ᠪᠠᠭᠠᠷᠢᠨ ᠵᠡᠭᠦᠨ ᠬᠤᠰᠢᠭᠤ 2024 ᠣᠨ ᠤ 1 - 8 ᠰᠠᠷ᠎ᠠ ᠶᠢᠨ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ(2)
ᠨᠡᠶᠢᠲᠡᠯᠡᠭᠰᠡᠨ ᠴᠠᠭ᠄
2024/12/2
   ᠲᠠᠪᠤ᠂ ᠠᠩᠬᠠᠷᠬᠤ ᠴᠢᠬᠤᠯᠠᠲᠠᠶ ᠠᠰᠠᠭᠤᠳᠠᠯ
   ︵ᠨᠢᠭᠡ︶ 5000 ᠲᠦᠮᠡᠨ ᠲᠥᠭᠦᠷᠢᠭ ᠠᠴᠠ ᠳᠡᠭᠡᠭᠰᠢᠬᠢ
ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠤᠯᠭᠠᠭᠤᠷᠢᠯᠠᠵᠤ ᠪᠠᠭᠤᠷᠠᠭᠤᠯᠪᠠ᠃ ᠵᠢᠯ ᠤᠨ ᠡᠬᠢᠨ ᠠᠴᠠ ᠨᠡᠱᠢ 5000 ᠲᠦᠮᠡᠨ ᠲᠥᠭᠦᠷᠢᠭ ᠠᠴᠠ ᠳᠡᠭᠡᠭᠱᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠵᠡᠯᠡᠬᠦ ᠬᠠᠷᠢᠴᠠᠯ ᠲᠠᠰᠤᠷᠠᠯᠲᠠ ᠦᠭᠡᠢ ᠪᠠᠭᠤᠷᠠᠪᠠ᠃ 1 - 8 ᠳ᠋ᠤᠭᠠᠷ ᠰᠠᠷ᠎ᠠ ᠳᠤ ᠪᠥᠬᠦ ᠬᠤᠰᠢᠭᠤᠨ ᠤ 5000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠤᠭ᠎ᠠ ᠨᠢ ᠪᠥᠬᠦ ᠪᠠᠯᠠ ᠣᠷᠣᠭᠤᠯᠤᠯᠲᠠ ᠶᠢ ᠡᠵᠡᠯᠡᠬᠦ ᠬᠠᠷᠢᠴᠠᠯ ᠨᠢ ᠳᠡᠭᠡᠷ᠎ᠡ ᠰᠠᠷ᠎ᠠ ᠶᠢᠨ ᠬᠢ ᠠᠴᠠ 2 ᠵᠠᠭᠤᠨ ᠤ ᠨᠢᠭᠡᠴᠢ ᠪᠠᠭᠤᠷᠠᠭᠤᠯᠵᠤ᠂ ᠳᠡᠭᠡᠷ᠎ᠡ ᠬᠠᠭᠠᠰ ᠵᠢᠯ ᠤᠨ ᠬᠢ ᠠᠴᠠ 3.7 ᠵᠠᠭᠤᠨ ᠤ ᠨᠢᠭᠡᠴᠢ ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 27.7 ᠵᠠᠭᠤᠨ ᠤ ᠨᠢᠭᠡᠴᠢ ᠪᠠᠭᠤᠷᠠᠪᠠ᠃
   ︵ᠬᠤᠶᠠᠷ︶ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠨᠢ ᠠᠵᠤ
ᠠᠬᠤᠶᠢᠯᠠᠯ ᠢ ᠨᠡᠯᠢᠶᠡᠳ ᠠᠷᠪᠢᠨ ᠲᠠᠲᠠᠵᠤ ᠪᠠᠶᠢᠨ᠎ᠠ᠃ 8 ᠰᠠᠷ᠎ᠠ ᠳᠤ᠂ ᠪᠦᠬᠦ ᠬᠤᠰᠢᠭᠤᠨ ᠤ 17 ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ 3 ᠢᠯᠴᠢ ᠶᠢᠨ ᠬᠦᠴᠦᠨ ᠤ ᠠᠵᠤ ᠠᠬᠤᠶᠢᠯᠠᠯ ᠤᠨ ᠤᠯᠠᠷᠢᠯ ᠤᠨ ᠴᠢᠨᠠᠷᠲᠠᠶ ᠦᠶ᠋ᠯᠡᠳᠪᠦᠷᠢᠯᠡᠯ ᠢᠶᠠᠨ ᠵᠣᠭᠰᠣᠭᠰᠠᠨ ᠠᠴᠠ ᠭᠠᠳᠠᠨ᠎ᠠ᠂ ᠬᠡᠪ ᠤᠨ ᠦᠶ᠋ᠯᠡᠳᠪᠦᠷᠢᠯᠡᠯ ᠡᠵᠡᠩᠨᠡᠯᠲᠡ ᠶᠢᠨ 14 ᠠᠵᠤ ᠠᠬᠤᠶᠢᠯᠠᠯ ᠤᠨ ᠳᠣᠲᠣᠷ᠎ᠠ 8 ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠢ ᠳᠣᠷᠣᠭᠰᠢ ᠳᠠᠶᠢᠴᠢᠯᠠᠪᠠ᠃
   ︵ᠭᠤᠷᠪᠠ︶ ᠬᠤᠨᠤᠭ ᠤᠨ ᠦᠢᠯᠡᠰ ᠤᠨ ᠰᠥᠭᠡᠷᠭᠦ
ᠨᠡᠮᠡᠭᠳᠡᠯ ᠦᠷᠭᠦᠯᠵᠢᠯᠡᠬᠦ᠃ ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤ ᠬᠢᠵᠠᠭᠠᠷᠯᠠᠭᠰᠠᠨ ᠳᠤᠭ᠎ᠠ ᠶᠢᠨ ᠦᠢᠯᠡᠰ ᠢᠮᠠᠭᠲᠠ ᠰᠥᠬᠡᠷᠬᠦ ᠪᠠᠶᠢᠳᠠᠯ ᠳᠤ ᠪᠠᠶᠢᠵᠤ᠂ 1 - 8 ᠳ᠋ᠤᠭᠠᠷ ᠰᠠᠷ᠎ᠠ ᠶᠢᠨ ᠬᠢᠵᠠᠭᠠᠷᠯᠠᠭᠰᠠᠨ ᠳᠤᠭ᠎ᠠ ᠶᠢᠨ ᠠᠵᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 68.1 % ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ 1 - 7 ᠳ᠋ᠤᠭᠠᠷ ᠰᠠᠷ᠎ᠠ ᠠᠴᠠ ᠵᠥᠪᠬᠡᠨ 1 ᠵᠠᠭᠤᠨ ᠤ ᠨᠢᠭᠡᠴᠢ ᠥᠨᠳᠥᠷ ᠪᠣᠯᠵᠠᠶ᠃ ᠬᠤᠨᠣᠭᠯᠠᠬᠤ ᠣᠢᠢᠯᠠᠰ ᠤᠨ ᠬᠦᠢᠭᠵᠢᠯ ᠪᠠᠲᠠᠷᠠᠯ ᠲᠠᠭᠤᠰᠬᠤ ᠣᠢᠶ᠎ᠡ ᠪᠠᠷ ᠳᠣᠣᠷ᠎ᠠ ᠬᠠᠭᠠᠰ ᠵᠢᠯ ᠳᠤ ᠰᠥᠭᠡᠷᠭᠦ ᠨᠠᠮᠠᠭᠲᠠᠯ ᠮᠦᠠ ᠬᠦ ᠣᠢᠷᠭᠦᠯᠵᠢᠯᠠᠭᠦ ᠪᠤᠯᠣᠨ᠎ᠠ᠃
   ᠵᠢᠷᠭᠤᠭ᠎ᠠ᠂ ᠬᠠᠮᠢᠶ᠎ᠠ ᠪᠦᠬᠦᠢ ᠰᠠᠨᠠᠭᠤᠯᠭ᠎ᠠ
   ︵ᠨᠢᠭᠡ︶
ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠨᠠᠷᠢᠨ ᠬᠠᠭᠤᠳᠠᠰᠤ ᠶᠢ ᠴᠢᠩᠭ᠎ᠠ ᠠᠩᠬᠠᠷᠴᠤ᠂ ᠠᠵᠢᠯ ᠡᠬᠢᠯᠡᠭᠦᠯᠦᠨ ᠬᠦᠮᠦᠷᠭᠡ ᠳᠤ ᠤᠷᠤᠭᠤᠯᠬᠤ ᠶᠢ ᠬᠦᠴᠦᠲᠡᠢ ᠠᠳᠬᠤᠨ᠎ᠠ
   ᠴᠢᠬᠤᠯᠠ ᠶᠡᠭᠡ ᠲᠥᠷᠥᠯ ᠵᠦᠢᠯ ᠪᠣᠯ ᠲᠣᠭᠲᠠᠮᠠᠯ
ᠬᠥᠷᠥᠩᠭᠡ ᠶᠢᠨ ᠪᠡᠯᠡ ᠣᠷᠣᠭᠤᠯᠤᠯᠲᠠ ᠶᠢᠨ ᠭᠤᠤᠯ ᠲᠤᠯᠭᠠᠭᠤᠷᠢ ᠪᠣᠯᠤᠨ᠎ᠠ᠃ ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠭᠦᠯᠦᠭᠡᠳ ᠠᠵᠢᠯ ᠡᠬᠢᠯᠡᠭᠦᠯᠦᠭᠡᠳᠦᠢ ᠪᠠᠶᠢᠬᠤ ᠰᠢᠯᠲᠠᠭᠠᠨ ᠢ ᠴᠠᠭ ᠲᠤᠬᠠᠢ ᠳᠤᠨᠢ ᠣᠶᠢᠯᠠᠭᠠᠵᠤ ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠪᠡᠯᠡ ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠳᠠᠬᠢ ᠪᠦᠲᠦᠮᠵᠢᠲᠡᠢ ᠲᠠᠲᠠᠬᠤ ᠬᠦᠴᠦᠨ ᠢ ᠪᠠᠲᠤᠯᠠᠬᠤ ᠬᠡᠷᠡᠭᠲᠡᠢ︔ ᠡᠭᠦᠨ ᠤ ᠬᠠᠮᠲᠤ ᠦᠷᠭᠦᠯᠵᠢᠯᠡᠨ ᠲᠥᠯᠥᠪᠵᠢᠭᠦᠯᠵᠦ᠂ ᠲᠤᠮᠤ ᠲᠦᠷᠦᠯ ᠵᠦᠢᠯ ᠤᠨ ᠠᠵᠢᠯ ᠡᠬᠢᠯᠡᠭᠦᠯᠵᠦ ᠨᠢᠭᠡᠳᠬᠡᠬᠦ ᠶᠢ ᠴᠢᠩᠭᠠᠳᠬᠠᠬᠤ ᠬᠡᠷᠡᠭᠲᠡᠢ᠃ ᠭᠤᠤᠯᠳᠠᠯᠭ᠎ᠠ ᠲᠠᠢ ᠲᠥᠷᠥᠯ ᠵᠦᠢᠯ ᠢ ᠲᠡᠮᠡᠴᠡᠨ ᠣᠯᠬᠤ ᠪᠠ ᠲᠥᠷᠥᠯ ᠵᠦᠢᠯ ᠪᠠᠶᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠤᠨ ᠬᠠᠮᠵᠢᠯᠴᠠᠭ᠎ᠠ ᠶᠢ ᠲᠦᠯᠬᠢᠨ ᠠᠬᠢᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠶ ᠪᠠᠷ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠣᠮᠣ ᠲᠥᠷᠥᠯ ᠵᠦᠢᠯ ᠢ ᠵᠣᠯᠭᠠᠭᠤᠯᠬᠤ ᠳᠤ ᠲᠠᠰᠤᠯᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃
   ︵ᠬᠤᠶᠠᠷ︶ ᠠᠵᠤ ᠠᠬᠤᠶᠢᠯᠠᠯ ᠤᠨ ᠠᠴᠢᠶ᠎ᠠ ᠳᠦᠭᠦᠷᠡᠩ
ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ᠃
   ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ ᠬᠢᠬᠦ᠂ ᠠᠵᠤ ᠠᠬᠤᠶᠢᠯᠠᠯ ᠤᠨ ︽
ᠰᠡᠳᠬᠢᠯ ᠤᠨ ᠳᠠᠭᠤᠨ︾ ᠢ ᠴᠤᠭᠯᠠᠭᠤᠯᠬᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠪᠠᠳᠠᠷᠠᠭᠤᠯᠬᠤ ᠶᠢ ᠴᠢᠬᠤᠯᠠᠴᠢᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠵᠠᠳᠠᠯᠤᠯᠲᠠ ᠪᠠ ᠰᠤᠳᠤᠯᠤᠨ ᠶᠠᠷᠢᠯᠴᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠦᠴᠢᠷᠳᠡᠯ ᠢ ᠣᠨᠣᠪᠴᠢᠲᠠᠢ ᠡᠷᠢᠨ ᠣᠯᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠥᠨᠳᠥᠷ᠂ ᠵᠠᠬᠢᠶᠠᠯᠠᠭ᠎ᠠ ᠶᠢᠨ ᠬᠠᠭᠤᠳᠠᠰᠤ ᠴᠥᠭᠡᠨ ᠵᠡᠷᠭᠡ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠳᠤ ᠬᠥᠳᠡᠯᠦᠩᠭᠦᠢ ᠪᠠᠷ ᠲᠤᠬᠢᠷᠠᠭᠤᠯᠤᠯᠳᠠ ᠬᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠦᠭᠦᠷᠡᠩ ᠳᠠᠭᠠᠭᠠᠴᠠ ᠲᠠᠢ ᠦᠢᠯᠡᠳᠪᠦᠷᠢᠯᠡᠯ ᠢ ᠪᠠᠲᠤᠯᠠᠨ᠎ᠠ︔ ᠡᠭᠦᠨ ᠤ ᠬᠠᠮᠲᠤ ᠠᠵᠤ ᠦᠢᠯᠡᠳᠪᠦᠷᠢ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠶᠢ ᠴᠢᠬᠤᠯᠠᠴᠢᠯᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠯᠤᠰ ᠬᠡᠳᠦ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠣᠲᠣ ᠶᠢᠨ ᠪᠠᠶᠢᠭ᠎ᠠ ᠠᠵᠤ ᠦᠢᠯᠡᠳᠪᠦᠷᠢ ᠶᠢᠨ ᠪᠦᠲᠦᠴᠡ ᠪᠠ ᠰᠠᠭᠤᠷᠢ ᠳᠤ ᠰᠠᠭᠤᠷᠢᠯᠠᠨ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠭᠤᠤᠯᠯᠠᠬᠤ ᠮᠡᠷᠭᠡᠵᠢᠯ ᠤᠨ ᠤᠨᠴᠠᠯᠢᠭᠳᠤ ᠠᠵᠤ ᠦᠢᠯᠡᠰ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠬᠤᠪᠢᠷᠠᠯᠲᠠ ᠠᠴᠠ ᠪᠣᠯᠤᠭᠰᠠᠨ ᠨᠠᠩ ᠪᠦᠲᠦᠮᠵᠢᠲᠡᠶ ᠠᠶᠤᠯ ᠲᠦᠭᠰᠢᠭᠦᠷᠢ ᠶᠢ ᠡᠰᠡᠷᠭᠦᠴᠡᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠢ᠃
   ︵ᠭᠤᠷᠪᠠ︶ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠢ ᠨᠢᠭᠡᠳᠦᠯᠲᠡᠢ ᠳᠤ
ᠣᠷᠣᠭᠤᠯᠬᠤ᠂ ᠬᠢᠵᠠᠭᠠᠷᠯᠠᠭᠰᠠᠨ ᠬᠡᠮᠵᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃
   ᠣᠳᠣ ᠪᠠᠶᠢᠭ᠎ᠠ
ᠠᠵᠤ ᠠᠬᠤᠶᠢᠯᠠᠯ ᠤᠨ ᠨᠢᠭᠡᠨᠲᠡ ᠪᠠᠶᠢᠭ᠎ᠠ ᠲᠥᠯᠥᠪᠯᠡᠭᠡ ᠶᠢᠨ ᠴᠢᠨᠠᠷᠲᠠᠶ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠤᠨ᠎ᠠ︔ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠠᠩ ᠣᠯᠠᠨ ᠪᠣᠯᠪᠠᠰᠤᠷᠠᠭᠤᠯᠤᠯ᠂ ᠬᠤᠷᠠᠯ᠂ ᠤᠬᠠᠭᠤᠯᠤᠨ ᠲᠠᠶᠢᠯᠪᠤᠷᠢᠯᠠᠬᠤ᠂ ᠵᠢᠭᠤᠯᠴᠢᠯᠠᠯ ᠵᠡᠷᠭᠡ ᠡᠬᠢ ᠪᠠᠶᠠᠯᠢᠭ ᠪᠠ ᠲᠣᠬᠢᠶᠠᠯ ᠢ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠥᠲᠥᠯᠥᠨ ᠵᠢᠯᠣᠭᠤᠳᠤᠨ᠎ᠠ︔ ᠰᠤᠷᠪᠤᠯᠵᠢᠯᠠᠨ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠤ ᠬᠤᠨᠣᠭᠯᠠᠬᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ ᠵᠢᠴᠢ ᠠᠵᠢᠯᠯᠠᠭᠠᠨ ᠤ ᠪᠠᠶᠢᠳᠠᠯ ᠢ ᠭᠦᠨᠵᠡᠭᠡᠶ ᠡᠵᠡᠮᠰᠢᠵᠦ᠂ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠬᠥᠮᠥᠷᠭᠡ ᠶᠢᠨ ᠳᠣᠲᠣᠷᠠᠬᠢ ᠭᠤᠤᠯᠳᠠᠯᠭ᠎ᠠ ᠲᠠᠢ ᠬᠠᠮᠢᠶᠠᠷᠤᠯᠲᠠ ᠳᠤ ᠣᠷᠣᠭᠤᠯᠤᠨ᠎ᠠ︔ ᠠᠵᠤ ᠠᠬᠤᠶᠢᠯᠠᠯ ᠢ ᠪᠤᠶᠢᠵᠢᠭᠤᠯᠬᠤ ᠶᠢ ᠲᠥᠯᠥᠪᠯᠡᠭᠡ ᠲᠠᠢ ᠥᠷᠨᠢᠭᠦᠯᠵᠦ᠂ ᠰᠢᠨ᠎ᠡ ᠪᠠᠷ ᠨᠡᠮᠡᠭᠳᠡᠭᠰᠡᠨ᠂ ᠳᠠᠯᠳᠠ ᠬᠦᠴᠦᠨ ᠲᠠᠢ ᠨᠢᠭᠡ ᠪᠦᠯᠦᠭ ᠠᠵᠤ ᠠᠬᠤᠶᠢᠯᠠᠯ ᠢ ᠬᠥᠳᠡᠯᠦᠩᠭᠦᠶ ᠬᠢᠨᠠᠨ ᠬᠡᠮᠵᠢᠯᠲᠡ ᠪᠠ ᠪᠤᠶᠢᠵᠢᠭᠤᠯᠬᠤ ᠨᠡᠷᠡᠰ ᠲᠤ ᠣᠷᠣᠭᠤᠯᠵᠤ᠂ ᠡᠷᠲᠡᠬᠡᠨ ᠬᠡᠪᠴᠢᠶᠡᠵᠢᠯ ᠳᠤ ᠣᠷᠣᠵᠤ ᠨᠢᠭᠡᠳᠦᠯᠲᠡᠶ ᠪᠦᠷᠢᠳᠬᠡᠬᠦ ᠶᠢ ᠠᠬᠢᠭᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号