ᠪᠠᠭᠠᠷᠢᠨ ᠵᠡᠭᠦᠨ ᠬᠤᠰᠢᠭᠤᠨ ᠤ ᠯᠢᠨᠳᠥ᠋ᠩ ᠬᠤᠲᠠ ᠲᠣᠭᠤᠷᠢᠭ ᠲᠤ ᠪᠠᠷᠠᠭ᠎ᠠ ᠵᠥᠭᠡᠭᠡᠪᠦᠷᠢᠯᠡᠬᠦ ᠮᠠᠰᠢᠨ ᠲᠡᠷᠭᠡ ᠶᠢ ᠬᠤᠪᠢᠶᠠᠷᠢᠯᠠᠨ ᠭᠠᠷᠭᠠᠬᠤ ᠭᠠᠵᠠᠷ ᠣᠷᠣᠨ ᠤ ᠲᠤᠬᠠᠢ ᠵᠠᠷᠯᠠᠯ ︵ᠭᠤᠷᠪᠠ︶
ᠨᠡᠶᠢᠲᠡᠯᠡᠭᠰᠡᠨ ᠴᠠᠭ᠄
2024/12/2
    ᠭᠤᠷᠪᠠ᠂ ᠲᠤᠭᠤᠷᠢᠨ ᠶᠠᠪᠤᠬᠤ ᠱᠤᠭᠤᠮ
   ᠶᠠᠪᠤᠬᠤ ᠶᠢ ᠬᠢᠵᠠᠭᠠᠷᠯᠠᠬᠰᠠᠨ ᠲᠡᠷᠭᠡ ᠴᠦᠮ ᠭᠠᠳᠠᠨ᠎ᠠ
ᠲᠣᠭᠤᠷᠢᠯ ᠵᠠᠮ᠂ ᠪᠠᠶᠢᠯᠢᠨ ᠱᠣᠭᠤᠮ᠂ G303 ᠱᠣᠭᠤᠮ ᠪᠠ G305 ᠱᠣᠭᠤᠮ ᠲᠣᠭᠤᠷᠢᠵᠦ ᠶᠠᠪᠤᠨ᠎ᠠ᠃
   
ᠳᠥᠷᠪᠡ᠂ ᠳᠠᠩᠰᠠᠯᠠᠭᠤᠯᠬᠤ ᠴᠤᠪᠤᠷᠠᠯ
   ᠬᠤᠰᠢᠭᠤᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ
ᠨᠢᠭᠡᠴᠡ ᠶᠢᠨ ᠲᠤᠰᠬᠠᠶ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ᠂ ᠬᠥᠯᠳᠡᠭᠡᠵᠦ ᠬᠠᠳᠠᠭᠠᠯᠠᠬᠤ ᠰᠢᠨ᠎ᠡ ᠰᠣᠷᠭᠤᠭ ᠪᠦᠲᠦᠭᠡᠭᠳᠡᠬᠦᠨ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢᠨ ᠣᠨᠴᠠᠭᠠᠶ ᠪᠠᠶᠢᠳᠠᠯ ᠠᠴᠠ ᠪᠣᠯᠵᠣ᠂ ᠦᠨᠡᠬᠡᠷ ᠴᠠᠭ ᠢ ᠬᠢᠵᠠᠭᠠᠷᠯᠠᠬᠤ᠂ ᠬᠡᠪᠴᠢᠶ᠎ᠡ ᠶᠢ ᠬᠢᠵᠠᠭᠠᠷᠯᠠᠬᠤ ᠬᠡᠪᠴᠢᠶᠡᠨ ᠳᠤ ᠶᠠᠪᠤᠬᠤ ᠴᠢᠬᠤᠯᠠᠲᠠᠶ ᠪᠠᠶᠢᠪᠠᠯ᠂ ᠡᠷᠬᠡᠪᠰᠢ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ ᠬᠦᠷᠴᠦ ᠳᠠᠩᠰᠠᠯᠠᠭᠤᠯᠬᠤ ᠬᠡᠷᠡᠭᠲᠡᠶ᠃ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠲᠡᠷᠭᠡ ᠬᠥᠰᠬᠡ ︵ᠬᠤᠭ ᠰᠢᠷᠣᠶ ᠲᠡᠭᠡᠭᠡᠪᠦᠷᠢᠯᠡᠬᠦ ᠲᠡᠷᠭᠡ ᠬᠥᠰᠬᠡ ᠪᠠᠭᠲᠠᠨ᠎ᠠ︶ ᠶᠢ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ ᠳᠠᠩᠰᠠᠯᠠᠭᠤᠯᠬᠤ ᠶᠢᠨ ᠬᠠᠮᠲᠤ᠂ ᠪᠠᠭᠠᠷᠢᠨ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠳᠠᠩᠰᠠᠯᠠᠭᠤᠯᠬᠤ ᠬᠡᠷᠡᠭᠲᠡᠶ᠃ ᠳᠠᠩᠰᠠᠯᠠᠭᠤᠯᠬᠤ ᠠᠭᠤᠯᠭ᠎ᠠ ᠳᠤ ᠲᠡᠷᠭᠡ ᠬᠥᠰᠬᠡ ᠶᠢᠨ ᠮᠡᠳᠡᠭᠡ ᠵᠠᠩᠭᠢ᠂ ᠲᠡᠷᠭᠡ ᠬᠥᠰᠬᠡ ᠶᠢᠨ ᠳᠠᠭᠠᠳᠬᠠᠯ᠂ ᠵᠢᠯᠣᠭᠤᠴᠢ ᠶᠢᠨ ᠮᠡᠳᠡᠭᠡ ᠵᠠᠩᠭᠢ᠂ ᠶᠠᠪᠤᠬᠤ ᠵᠠᠮ ᠱᠤᠭᠤᠮ ᠵᠢᠴᠢ ᠪᠠᠷᠢᠯᠭ᠎ᠠ ᠶᠢᠨ ᠬᠤᠭ ᠨᠣᠪᠰᠢ ᠭᠠᠳᠠᠭᠰᠢᠯᠠᠭᠤᠯᠬᠤ ᠭᠠᠵᠠᠷ ᠵᠡᠷᠭᠡ ᠪᠠᠭᠲᠠᠨ᠎ᠠ᠃
   ᠲᠠᠪᠤ᠂ ᠪᠤᠰᠤᠳ ᠱᠠᠭᠠᠷᠳᠠᠯᠭ᠎ᠠ
 
 ᠪᠠᠴᠢᠮ ᠡᠭᠦᠷᠭᠡ ᠭᠦᠢᠴᠡᠳᠬᠡᠵᠦ ᠪᠠᠶᠢᠭ᠎ᠠ ᠴᠡᠷᠢᠭ ᠤᠨ ᠲᠡᠷᠭᠡ᠂ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ ᠂ ᠲᠦᠷᠭᠡᠨ ᠠᠪᠤᠷᠠᠬᠤ ᠲᠡᠷᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠴᠠᠭ ᠬᠤᠭᠤᠴᠠᠭ᠎ᠠ᠂ ᠵᠠᠮ ᠤᠨ ᠬᠡᠰᠡᠭ ᠲᠤ ᠬᠢᠵᠠᠭᠠᠷᠯᠠᠭᠳᠠᠬᠤ ᠦᠭᠡᠶ᠃ ᠪᠦᠬᠦᠯᠢ ᠲᠡᠷᠭᠡᠨ ᠤ ᠤᠷᠲᠤ ᠶᠢᠨ ᠬᠡᠮᠵᠢᠶ᠎ᠡ ᠶᠢ 6 ᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠂ ᠥᠷᠭᠡᠨ ᠤ ᠬᠡᠮᠵᠢᠶ᠎ᠡ ᠶᠢ 2.2 ᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠂ ᠥᠨᠳᠥᠷ ᠤᠨ ᠬᠡᠮᠵᠢᠶ᠎ᠡ ᠶᠢ 2.8 ᠮᠧᠳ᠋ᠷ ᠠᠴᠠ ᠬᠡᠲᠦᠷᠡᠭᠦᠯᠬᠦ ᠦᠭᠡᠢ ᠳᠤᠮᠳᠠ ᠬᠡᠯᠪᠡᠷᠢ ᠶᠢᠨ ᠸᠠᠭᠤᠨ ᠤ ᠬᠡᠯᠪᠡᠷᠢ ᠶᠢᠨ ᠪᠠᠷᠠᠭᠠᠨ ᠤ ᠲᠡᠷᠭᠡ ᠨᠢ ᠬᠥᠩᠭᠡᠨ ᠬᠡᠯᠪᠡᠷᠢ ᠶᠢᠨ ᠪᠠᠷᠠᠭᠠᠨ ᠤ ᠲᠡᠷᠭᠡ ᠲᠠᠢ ᠠᠳᠠᠯᠢ ᠲᠡᠭᠰᠢ ᠪᠠᠷ ᠶᠠᠪᠤᠭᠤᠯᠤᠨ᠎ᠠ᠂ ᠲᠡᠷᠭᠡᠨ ᠤ ᠭᠠᠳᠠᠷ ᠲᠠᠯ᠎ᠠ ᠶᠢᠨ ᠬᠡᠮᠵᠢᠶ᠎ᠡ ᠨᠢ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠳᠤᠮᠳᠠ ᠬᠡᠯᠪᠡᠷᠢ ᠶᠢᠨ ᠸᠠᠭᠤᠨ ᠮᠠᠶ᠋ᠢᠭ ᠤᠨ ᠪᠠᠷᠠᠭᠠᠨ ᠤ ᠲᠡᠷᠭᠡ ᠨᠢ ᠵᠠᠷᠴᠢᠮ ᠳᠡᠭᠡᠷ᠎ᠡ ᠪᠠᠨ ᠶᠠᠪᠤᠬᠤ ᠶᠢ ᠬᠢᠵᠠᠭᠠᠷᠯᠠᠬᠤ ᠦᠭᠡᠢ᠃ ᠲᠤᠰ ᠵᠠᠷᠯᠠᠯ ᠤᠨ ᠲᠣᠭᠲᠠᠭᠠᠯ ᠢ ᠵᠥᠷᠢᠴᠡᠭᠰᠡᠨ ᠲᠡᠷᠭᠡ ᠬᠥᠰᠬᠡ ᠶᠢ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠬᠠᠷᠢᠯᠴᠠᠨ ᠳᠡᠮᠵᠢᠬᠦ ᠬᠡᠷᠡᠭᠲᠡᠶ᠃ ᠥᠷᠭᠡᠨ ᠣᠯᠠᠨ ᠬᠤᠲᠠ ᠶᠢᠨ ᠠᠷᠠᠳ ᠪᠣᠯᠤᠨ ᠮᠠᠰᠢᠨ ᠲᠡᠷᠭᠡᠨ ᠤ ᠵᠢᠯᠣᠭᠤᠴᠢ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢ ᠳᠠᠭᠠᠵᠤ᠂ ᠠᠮᠤᠷ ᠲᠦᠪᠰᠢᠨ ᠢᠶᠠᠷ ᠵᠢᠯᠣᠭᠤᠳᠴᠤ᠂ ᠪᠣᠯᠪᠠᠰᠤᠨ ᠢᠶᠠᠷ ᠭᠠᠳᠠᠭᠰᠢ ᠭᠠᠷᠴᠤ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠡᠮᠬᠢ ᠳᠢᠭᠯᠢᠮ ᠢ ᠬᠠᠮᠲᠤᠪᠠᠷ ᠪᠤᠢ ᠪᠣᠯᠭᠠᠬᠤ ᠬᠡᠷᠡᠭᠲᠡᠶ᠃
   ᠲᠤᠰ ᠵᠠᠷᠯᠠᠯ ᠢ 2024 ᠣᠨ ᠤ 9 ᠰᠠᠷ᠎ᠠ ᠶᠢᠨ 1 ᠤ
ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2013 ᠣᠨ ᠤ 1 ᠰᠠᠷ᠎ᠠ ᠶᠢᠨ 30 ᠤ ᠡᠳᠦᠷ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ ︽ᠭᠤᠣᠯ ᠬᠤᠲᠠ ᠲᠣᠭᠤᠷᠢᠭ ᠤᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠨᠡᠪᠲᠡᠷᠡᠬᠦ ᠶᠢ ᠴᠠᠭᠠᠵᠠᠯᠠᠬᠤ ᠲᠤᠬᠠᠢ ᠵᠠᠷᠯᠠᠯ︾ ᠢ ᠬᠠᠮᠲᠤ ᠳᠤᠨᠢ ᠬᠦᠴᠦᠨ ᠦᠭᠡᠢ ᠪᠣᠯᠭᠠᠪᠠ᠃
                                     ᠪᠠᠭᠠᠷᠢᠨ ᠵᠡᠭᠦᠨ ᠬᠤᠰᠢᠭᠤᠨ ᠤ ᠠᠷᠠᠳ ᠤᠨ
ᠵᠠᠰᠠᠭ ᠤᠨ ᠣᠷᠳᠣᠨ
                                         2024 ᠣᠨ ᠤ 8 ᠰᠠᠷ᠎ᠠ ᠶᠢᠨ 28 ᠤ
ᠡᠳᠦᠷ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号