2024 ᠣᠨ ᠤ 1 ᠰᠠᠷ᠎ᠠ ᠶᠢᠨ 7 ᠤ ᠡᠳᠦᠷ ᠪᠠᠭᠠᠷᠢᠨ ᠵᠡᠭᠦᠨ ᠬᠤᠰᠢᠭᠤᠨ ᠤ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ ︵ᠬᠤᠶᠠᠷ︶
ᠨᠡᠶᠢᠲᠡᠯᠡᠭᠰᠡᠨ ᠴᠠᠭ᠄
2024/12/2
    ᠳᠥᠷᠪᠡ᠂ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠡᠳᠦᠶ ᠲᠡᠳᠦᠶ ᠪᠠᠭᠤᠷᠠᠪᠠ
   
   1 - 7 ᠰᠠᠷ᠎ᠠ ᠳᠤ᠂ ᠪᠦᠬᠦ ᠬᠤᠰᠢᠭᠤᠨ ᠤ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 3.0 ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.6% ᠪᠠᠷ ᠪᠠᠭᠤᠷᠠᠪᠠ᠂ ᠡᠬᠦᠨ ᠳᠤ ᠭᠠᠶᠢᠯᠢ ᠶᠢᠨ ᠤᠷᠤᠯᠭ᠎ᠠ 1.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 13.3% ᠪᠠᠷ ᠪᠠᠭᠤᠷᠠᠪᠠ︔ ᠭᠠᠶᠢᠯᠢ ᠶᠢᠨ ᠪᠤᠰᠤ ᠤᠷᠤᠯᠭ᠎ᠠ 1.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 39% ᠶᠢ ᠡᠵᠡᠯᠡᠪᠡ᠃
   ᠲᠠᠪᠤ᠂ ᠠᠩᠬᠠᠷᠬᠤ
ᠴᠢᠬᠤᠯᠠᠲᠠᠶ ᠠᠰᠠᠭᠤᠳᠠᠯ
   ︵ᠨᠢᠭᠡ︶ ᠪᠡᠯᠡ ᠤᠷᠣᠭᠤᠯᠤᠯᠲᠠ ᠶᠢᠨ ᠦᠷᠭᠦᠯᠵᠢᠯᠡᠨ ᠨᠡᠮᠡᠭᠳᠡᠯ ᠤᠨ ᠰᠡᠯᠭᠦᠬᠦ ᠬᠦᠴᠦᠨ
ᠬᠦᠷᠦᠯᠴᠡᠬᠦ ᠦᠭᠡᠢ
   ᠨᠢᠭᠡ ᠳᠤ ᠰᠢᠨ᠎ᠡ ᠪᠠᠷ ᠨᠡᠮᠡᠭᠳᠡᠭᠰᠡᠨ ᠵᠦᠢᠯᠡᠰ ᠤᠨ ᠲᠤᠭ᠎ᠠ ᠬᠡᠮᠵᠢᠶ᠎ᠡ ᠪᠠᠭ᠎ᠠ᠃ ᠣᠳᠣᠬᠠᠨ ᠳᠤ
ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 66 ᠪᠠᠶᠢᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 9 ᠪᠠᠶᠢᠵᠤ᠂ ᠪᠥᠬᠦ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠤᠨ 13.6% ᠶᠢ ᠡᠵᠡᠯᠡᠵᠦ᠂ ᠳᠡᠭᠡᠷ᠎ᠡ ᠬᠠᠭᠠᠰ ᠵᠢᠯ ᠢ ᠡᠵᠡᠯᠡᠪᠡ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠤᠯᠭᠠᠭᠤᠷᠢᠯᠠᠯ ᠪᠠᠭᠤᠷᠠᠪᠠ᠃ 7 ᠰᠠᠷ᠎ᠠ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠥᠮᠥᠷᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠳᠡᠭᠡᠷ᠎ᠡ ᠰᠠᠷ᠎ᠠ ᠶᠢᠨ ᠬᠢ ᠠᠴᠠ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠤᠰ ᠰᠠᠷ᠎ᠠ ᠶᠢᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 11.1% ᠶᠢ ᠡᠵᠡᠯᠡᠵᠦ᠂ ᠳᠡᠭᠡᠷ᠎ᠡ ᠰᠠᠷ᠎ᠠ ᠶᠢᠨ ᠬᠢ ᠠᠴᠠ 8.4 ᠵᠠᠭᠤᠨ ᠤ ᠴᠡᠭ ᠪᠠᠭᠤᠷᠠᠪᠠ᠃
   ︵ᠬᠤᠶᠠᠷ︶ ᠠᠵᠤ ᠦᠢᠯᠡᠳᠪᠦᠷᠢ ᠳᠤ ᠰᠢᠨ᠎ᠡ ᠨᠡᠮᠡᠭᠳᠡᠯ ᠤᠨ ᠴᠢᠭ ᠢᠶᠠᠷ ᠳᠤᠲᠠᠮᠠᠭ
   ᠨᠢᠭᠡ ᠳᠤ᠂
ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠴᠥᠭᠡᠨ ᠮᠥᠷᠲᠡᠭᠡᠨ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠰᠢᠨ᠎ᠡ ᠪᠠᠷ ᠨᠡᠮᠡᠭᠳᠡᠭᠰᠡᠨ ᠦᠭᠡᠢ᠃ ᠣᠳᠣᠬᠠᠨ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠵᠥᠪᠬᠡᠨ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠨ ᠤ 4.5% ᠶᠢ ᠡᠵᠡᠯᠡᠵᠦ᠂ ᠪᠥᠬᠦ ᠬᠤᠲᠠ ᠶᠢᠨ ᠵᠢᠯ ᠳᠤ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ 30 ᠭᠠᠷᠤᠶ ᠠᠵᠤ ᠠᠬᠤᠶᠢᠯᠠᠯ ᠥᠬᠡᠶ᠂ ᠮᠠᠨ ᠤ ᠬᠤᠰᠢᠭᠤᠨ ᠤ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠥᠬᠡᠶ︔ ᠬᠤᠶᠠᠷ ᠲᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠣᠬᠤᠷ ᠬᠤᠭᠤᠴᠠᠭᠠᠨ ᠳᠤ ᠪᠡᠶᠡᠯᠡᠭᠦᠯᠬᠦ ᠶᠢᠨ ᠠᠷᠭ᠎ᠠ ᠥᠬᠡᠶ ᠪᠠᠶᠢᠨ᠎ᠠ᠃ ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ 7 ᠪᠣᠶ᠃ ᠡᠭᠦᠨ ᠳᠤ ᠶᠡᠬᠡᠩᠬᠢ ᠲᠥᠷᠥᠯ ᠵᠦᠢᠯ ᠳᠤ ᠣᠳᠣᠬᠠᠨ ᠳᠤ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠶᠢᠬᠤ ᠦᠭᠡᠢ ᠪᠤᠶᠤ ᠵᠢᠯ ᠤᠨ ᠳᠣᠲᠣᠷ᠎ᠠ ᠪᠠᠷᠢᠯᠭ᠎ᠠ ᠳᠠᠭᠤᠰᠬᠤ ᠶᠢᠨ ᠠᠷᠭ᠎ᠠ ᠦᠭᠡᠢ᠂ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ᠂ ᠭᠠᠷᠤᠯᠲᠠ ᠪᠠᠨ ᠳᠡᠭᠡᠭᠰᠢᠯᠡᠭᠦᠯᠬᠦ ᠬᠠᠷᠠᠯᠲᠠ ᠶᠢ ᠣᠬᠤᠷ ᠬᠤᠭᠤᠴᠠᠭᠠᠨ ᠳᠤ ᠪᠡᠶᠡᠯᠡᠭᠦᠯᠬᠦ ᠶᠢᠨ ᠠᠷᠭ᠎ᠠ ᠦᠭᠡᠢ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠳᠠᠷᠤᠯᠲᠠ ᠶᠢ ᠨᠡᠯᠢᠶᠡᠳ ᠶᠡᠭᠡ ᠪᠣᠯᠭᠠᠵᠤ ᠪᠠᠶᠢᠨ᠎ᠠ᠃
   ︵ᠭᠤᠷᠪᠠ︶
ᠬᠤᠨᠤᠭᠯᠠᠬᠤ ᠦᠢᠯᠡᠰ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠢ
   ᠨᠢᠭᠡ ᠳᠤ᠂ ᠬᠤᠨᠣᠭᠯᠠᠬᠤ
ᠦᠢᠯᠡᠰ ᠤᠨ ᠦᠷᠭᠦᠯᠵᠢᠯᠡᠨ ᠰᠥᠭᠡᠷᠭᠦ ᠨᠡᠮᠡᠭᠳᠡᠯ ᠭᠠᠷᠬᠤ ᠶᠢ ᠬᠢᠵᠠᠭᠠᠷᠯᠠᠨ᠎ᠠ᠃ ᠵᠢᠯ ᠤᠨ ᠡᠬᠢᠨ ᠠᠴᠠ ᠨᠠᠰᠢ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠢᠮᠠᠭᠲᠠ ᠰᠥᠬᠡᠷᠬᠦ ᠨᠡᠮᠡᠭᠳᠡᠯ ᠤᠨ ᠪᠠᠶᠢᠳᠠᠯ ᠳᠤ ᠣᠷᠣᠪᠠ︔ ᠬᠤᠶᠠᠷ ᠲᠤ᠂ ᠬᠤᠨᠣᠭᠯᠠᠬᠤ ᠦᠢᠯᠡᠰ ᠤᠨ ᠳᠠᠪᠠᠭᠤᠯᠢᠭ ᠬᠦᠴᠦᠨ ᠪᠠᠭᠤᠷᠠᠶ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠶ ᠪᠠᠶᠢᠨ᠎ᠠ᠃ ᠣᠳᠣᠬᠠᠨ ᠳᠤ ᠮᠠᠨ ᠤ ᠬᠤᠰᠢᠭᠤᠨ ᠤ ᠬᠤᠨᠣᠵᠤ ᠬᠡᠪᠲᠡᠬᠦ ᠦᠢᠯᠡᠰ ᠤᠨ ᠬᠢᠵᠠᠭᠠᠷ ᠨᠢ ᠵᠥᠪᠬᠡᠨ 2 ᠠᠵᠤ ᠠᠬᠤᠶᠢᠯᠠᠯ ᠪᠠᠶᠢᠵᠤ᠂ ᠣᠨᠴᠠ ᠵᠠᠷᠢᠮ ᠠᠵᠤ ᠠᠬᠤᠶᠢᠯᠠᠯ ᠤᠨ ᠬᠡᠯᠪᠡᠯᠵᠡᠯ ᠨᠢ ᠳᠠᠷᠤᠶ ᠪᠦᠬᠦ᠋ᠢᠯᠡ ᠬᠤᠨᠤᠭᠯᠠᠬᠤ ᠦᠢᠯᠡᠰ ᠤᠨ ᠬᠡᠯᠪᠡᠯᠵᠡᠯ ᠢ ᠠᠪᠴᠢᠷᠠᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠮᠠᠨ ᠤ ᠬᠤᠰᠢᠭᠤ ᠤᠷᠢᠳ ᠬᠤᠵᠢᠳ ᠣᠯᠠᠨ ᠤᠳᠠᠭ᠎ᠠ ᠲᠣᠮᠣ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠦᠭᠰᠡᠨ ᠪᠣᠯᠪᠠᠴᠤ ᠣᠳᠣᠬᠠᠨ ᠳᠤ ᠮᠥᠨ ᠯᠡ ᠬᠤᠨᠣᠭᠯᠠᠬᠤ ᠦᠢᠯᠡᠰ ᠤᠨ ᠰᠦᠬᠡᠷᠬᠦ ᠨᠡᠮᠡᠭᠳᠡᠯ ᠤᠨ ᠬᠠᠨᠳᠤᠰᠢ ᠶᠢ ᠬᠤᠪᠢᠷᠠᠭᠤᠯᠵᠤ ᠴᠢᠳᠠᠭᠰᠠᠨ ᠥᠬᠡᠶ᠃ ᠵᠤᠨ ᠤ ᠤᠯᠠᠷᠢᠯ ᠥᠩᠭᠡᠷᠡᠭᠰᠡᠨ ᠤ ᠳᠠᠷᠠᠭ᠎ᠠ ᠪᠠᠭᠤᠳᠠᠯ ᠤᠨ ᠣᠷᠣᠨ ᠰᠠᠭᠤᠴᠠ ᠶᠢᠨ ᠦᠢᠯᠡᠰ ᠤᠨ ᠬᠥᠭᠵᠢᠶᠡᠨ ᠲᠠᠢ ᠤᠯᠠᠷᠢᠯ ᠰᠢᠪᠲᠤᠷᠭᠠᠨ ᠠᠴᠠ ᠪᠣᠯᠵᠤ᠂ ᠬᠡᠷᠪᠡ ᠣᠨᠴᠠᠭᠠᠢ ᠨᠡᠮᠡᠭᠳᠡᠯ ᠤᠨ ᠬᠦᠴᠦᠨ ᠵᠦᠢᠯ ᠪᠤᠶᠤ ᠱᠢᠨ᠎ᠡ ᠨᠡᠮᠡᠭᠳᠡᠯ ᠤᠨ ᠴᠡᠭ ᠦᠭᠡᠢ ᠪᠣᠯ᠂ ᠳᠣᠣᠷ᠎ᠠ ᠬᠠᠭᠠᠰ ᠵᠢᠯ ᠳᠤ ᠦᠷᠭᠦᠯᠵᠢᠯᠡᠨ ᠰᠥᠭᠡᠷᠭᠦ ᠨᠡᠮᠡᠭᠳᠡᠯ ᠤᠨ ᠪᠠᠢᠳᠠᠯ ᠦᠷᠭᠦᠯᠵᠢᠯᠡᠬᠦ ᠪᠣᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号