ᠭᠤᠷᠪᠠ᠂ ᠵᠠᠬ᠎ᠠ ᠳᠡᠯᠭᠡᠭᠦᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠨ᠎ᠠ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠬᠤᠷᠰᠢᠶ᠎ᠠ ᠶᠢᠨ ᠶᠡᠷᠦᠩᠬᠡᠶ | ᠲᠤᠭ᠎ᠠ ᠲᠦᠷᠭᠡᠨ ᠨᠡᠮᠡᠭᠳᠡᠪᠡ᠃ 1 - 10 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 40.8 ᠳ᠋ᠦᠩᠰᠢᠭᠤᠷ ᠲᠥᠭᠦᠷᠢᠭ ᠲᠤ ᠬᠦᠷᠴᠦ᠂ 5. | 2% ᠢᠶᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵1.5%︶ ᠠᠴᠠ 3.7 ᠵᠠᠭᠤᠨ ᠤ | ᠨᠢᠭᠡᠴᠢ ᠥᠨᠳᠥᠷ ᠪᠣᠯᠪᠠ᠃ ᠵᠢᠵᠢᠭᠯᠡᠨ ᠬᠤᠳᠠᠯᠳᠤᠬᠤ ᠬᠢᠵᠠᠭᠠᠷ ᠲᠤᠭ᠎ᠠ ᠨᠢ ᠲᠣᠭᠲᠠᠭᠤᠨ ᠢᠶᠠᠷ ᠨᠡᠮᠡᠭᠳᠡᠵᠦ᠂ | ᠪᠥᠭᠡᠮ ᠢᠶᠠᠷ ᠬᠤᠳᠠᠯᠳᠤᠬᠤ ᠦᠢᠯᠡᠰ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠤᠨ ᠬᠤᠷᠳᠤᠴᠠ ᠨᠢ | ᠴᠥᠮ ᠪᠠᠭ᠎ᠠ ᠬᠡᠮᠵᠢᠶ᠎ᠡ ᠪᠠᠷ ᠳᠡᠭᠡᠭᠱᠢᠯᠡᠪᠡ᠃ 1-10 ᠰᠠᠷ᠎ᠠ ᠳᠤ᠂ ᠪᠦᠬᠦ ᠬᠤᠰᠢᠭᠤᠨ ᠤ ᠬᠢᠵᠠᠭᠠᠷᠯᠠᠭᠰᠠᠨ | ᠲᠤᠭ᠎ᠠ ᠠᠴᠠ ᠲᠡᠭᠡᠭᠰᠢᠬᠢ ᠨᠢᠭᠡᠴᠢ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠨᠡᠶᠢᠲᠡ 16.6% ᠨᠡᠮᠡᠭᠳᠡᠪᠡ᠃ | ᠡᠭᠦᠨ ᠳᠤ᠂ ᠪᠥᠭᠡᠮ ᠢᠶᠠᠷ ᠬᠤᠳᠠᠯᠳᠤᠬᠤ ᠦᠢᠯᠡᠰ ᠨᠢ ᠵᠢᠵᠢᠭᠯᠡᠨ ᠬᠤᠳᠠᠯᠳᠤᠭᠰᠠᠨ ᠲᠤᠭ᠎ᠠ ᠶᠢᠨ 2.4% ᠶᠢ | ᠡᠵᠡᠯᠡᠵᠦ᠂ 64.7% ᠪᠠᠷ ᠨᠡᠮᠡᠭᠳᠡᠪᠡ︔ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠵᠢᠵᠢᠭᠯᠡᠨ ᠬᠤᠳᠠᠯᠳᠤᠭᠰᠠᠨ | ᠲᠤᠭ᠎ᠠ ᠶᠢᠨ 52.9% ᠶᠢ ᠡᠵᠡᠯᠡᠵᠦ᠂ 23.6% ᠪᠠᠷ ᠨᠡᠮᠡᠭᠳᠡᠪᠡ︔ ᠬᠤᠨᠣᠭᠯᠠᠬᠤ ᠦᠢᠯᠡᠰ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠨᠢ ᠵᠢᠵᠢᠭᠯᠡᠨ ᠬᠤᠳᠠᠯᠳᠤᠭᠰᠠᠨ ᠲᠤᠭ᠎ᠠ ᠶᠢᠨ 3.7% ᠶᠢ ᠡᠵᠡᠯᠡᠵᠦ᠂ 61.5% ᠪᠠᠷ | ᠪᠠᠭᠤᠷᠠᠪᠠ︔ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠵᠢᠵᠢᠭᠯᠡᠨ | ᠬᠤᠳᠠᠯᠳᠤᠭᠰᠠᠨ ᠲᠤᠭ᠎ᠠ ᠶᠢᠨ 13.3% ᠶᠢ ᠡᠵᠡᠯᠡᠵᠦ᠂ 11.2% ᠢᠶᠠᠷ ᠨᠡᠮᠡᠭᠳᠡᠪᠡ︔ ᠬᠤᠪᠢ ᠶᠢᠨ ᠡᠷᠦᠬᠡ ᠶᠢᠨ | ᠵᠢᠵᠢᠭᠯᠡᠨ ᠬᠤᠳᠠᠯᠳᠤᠭᠰᠠᠨ ᠲᠤᠭ᠎ᠠ ᠨᠢ ᠵᠢᠵᠢᠭᠯᠡᠨ ᠬᠤᠳᠠᠯᠳᠤᠭᠰᠠᠨ ᠲᠤᠭ᠎ᠠ ᠶᠢᠨ 27.7% ᠶᠢ ᠡᠵᠡᠯᠡᠵᠦ᠂ 39. | 5% ᠪᠠᠷ ᠨᠡᠮᠡᠭᠳᠡᠪᠡ᠃ ᠳᠥᠷᠪᠡ᠂ ᠡᠳ᠋ ᠤᠨ ᠵᠠᠰᠠᠭ ᠤᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠨ᠎ᠠ | 1 - 10 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.3 | ᠳ᠋ᠦᠩᠰᠢᠭᠤᠷ ᠲᠥᠭᠦᠷᠢᠭ ᠲᠤ ᠬᠦᠷᠴᠦ᠂ 5.5% ᠪᠠᠷ ᠪᠠᠭᠤᠷᠠᠵᠤ᠂ 1 - 9 ᠰᠠᠷ᠎ᠠ ᠶᠢᠨ ᠨᠡᠮᠡᠭᠳᠡᠯ ᠤᠨ | ᠬᠤᠷᠳᠤᠴᠠ ᠠᠴᠠ 4.3 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵1. | 7% ᠠᠴᠠ 7.2 ᠵᠠᠭᠤᠨ ᠤ ᠴᠡᠭ ᠳᠤᠤᠷ᠎ᠠ ᠪᠣᠯᠪᠠ᠃ ᠪᠦᠲᠦᠴᠡ ᠶᠢᠨ ᠲᠠᠯ᠎ᠠ ᠠᠴᠠ ᠠᠪᠴᠤ ᠦᠵᠡᠪᠡᠯ᠂ | ᠭᠠᠶᠢᠯᠢ ᠲᠠᠲᠠᠪᠤᠷᠢ ᠶᠢᠨ ᠪᠠᠭᠤᠷᠠᠯᠲᠠ ᠶᠢᠨ ᠬᠡᠮᠵᠢᠶ᠎ᠡ ᠢᠯᠡᠳᠲᠡ ᠪᠠᠭᠠᠰᠴᠤ᠂ ᠭᠠᠶᠢᠯᠢ ᠶᠢᠨ ᠪᠤᠰᠤ ᠡᠵᠡᠯᠡᠬᠦ ᠬᠠᠷᠢᠴᠠᠯ | ᠦᠷᠭᠦᠯᠵᠢᠯᠡᠨ ᠪᠠᠭᠠᠰᠪᠠ᠃ 1 - 10 ᠰᠠᠷ᠎ᠠ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 2.6 ᠳ᠋ᠦᠩᠰᠢᠭᠤᠷ | ᠲᠥᠭᠦᠷᠢᠭ ᠲᠤ ᠬᠦᠷᠴᠦ᠂ 8.6% ᠪᠠᠷ ᠪᠠᠭᠤᠷᠠᠵᠤ᠂ 1 - 9 ᠰᠠᠷ᠎ᠠ ᠶᠢᠨ ᠬᠢ ᠠᠴᠠ 6.7 ᠵᠠᠭᠤᠨ ᠤ ᠨᠢᠭᠡᠴᠢ | ᠳᠡᠭᠡᠭᠰᠢᠯᠡᠵᠦ᠂ ᠪᠦᠬᠦ ᠬᠤᠳᠠ ᠶᠢᠨ ᠨᠡᠮᠡᠭᠳᠡᠯ ᠤᠨ ᠬᠤᠷᠳᠤᠴᠠ ︵-16.6%︶ ᠠᠴᠠ 8.0 ᠵᠠᠭᠤᠨ ᠤ ᠴᠡᠭ | ᠥᠨᠳᠥᠷ ᠪᠣᠯᠪᠠ︔ ᠭᠠᠶᠢᠯᠢ ᠶᠢᠨ ᠪᠤᠰᠤ ᠣᠷᠣᠯᠭ᠎ᠠ 1.7 ᠳ᠋ᠦᠩᠰᠢᠭᠤᠷ ᠲᠥᠭᠦᠷᠢᠭ ᠲᠤ ᠬᠦᠷᠴᠦ᠂ 39.3% ᠶᠢ | ᠡᠵᠡᠯᠡᠵᠦ᠂ ᠡᠨᠡ ᠨᠢ 1%-9 ᠰᠠᠷ᠎ᠠ ᠳᠤ 3 ᠵᠠᠭᠤᠨ ᠤ ᠨᠢᠭᠡᠴᠢ ᠪᠠᠭᠤᠷᠠᠵᠠᠶ᠃ ᠲᠠᠪᠤ᠂ ᠠᠩᠬᠠᠷᠬᠤ | ᠴᠢᠬᠤᠯᠠᠲᠠᠶ ᠠᠰᠠᠭᠤᠳᠠᠯ ︵ᠨᠢᠭᠡ︶ ᠬᠡᠰᠡᠭ ᠲᠥᠷᠥᠯ ᠵᠦᠢᠯ ᠠᠵᠢᠯ ᠡᠬᠢᠯᠡᠭᠡᠳᠦᠶ ᠪᠠᠶᠢᠵᠤ᠂ ᠡᠨᠡ ᠵᠢᠯ ᠪᠠᠰᠠ | ᠪᠦᠲᠦᠮᠵᠢᠲᠡᠶ ᠪᠡᠯᠡ ᠣᠷᠣᠭᠤᠯᠤᠯᠲᠠ ᠦᠭᠡᠶ ᠪᠠᠶᠢᠭᠰᠠᠭᠠᠷ᠃ ᠵᠢᠯ ᠤᠨ ᠡᠬᠢᠨ ᠠᠴᠠ ᠨᠠᠰᠢ᠂ ᠮᠠᠨ ᠤ | ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠡᠷᠦᠩᠬᠡᠶ ᠳᠡᠭᠡᠨ ᠲᠣᠭᠲᠠᠭᠤᠨ ᠢᠶᠠᠷ ᠨᠡᠮᠡᠭᠳᠡᠵᠦ᠂ | 1 - 10 ᠰᠠᠷ᠎ᠠ ᠳᠤ ᠪᠠᠯᠠ ᠣᠷᠣᠭᠤᠯᠤᠯᠲᠠ ᠳᠤ ᠪᠠᠭ᠎ᠠ ᠬᠡᠮᠵᠢᠶ᠎ᠡ ᠪᠠᠷ ᠳᠡᠭᠡᠭᠰᠢᠯᠡᠪᠡ ︵20.4% ᠪᠠᠷ ᠨᠡᠮᠡᠭᠳᠡᠪᠡ︶ | ᠃ ᠭᠡᠪᠡᠴᠦ ᠪᠥᠬᠦ ᠬᠤᠰᠢᠭᠤᠨ ᠤ ᠲᠣᠭᠲᠠᠮᠠᠯ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠵᠢᠯᠯᠠᠭᠠᠨ ᠤ | ᠠᠬᠢᠴᠠ ᠠᠴᠠ ᠦᠵᠡᠪᠡᠯ᠂ ᠮᠥᠨ ᠬᠦ ᠬᠡᠰᠡᠭ ᠲᠥᠷᠥᠯ ᠵᠦᠢᠯ ᠡᠨᠡ ᠵᠢᠯ ᠪᠦᠲᠦᠮᠵᠢᠲᠡᠶ ᠪᠡᠯᠡ ᠣᠷᠣᠭᠤᠯᠤᠯᠲᠠ | ᠪᠦᠲᠦᠭᠰᠡᠨ ᠦᠭᠡᠢ᠂ ᠦᠯᠡᠳᠡᠭᠰᠡᠨ ᠪᠡᠯᠡ ᠣᠷᠣᠭᠤᠯᠤᠯᠲᠠ ᠨᠢ ᠪᠠᠷᠤᠭ 5.5 ᠳ᠋ᠦᠩᠰᠢᠭᠤᠷ ᠲᠥᠭᠦᠷᠢᠭ ᠪᠣᠯᠤᠨ᠎ᠠ᠃ | ︵ᠬᠤᠶᠠᠷ︶ ᠬᠡᠪᠴᠢᠶᠡᠵᠢᠯ ᠠᠴᠠ ᠳᠡᠭᠡᠭᠰᠢᠬᠢ ᠨᠢᠭᠡᠴᠢ ᠶᠢᠨ ᠨᠡᠮᠡᠭᠳᠡᠯ ᠤᠨ ᠬᠡᠮᠵᠢᠶ᠎ᠡ ᠪᠠᠭ᠎ᠠ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠬᠥᠭᠵᠢᠯᠲᠡ ᠶᠢᠨ ᠨᠥᠭᠡᠴᠡ ᠬᠦᠴᠦᠨ ᠬᠦᠷᠦᠯᠴᠡᠬᠦ ᠦᠭᠡᠢ ᠪᠠᠶᠢᠨ᠎ᠠ᠃ | ᠲᠣᠰ ᠵᠢᠯ ᠳᠤ 1 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠲᠣᠰ ᠵᠢᠯ ᠳᠤ | 4000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠵᠤ ᠠᠬᠤᠶᠢᠯᠠᠯ ᠤᠨ ᠬᠤᠪᠢ ᠶᠢᠨ | ᠬᠡᠮᠵᠢᠶ᠎ᠡ ᠨᠢ ᠬᠠᠷᠢᠴᠠᠩᠭᠤᠶ ᠪᠠᠷ ᠨᠡᠯᠢᠶᠡᠳ ᠪᠠᠭ᠎ᠠ ᠪᠠᠶᠢᠵᠤ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠨᠢ ᠵᠠᠬ᠎ᠠ ᠳᠡᠯᠭᠡᠭᠦᠷ ᠤᠨ ᠬᠡᠷᠡᠭᠴᠡᠭᠡ᠂ ᠦᠢᠯᠡᠳᠪᠦᠷᠢᠯᠡᠯ ᠤᠨ ᠴᠢᠳᠠᠪᠤᠷᠢ ᠵᠡᠷᠭᠡ ᠬᠦᠴᠦᠨ ᠵᠦᠢᠯ ᠤᠨ | ᠨᠥᠯᠥᠭᠡ ᠶᠢ ᠬᠦᠷᠲᠡᠵᠦ᠂ ᠦᠢᠯᠡᠳᠬᠦᠨ ᠤ ᠥᠷᠲᠡᠭ ᠨᠢ ᠨᠡᠯᠢᠶᠡᠳ ᠥᠨᠳᠥᠷ ᠨᠡᠮᠡᠭᠳᠡᠯ ᠳᠤ ᠪᠡᠷᠬᠡ ᠪᠣᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ ︵ | ᠭᠤᠷᠪᠠ︶ ᠬᠡᠷᠡᠭᠯᠡᠭᠡᠨ ᠤ ᠵᠦᠢᠯ ᠤᠨ ᠲᠥᠷᠥᠯ ᠵᠦᠢᠯ ᠨᠢ ᠴᠥᠭᠡᠨ ᠬᠡᠰᠡᠭ ᠠᠵᠢᠯ ᠲᠥᠷᠥᠯ ᠳᠤ ᠲᠦᠱᠢᠭ ᠯᠡᠨᠡ᠃ | ᠣᠳᠣᠬᠠᠨ ᠤ ᠪᠥᠬᠦ ᠬᠤᠰᠢᠭᠤᠨ ᠤ ᠬᠢᠵᠠᠭᠠᠷᠯᠠᠭᠰᠠᠨ ᠳᠤᠭ᠎ᠠ ᠠᠴᠠ ᠠᠪᠴᠤ ᠦᠵᠡᠪᠡᠯ᠂ ᠢᠳᠡᠭᠡᠨ ᠤ ᠠᠮᠤ ᠲᠣᠰᠣ᠂ | ᠡᠮ ᠡᠮᠨᠡᠯᠭᠡ ᠶᠢᠨ ᠲᠥᠷᠥᠯ ᠭᠤᠤᠯ ᠬᠡᠷᠡᠭᠯᠡᠭᠡᠨ ᠤ ᠲᠥᠷᠥᠯ ᠬᠡᠯᠪᠡᠷᠢ ᠪᠣᠯᠤᠨ᠎ᠠ᠃ ᠡᠨᠡ ᠵᠢᠯ ᠤᠨ 1 - 10 | ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠪᠠ ᠬᠢᠲᠠᠳ | ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 12614 ᠲᠦᠮᠡᠨ ᠲᠥᠭᠦᠷᠢᠭ ᠲᠤ ᠬᠦᠷᠴᠦ | ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠬᠦ ᠵᠢᠵᠢᠭᠯᠡᠨ ᠬᠤᠳᠠᠯᠳᠤᠭᠰᠠᠨ ᠲᠤᠭ᠎ᠠ ᠶᠢᠨ 47.7% ᠶᠢ | ᠡᠵᠡᠯᠡᠵᠦ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠶ᠋ᠯ ᠤᠨ ᠪᠦᠲᠦᠴᠡ | ᠲᠠᠩ ᠴᠤᠯᠭᠤᠶ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠨᠳᠤᠰᠢ ᠶᠢ ᠨᠥᠯᠥᠭᠡᠯᠡᠬᠦ ᠰᠢᠶ᠋ᠳᠪᠦᠷᠢᠯᠡᠬᠦ ᠴᠢᠨᠠᠷᠲᠠᠶ | ᠬᠦᠴᠦᠨ ᠵᠦᠶ᠋ᠯ ᠪᠣᠯᠵᠣ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠠᠶᠢᠳᠠᠯ ᠢ ᠪᠤᠰᠤᠳᠴᠢ ᠪᠠᠷ ᠲᠤᠰᠬᠠᠬᠤ ᠳᠤ ᠠᠰᠢᠭ | ᠥᠬᠡᠶ ᠪᠣᠯᠪᠠ᠃ |