ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠪᠠᠭᠠᠷᠢᠨ ᠵᠡᠭᠦᠨ ᠬᠤᠰᠢᠭᠤᠨ ᠤ ᠠᠮᠢ ᠠᠬᠤᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠦᠷᠢᠮ ᠤᠨ ᠠᠷᠪᠠᠨ ᠵᠤᠷᠪᠤᠰ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ(ᠨᠢᠭᠡ)
ᠨᠡᠶᠢᠲᠡᠯᠡᠭᠰᠡᠨ ᠴᠠᠭ᠄
2024/12/3
   ᠵᠡᠭᠦᠨ ᠵᠠᠰᠠᠭ ᠲᠠᠷᠬᠠᠭᠠᠭᠰᠠᠨ ︹2020︺ 7 ᠳ᠋ᠤᠭᠠᠷ ᠲᠣᠭᠠᠲᠤᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠪᠠᠭᠠᠷᠢᠨ ᠵᠡᠭᠦᠨ ᠬᠤᠰᠢᠭᠤᠨ ᠤ ᠠᠮᠢ ᠠᠬᠤᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠦᠷᠢᠮ ᠤᠨ ᠠᠷᠪᠠᠨ ᠵᠤᠷᠪᠤᠰ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ    ᠡᠯ᠎ᠡ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠤᠰᠢᠭᠤᠨ ᠬᠠᠷᠢᠶ᠎ᠠ ᠬᠠᠮᠢᠶ᠎ᠠ ᠪᠦᠬᠦᠢ ᠨᠢᠭᠡᠴᠡ ᠳᠤ᠄    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠡᠳᠦᠭᠡ ︽ᠪᠠᠭᠠᠷᠢᠨ ᠵᠡᠭᠦᠨ ᠬᠤᠰᠢᠭᠤᠨ ᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠦᠷᠢᠮ ᠤᠨ ᠠᠷᠪᠠᠨ ᠵᠤᠷᠪᠤᠰ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠭᠠᠷᠠᠢ᠃    ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ     2024 ᠣᠨ ᠤ 4 ᠰᠠᠷ᠎ᠠ ᠶᠢᠨ 12 ᠤᠨ ᠡᠳᠦᠷᠪᠠᠭᠠᠷᠢᠨ ᠵᠡᠭᠦᠨ ᠬᠤᠰᠢᠭᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠷᠪᠠᠨ ᠵᠤᠷᠪᠤᠰ ᠢ ᠳᠦᠷᠢᠮᠵᠢᠭᠦᠯᠪᠡ    ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠨ ᠰᠠᠶᠢᠵᠢᠷᠠᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠦᠷᠢᠮ ᠢ ᠲᠣᠭᠲᠠᠭᠠᠪᠠ᠃ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶ᠎ᠡ    ᠪᠠᠭᠠᠷᠢᠨ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤ ᠴᠥᠮ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠪᠣᠯᠤᠨ᠎ᠠ᠃ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭ᠎ᠠ    2024 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 4 ᠰᠠᠷ᠎ᠠ ᠶᠢᠨ 30 ᠤ ᠡᠳᠦᠷ ︵ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠳᠠᠭᠤᠰᠬᠠᠬᠤ ᠴᠠᠭ︶ ᠳᠤ ᠳᠠᠬᠢᠨ ᠲᠣᠬᠢᠷᠠᠭᠤᠯᠤᠯᠲᠠ ᠬᠢᠨ᠎ᠠ᠃ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥᠯ ᠵᠦᠢᠯ    ᠦᠬᠡᠷ᠂ ᠬᠤᠨᠢ᠂ ᠮᠣᠷᠢ᠂ ᠡᠯᠵᠢᠭᠡ᠂ ᠯᠠᠭᠤᠰᠠ᠂ ᠲᠡᠮᠡᠭᠡ ᠶᠢ ᠬᠤᠷᠢᠭᠯᠠᠨ᠎ᠠ᠃ᠳᠥᠷᠪᠡ᠂ ᠲᠣᠭᠲᠠᠭᠠᠯ ᠠᠴᠠ ᠵᠥᠷᠢᠴᠡᠨ ᠰᠢᠳᠬᠡᠨ ᠲᠣᠷᠭᠠᠬᠤ    ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠬᠠᠷᠢᠭᠤᠯᠤᠭᠰᠠᠨ ᠲᠣᠭᠲᠠᠭᠠᠯ ᠠᠴᠠ ᠵᠥᠷᠢᠴᠡᠭᠰᠡᠨ ᠭᠤᠤᠯ ᠴᠣᠭᠴᠠ ᠶᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ ᠤᠯᠠᠭᠠᠨᠳᠠᠪᠠᠭ᠎ᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠯᠢᠨᠳᠦ᠋ᠩ ᠤᠨ ᠣᠶ ᠰᠢᠭᠤᠶ ᠶᠢᠨ ᠲᠠᠯᠠᠪᠠᠶ ᠠᠴᠠ ᠵᠠᠷᠯᠢᠭᠳᠠᠨ ᠵᠠᠯᠠᠷᠠᠭᠤᠯᠵᠤ ᠪᠣᠯᠣᠨ᠎ᠠ᠂ ᠬᠠᠤᠯᠢ ᠠᠴᠠ ᠵᠥᠷᠢᠴᠡᠨ ᠬᠤᠨᠢᠴᠢᠯᠠᠭᠰᠠᠨ ᠨᠢᠭᠡᠴᠢ ᠪᠦᠷᠢ ᠠᠴᠠ 120 ᠲᠥᠭᠦᠷᠢᠭ ᠤᠨ ᠵᠣᠭᠤᠰ ᠢᠶᠠᠷ ᠲᠣᠷᠭᠠᠨ᠎ᠠ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠤᠨ ᠲᠣᠭᠲᠠᠭᠠᠯ ᠢ ᠦᠨᠳᠦᠰᠦᠯᠡᠪᠡᠯ᠂ ︽ᠬᠤᠨᠢᠨ ᠨᠢᠭᠡᠴᠢ ᠨᠢ ᠨᠢᠭᠡ ᠬᠤᠨᠢ ᠪᠠᠷ ᠨᠢᠭᠡᠴᠢ ᠪᠣᠯᠭᠠᠵᠤ᠂ ᠨᠢᠭᠡ ᠬᠤᠨᠢ ᠨᠢ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠡᠯᠵᠢᠭᠡ ᠨᠢ ᠭᠤᠷᠪᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠯᠠᠭᠤᠰᠠ ᠪᠣᠯ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠲᠡᠮᠡᠭᠡ ᠶᠢ 7 ᠬᠤᠨᠢᠨ ᠨᠢᠭᠡᠴᠢ ᠲᠠᠢ ᠲᠡᠩᠴᠡᠨ᠎ᠡ᠂ ᠨᠢᠭᠡ ᠲᠡᠮᠡᠭᠡ ᠶᠢ ᠪᠠᠭᠤᠷᠠᠭᠤᠯᠤᠨ ᠰᠢᠢᠳᠪᠦᠷᠢᠯᠡᠵᠦ ᠪᠣᠯᠬᠤ ᠦᠭᠡᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号