ᠪᠠᠭᠠᠷᠢᠨ ᠵᠡᠭᠦᠨ ᠬᠤᠰᠢᠭᠤ 2024 ᠣᠨ ᠤ 1 - 8 ᠰᠠᠷ᠎ᠠ ᠶᠢᠨ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ (1)
ᠨᠡᠶᠢᠲᠡᠯᠡᠭᠰᠡᠨ ᠴᠠᠭ᠄
2024/12/2
   ᠪᠠᠭᠠᠷᠢᠨ ᠵᠡᠭᠦᠨ ᠬᠤᠰᠢᠭᠤ 2024 ᠣᠨ ᠤ 1 - 8 ᠰᠠᠷ᠎ᠠ ᠶᠢᠨ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃
   ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ
ᠲᠣᠭᠲᠠᠭᠤᠨ ᠢᠶᠠᠷ ᠨᠡᠮᠡᠭᠳᠡᠪᠡ᠃
   ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠦᠷᠭᠦᠯᠵᠢᠯᠡᠨ ᠨᠡᠯᠢᠶᠡᠳ
ᠲᠦ᠋ᠷᠭᠡᠨ ᠨᠡᠮᠡᠭᠳᠡᠪᠡ᠃ 1 - 8 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 10.6% ᠪᠠᠷ ᠨᠡᠮᠡᠭᠳᠡᠪᠡ᠃
   ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠢ ᠶᠢᠨ
ᠦᠢᠯᠡᠰ ᠤᠨ ᠡᠵᠡᠯᠡᠬᠦ ᠬᠠᠷᠢᠴᠠᠯ ᠨᠢ ᠵᠢᠭᠠᠬᠠᠨ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠠᠭᠤᠷᠠᠵᠤ ᠦᠢᠯᠡᠳᠬᠦ ᠦᠢᠯᠡᠰ ᠤᠨ ᠡᠵᠡᠯᠡᠬᠦ ᠬᠠᠷᠢᠴᠠᠯ ᠨᠢ ᠵᠢᠭᠠᠬᠠᠨ ᠥᠰᠴᠦ᠂ ᠨᠡᠮᠡᠭᠳᠡᠯ ᠤᠨ ᠬᠤᠷᠳᠤᠴᠠ ᠨᠢ ᠪᠠᠭᠤᠷᠠᠪᠠ᠃ ᠠᠭᠤᠷᠬᠠᠶ ᠮᠠᠯᠲᠠᠬᠤ ᠦᠢᠯᠡᠰ 30.8% ᠪᠠᠷ ᠨᠡᠮᠡᠭᠳᠡᠵᠦ᠂ ᠶᠡᠷᠦᠩᠬᠡᠶ ᠦᠢᠯᠡᠳᠬᠦᠨ ᠤ ᠥᠷᠲᠡᠭ ᠢ 5.9 ᠵᠠᠭᠤᠨ ᠤ ᠨᠢᠭᠡᠴᠢ ᠳᠡᠭᠡᠭᠰᠢᠯᠡᠭᠦᠯᠪᠡ︔ ᠦᠢᠯᠡᠳᠬᠦ ᠦᠢᠯᠡᠰ 4.8% ᠪᠠᠷ ᠨᠡᠮᠡᠭᠳᠡᠵᠦ᠂ ᠦᠢᠯᠡᠳᠬᠦᠨ ᠤ ᠶᠡᠷᠦᠩᠬᠡᠢ ᠥᠷᠲᠡᠭ ᠢ 3.8 ᠵᠠᠭᠤᠨ ᠤ ᠨᠢᠭᠡᠴᠢ ᠳᠡᠭᠡᠭᠰᠢᠯᠡᠭᠦᠯᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.2% ᠢᠶᠠᠷ ᠨᠡᠮᠡᠭᠳᠡᠵᠦ᠂ ᠦᠢᠯᠡᠳᠬᠦᠨ ᠤ ᠶᠡᠷᠦᠩᠬᠡᠢ ᠥᠷᠲᠡᠭ ᠢ ᠪᠠᠷᠤᠭ ᠳᠠᠶᠢᠴᠢᠯᠠᠬᠤ ᠦᠢᠯᠡᠳᠦᠯ ᠦᠭᠡᠢ ᠪᠣᠯᠪᠠ᠃
   ᠬᠤᠶᠠᠷ᠂ ᠲᠣᠭᠲᠠᠮᠠᠯ ᠬᠥᠷᠥᠩᠭᠡ ᠶᠢᠨ ᠪᠡᠯᠡ
ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠪᠡ
   1- 8  ᠳ᠋ᠤᠭᠠᠷ ᠰᠠᠷ᠎ᠠ ᠳᠤ 500 ᠲᠦᠮᠡᠨ
ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 18.3% ᠪᠠᠷ ᠨᠡᠮᠡᠭᠳᠡᠪᠡ᠃
   ᠲᠥᠷᠥᠯ ᠬᠤᠪᠢᠶᠠᠵᠤ ᠦᠵᠡᠪᠡᠯ᠂ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ
ᠣᠷᠣᠭᠤᠯᠤᠯᠲᠠ ᠶᠢᠨ ᠲᠥᠷᠥᠯ ᠵᠦᠢᠯ ᠲᠣᠭᠲᠠᠭᠤᠨ ᠢᠶᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠨᠡᠮᠡᠭᠳᠡᠯ ᠲᠦᠷᠭᠡᠳᠪᠡ᠃ 1 -  8  ᠰᠠᠷ᠎ᠠ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ 16.3% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 10.8 ᠵᠠᠭᠤᠨ ᠤ ᠨᠢᠭᠡᠴᠢ ᠳᠠᠶᠢᠴᠢᠯᠠᠪᠠ︔ 5000 - 5000 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠲᠥᠷᠥᠯ ᠵᠦᠶ᠋ᠯ ᠤᠨ ᠪᠠᠯᠠ ᠣᠷᠣᠭᠤᠯᠤᠯᠲᠠ 10.9% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 3.0 ᠵᠠᠭᠤᠨ ᠤ ᠴᠡᠭ ᠳᠠᠶᠢᠴᠢᠯᠠᠪᠠ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠶ᠋ᠯ ᠤᠨ ᠪᠠᠯᠠ ᠣᠷᠣᠭᠤᠯᠤᠯᠲᠠ 70.8% ᠪᠠᠷ ᠨᠡᠮᠡᠭᠳᠡᠵᠦ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢᠨ ᠶᠡᠷᠦᠩᠬᠡᠶ ᠲᠣᠭᠠᠨ ᠤ 9.3% ᠶᠢ ᠡᠵᠡᠯᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 4.5 % ᠪᠠᠷ ᠲᠠᠶᠢᠴᠢᠯᠠᠪᠠ᠃
   ᠠᠵᠤ ᠦᠢᠯᠡᠰ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠤᠨ
ᠬᠠᠮᠤᠭ ᠤᠨ ᠬᠦᠴᠦᠷᠬᠡᠭ ᠳᠠᠶᠢᠴᠢᠯᠠᠯᠲᠠ ᠶᠢ ᠪᠠᠲᠤᠯᠠᠵᠤ᠂ ᠨᠢᠭᠡᠳᠦᠭᠡᠷ ᠠᠵᠤ ᠦᠢᠯᠡᠰ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠨᠢᠭᠡ ᠳᠡᠭᠡᠭᠰᠢᠯᠡᠵᠦ ᠨᠢᠭᠡ ᠪᠠᠭᠤᠷᠠᠬᠤ ᠪᠣᠯᠤᠨ᠎ᠠ᠃ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠨᠡᠶᠢᠲᠡ 1.9% ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 0.3 ᠵᠠᠭᠤᠨ ᠤ ᠴᠡᠭ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠡᠶᠢᠲᠡ 80.0% ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 20.3 ᠵᠠᠭᠤᠨ ᠤ ᠨᠢᠭᠡᠴᠢ ᠨᠡᠮᠡᠭᠳᠡᠭᠦᠯᠪᠡ︔ ᠭᠤᠷᠪᠠᠳᠤᠭᠠᠷ ᠠᠵᠤ ᠦᠢᠯᠡᠰ ᠤᠨ ᠨᠡᠶᠢᠲᠡ ᠪᠡᠯᠡ ᠣᠷᠣᠭᠤᠯᠤᠯᠲᠠ 4.0% ᠪᠠᠭᠤᠷᠠᠵᠤ᠂ ᠪᠡᠯᠡ ᠣᠷᠣᠭᠤᠯᠤᠯᠲᠠ ᠶᠢ 2.3 ᠵᠠᠭᠤᠨ ᠤ ᠴᠡᠭ ᠪᠠᠭᠠᠰᠬᠠᠪᠠ᠃
   ᠭᠤᠷᠪᠠ᠂ ᠵᠠᠬ᠎ᠠ ᠳᠡᠯᠭᠡᠭᠦᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠪᠡ
   1 -
8  ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 4.1% ᠪᠠᠷ ᠨᠡᠮᠡᠭᠳᠡᠪᠡ᠃
   ᠬᠢᠵᠠᠭᠠᠷᠯᠠᠭᠰᠠᠨ ᠳᠤᠭ᠎ᠠ ᠠᠴᠠ ᠠᠪᠴᠤ ᠦᠵᠡᠪᠡᠯ᠂ ᠪᠥᠭᠡᠮ ᠢᠶᠠᠷ
ᠬᠤᠳᠠᠯᠳᠤᠬᠤ ᠦᠢᠯᠡᠰ ᠪᠠ ᠬᠤᠪᠢ ᠶᠢᠨ ᠡᠷᠦᠬᠡ ᠲᠦᠷᠭᠡᠨ ᠨᠡᠮᠡᠭᠳᠡᠵᠦ᠂ ᠬᠤᠨᠤᠭ ᠤᠨ ᠦᠢᠯᠡᠰ ᠤᠨ ᠪᠠᠭᠤᠷᠠᠬᠤ ᠬᠡᠮᠵᠢᠶ᠎ᠡ ᠪᠠᠭᠠᠰᠬᠤ ᠬᠠᠨᠳᠤᠰᠢ ᠲᠠᠢ ᠪᠠᠶᠢᠨ᠎ᠠ᠃ 1 - 8 ᠰᠠᠷ᠎ᠠ ᠳᠤ᠂ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠨᠢᠭᠡᠴᠢ ᠶᠢᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠨᠡᠶᠢᠲᠡ 16.7% ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 70.1% ᠪᠠᠷ ᠨᠡᠮᠡᠭᠳᠡᠪᠡ︔ ᠵᠢᠵᠢᠭᠯᠡᠨ ᠬᠤᠳᠠᠯᠳᠤᠭᠰᠠᠨ ᠬᠡᠮᠵᠢᠶ᠎ᠡ 22.5% ᠪᠠᠷ ᠨᠡᠮᠡᠭᠳᠡᠪᠡ︔ ᠬᠤᠨᠤᠭ ᠤᠨ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 68.1% ᠪᠠᠷ ᠪᠠᠭᠤᠷᠠᠪᠠ︔ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 12.9% ᠪᠠᠷ ᠨᠡᠮᠡᠭᠳᠡᠪᠡ︔ ᠬᠤᠪᠢ ᠶᠢᠨ ᠡᠷᠦᠬᠡ ᠶᠢᠨ ᠵᠢᠵᠢᠭᠯᠡᠨ ᠬᠤᠳᠠᠯᠳᠤᠭᠰᠠᠨ ᠲᠤᠭ᠎ᠠ 49% ᠨᠡᠮᠡᠭᠳᠡᠪᠡ᠃
   ᠳᠥᠷᠪᠡ᠂ ᠡᠳ᠋ ᠤᠨ ᠵᠠᠰᠠᠭ ᠤᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ
ᠪᠠᠶᠢᠨ᠎ᠠ
   1 - 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ
ᠲᠥᠰᠦᠪ ᠤᠨ ᠣᠷᠣᠯᠭ᠎ᠠ 3.3 ᠳ᠋ᠦᠩᠰᠢᠭᠤᠷ ᠲᠥᠭᠦᠷᠢᠭ ᠲᠤ ᠬᠦᠷᠴᠦ᠂ 10.2 % ᠢᠶᠠᠷ ᠪᠠᠭᠤᠷᠠᠪᠠ᠃
   
ᠲᠥᠷᠥᠯ ᠬᠤᠪᠢᠶᠠᠵᠤ ᠦᠵᠡᠪᠡᠯ᠂ ᠭᠠᠢᠯᠢ ᠲᠠᠲᠠᠪᠤᠷᠢ ᠶᠢᠨ ᠨᠡᠮᠡᠭᠳᠡᠯ ᠤᠨ ᠬᠤᠷᠳᠤᠴᠠ ᠳᠣᠣᠷ᠎ᠠ ᠪᠠᠢᠷᠢᠨ ᠳᠤ ᠪᠠᠢᠵᠤ᠂ ᠭᠠᠢᠯᠢ ᠶᠢᠨ ᠪᠤᠰᠤ ᠡᠵᠡᠯᠡᠬᠦ ᠬᠠᠷᠢᠴᠠᠯ ᠵᠢᠭᠠᠬᠠᠨ ᠥᠷᠭᠡᠳᠴᠡᠢ᠃ 1 - 8 ᠰᠠᠷ᠎ᠠ ᠳᠤ᠂ ᠭᠠᠶᠢᠯᠢ ᠳᠠᠳᠠᠪᠤᠷᠢ ᠶᠢᠨ ᠤᠷᠤᠯᠭ᠎ᠠ 2 ᠳ᠋ᠦᠩᠰᠢᠭᠤᠷ ᠳᠦᠬᠦᠷᠢᠭ ᠢ ᠪᠡᠶᠡᠯᠡᠬᠦᠯᠵᠤ᠂ 13.6% ᠪᠠᠷ ᠳᠤᠷᠤᠭᠰᠢᠯᠠᠪᠠ︔ ᠭᠠᠶᠢᠯᠢ ᠶᠢᠨ ᠪᠤᠰᠤ ᠤᠷᠤᠯᠭ᠎ᠠ 1.3 ᠳ᠋ᠦᠩᠰᠢᠭᠤᠷ ᠳᠦᠬᠦᠷᠢᠭ ᠢ ᠪᠡᠶᠡᠯᠡᠬᠦᠯᠵᠤ᠂ 40% ᠶᠢ ᠡᠵᠡᠯᠡᠵᠤ᠂ ᠵᠢᠯ ᠤᠨ ᠡᠬᠢᠨ ᠤ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 13.8 ᠬᠤᠪᠢ ᠳᠤᠷᠤᠭᠰᠢᠯᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号