠨᠡᠪᠲᠡᠷᠡᠭᠦᠯᠬᠦ ᠣᠷᠣᠨ ᠪᠦᠰᠡ ᠶᠢ ᠬᠤᠪᠢᠶᠠᠷᠢᠯᠠᠬᠤ ᠲᠤᠬᠠᠶ ᠵᠠᠷᠯᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠭᠤᠷᠪᠠ︶
ᠨᠡᠶᠢᠲᠡᠯᠡᠭᠰᠡᠨ ᠴᠠᠭ᠄
2024/12/2
   ᠲᠠᠪᠤ᠂ ᠵᠠᠮ ᠨᠡᠪᠲᠡᠷᠡᠯᠭᠡ ᠨᠢ ᠬᠢᠵᠠᠭᠠᠷᠯᠠᠭᠳᠠᠬᠤ ᠦᠭᠡᠢ ᠲᠡᠷᠭᠡ ᠬᠥᠰᠬᠡ
   ᠪᠠᠴᠢᠮ ᠡᠭᠦᠷᠭᠡ ᠭᠦᠢᠴᠡᠳᠬᠡᠵᠦ
ᠪᠠᠶᠢᠭ᠎ᠠ ᠴᠡᠷᠢᠭ ᠤᠨ ᠲᠡᠷᠭᠡ᠂ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠴᠠᠭ ᠬᠤᠭᠤᠴᠠᠭ᠎ᠠ᠂ ᠵᠠᠮ ᠤᠨ ᠬᠡᠰᠡᠭ ᠲᠤ ᠬᠢᠵᠠᠭᠠᠷᠯᠠᠭᠳᠠᠬᠤ ᠦᠭᠡᠶ᠃ ᠪᠦᠬᠦᠯᠢ ᠲᠡᠷᠭᠡᠨ ᠤ ᠤᠷᠲᠤ ᠶᠢᠨ ᠬᠡᠮᠵᠢᠶ᠎ᠡ ᠶᠢ 6 ᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠂ ᠥᠷᠭᠡᠨ ᠤ ᠬᠡᠮᠵᠢᠶ᠎ᠡ ᠶᠢ 2.2 ᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠂ ᠥᠨᠳᠥᠷ ᠤᠨ ᠬᠡᠮᠵᠢᠶ᠎ᠡ ᠶᠢ 2.8 ᠮᠧᠳ᠋ᠷ ᠠᠴᠠ ᠬᠡᠲᠦᠷᠡᠭᠦᠯᠬᠦ ᠦᠭᠡᠢ ᠳᠤᠮᠳᠠ ᠬᠡᠯᠪᠡᠷᠢ ᠶᠢᠨ ᠸᠠᠭᠤᠨ ᠤ ᠬᠡᠯᠪᠡᠷᠢ ᠶᠢᠨ ᠪᠠᠷᠠᠭᠠᠨ ᠤ ᠲᠡᠷᠭᠡ ᠨᠢ ᠬᠥᠩᠭᠡᠨ ᠬᠡᠯᠪᠡᠷᠢ ᠶᠢᠨ ᠪᠠᠷᠠᠭᠠᠨ ᠤ ᠲᠡᠷᠭᠡ ᠲᠠᠢ ᠠᠳᠠᠯᠢ ᠲᠡᠭᠰᠢ ᠪᠠᠷ ᠶᠠᠪᠤᠭᠤᠯᠤᠨ᠎ᠠ᠂ ᠲᠡᠷᠭᠡᠨ ᠤ ᠭᠠᠳᠠᠷ ᠲᠠᠯ᠎ᠠ ᠶᠢᠨ ᠬᠡᠮᠵᠢᠶ᠎ᠡ ᠨᠢ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠳᠤᠮᠳᠠ ᠬᠡᠯᠪᠡᠷᠢ ᠶᠢᠨ ᠸᠠᠭᠤᠨ ᠮᠠᠶ᠋ᠢᠭ ᠤᠨ ᠪᠠᠷᠠᠭᠠᠨ ᠤ ᠲᠡᠷᠭᠡ ᠨᠢ ᠵᠠᠷᠴᠢᠮ ᠳᠡᠭᠡᠷ᠎ᠡ ᠪᠠᠨ ᠶᠠᠪᠤᠬᠤ ᠶᠢ ᠬᠢᠵᠠᠭᠠᠷᠯᠠᠬᠤ ᠦᠭᠡᠢ᠃
   ᠵᠢᠷᠭᠤᠭ᠎ᠠ᠂ ᠬᠠᠮᠢᠶᠠᠷᠤᠯᠲᠠ ᠶᠢᠨ ᠠᠷᠭ᠎ᠠ ᠮᠠᠶ᠋ᠢᠭ
   ᠰᠢᠨᠵᠢᠯᠡᠬᠦ ᠤᠬᠠᠭᠠᠨ
ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠡᠯᠧᠺᠳ᠋ᠷᠣᠨ ᠴᠠᠭᠳᠠᠭ᠎ᠠ ᠶᠢᠨ ᠰᠡᠭᠦᠳᠡᠷᠯᠡᠨ ᠰᠡᠭᠦᠳᠡᠷᠯᠡᠬᠦ ᠰᠢᠰᠲ᠋ᠧᠮ ᠢ ᠨᠡᠮᠡᠨ ᠪᠠᠶᠢᠭᠤᠯᠬᠤ ᠪᠠᠷ ᠳᠠᠮᠵᠢᠭᠤᠯᠤᠨ᠂ ᠡᠯᠧᠺᠳ᠋ᠷᠣᠨ ᠴᠠᠭᠳᠠᠨ ᠲᠣᠭᠤᠷᠢᠵᠤ ᠦᠨ᠎ᠡ ᠬᠠᠶᠠᠯᠴᠠᠨ ᠬᠠᠮᠢᠶᠠᠷᠬᠤ ᠶᠢ ᠬᠡᠷᠡᠭᠵᠢᠭᠦᠯᠦᠨ᠎ᠡ︔ ᠴᠠᠭᠳᠠᠭᠠᠨ ᠤ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠮ ᠤᠨ ᠭᠠᠳᠠᠷᠭᠤ ᠶᠢᠨ ᠴᠠᠭᠳᠠᠨ ᠲᠣᠭᠤᠷᠢᠬᠤ ᠴᠠᠭᠳᠠᠭᠠᠨ ᠤ ᠬᠦᠴᠦᠨ ᠢ ᠨᠡᠮᠡᠭᠳᠡᠭᠦᠯᠬᠦ ᠪᠠᠷ ᠳᠠᠮᠵᠢᠭᠤᠯᠤᠨ᠂ ᠵᠠᠮ ᠨᠡᠪᠲᠡᠷᠡᠬᠦ ᠶᠢ ᠴᠠᠭᠠᠵᠠᠯᠠᠬᠤ ᠵᠠᠮ ᠤᠨ ᠬᠡᠰᠡᠭ ᠤᠨ ᠬᠠᠤᠯᠢ ᠠᠴᠠ ᠵᠥᠷᠢᠴᠡᠭᠰᠡᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠵᠠᠮ ᠤᠨ ᠰᠠᠭᠠᠳ ᠦᠭᠡᠢ ᠨᠡᠪᠲᠡᠷᠡᠬᠦ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
   
ᠳᠣᠯᠤᠭ᠎ᠠ᠂ ᠬᠡᠷᠡᠭᠵᠢᠭᠦᠯᠬᠦ ᠴᠠᠭ ᠬᠤᠭᠤᠴᠠᠭ᠎ᠠ ᠵᠢᠴᠢ ᠬᠦᠴᠦᠨ ᠲᠠᠢ ᠬᠤᠭᠤᠴᠠᠭ᠎ᠠ
   ︽ᠵᠠᠷᠯᠠᠯ︾ ᠢ 2024
ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ᠪᠢᠴᠢᠭ ᠮᠠᠲ᠋ᠧᠷᠢᠶᠠᠯ ᠤᠨ ᠴᠦᠷᠬᠡᠯᠡᠭᠡ  ᠄http://www.blzq.gov.cn/zfxxgk/fdzdgknr/zfwj/202408/t20240829_2399521.html
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号