2024 ᠣᠨ ᠤ ᠳᠡᠭᠡᠷ᠎ᠡ ᠬᠠᠭᠠᠰ ᠵᠢᠯ ᠳᠤ ᠪᠠᠭᠠᠷᠢᠨ ᠵᠡᠭᠦᠨ ᠬᠤᠰᠢᠭᠤᠨ ᠤ GDP ᠶᠢᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠣᠭᠲᠠᠭᠤᠨ ᠢᠶᠠᠷ ᠨᠡᠮᠡᠭᠳᠡᠭᠦᠯᠪᠡ(ᠨᠢᠭᠡ)
ᠨᠡᠶᠢᠲᠡᠯᠡᠭᠰᠡᠨ ᠴᠠᠭ᠄
2024/12/3
   ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 67.1 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠵᠦ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵4.9%︶ 1.9 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠣᠷᠣᠨ ᠤ ᠨᠡᠮᠡᠭᠳᠡᠯ ᠤᠨ ᠬᠤᠷᠳᠤᠴᠠ ︵6.2︶ ᠠᠴᠠ 0.6 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ︵5.0%︶ ᠠᠴᠠ 1.8 ᠵᠠᠭᠤᠨ ᠤ ᠴᠡᠭ ᠥᠨᠳᠥᠷ ᠪᠣᠯᠪᠠ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 9.0᠄ 41.2᠄ 49.8 ᠪᠣᠯᠪᠠ᠃ᠨᠢᠭᠡ᠂ ᠭᠤᠷᠪᠠᠨ ᠠᠵᠤ ᠦᠢᠯᠡᠰ ᠲᠣᠭᠲᠠᠭᠤᠨ ᠤ ᠳᠤᠮᠳᠠ ᠳᠡᠭᠡᠭᠰᠢᠯᠡᠵᠦ᠂ ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠨᠢ ᠬᠠᠮᠤᠭ ᠤᠨ ᠶᠡᠭᠡ ᠶᠤᠮ    ᠨᠢᠭᠡᠳᠦᠭᠡᠷ ᠠᠵᠤ ᠦᠢᠯᠡᠰ 6.0% ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 7.9% ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠢ 0.6 ᠵᠠᠭᠤᠨ ᠤ ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠨᠢ 11.9% ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 60.5% ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ 4.1 ᠵᠠᠭᠤᠨ ᠤ ᠬᠤᠪᠢ ᠶᠢᠨ ᠴᠡᠭ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ 3.8% ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 3. 6% ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 2.1 ᠵᠠᠭᠤᠨ ᠤ ᠨᠢᠭᠡᠴᠢ ᠨᠡᠮᠡᠭᠳᠡᠪᠡ᠃ᠬᠤᠶᠠᠷ᠂ ᠶᠢᠰᠦᠨ ᠶᠡᠭᠡ ᠠᠵᠢᠯ ᠲᠦᠷᠦᠯ ᠨᠠᠢᠮᠠ ᠨᠡᠮᠡᠭᠳᠡᠵᠦ ᠨᠢᠭᠡ ᠪᠠᠭᠤᠷᠠᠵᠤ᠂ ᠪᠠᠷᠢᠯᠭ᠎ᠠ ᠶᠢᠨ ᠦᠢᠯᠡᠰ ᠤᠨ ᠶᠡᠷᠦᠩᠬᠡᠶᠢᠯᠡᠭᠰᠡᠨ ᠪᠤᠳᠠᠳᠤ ᠬᠦᠴᠦᠨ ᠢᠯᠡᠳᠳᠡ ᠴᠢᠩᠭᠠᠷᠠᠪᠠ    ᠶᠡᠷᠦᠩᠬᠡᠶ ᠬᠡᠮᠵᠢᠶᠡᠨ ᠠᠴᠠ ᠠᠪᠴᠤ ᠦᠵᠡᠪᠡᠯ᠂ ᠠᠵᠤ ᠦᠢᠯᠡᠳᠪᠦᠷᠢ ᠶᠢᠨ ᠬᠠᠮᠤᠭ ᠤᠨ ᠶᠡᠭᠡ ᠡᠵᠡᠯᠡᠬᠦ ᠬᠠᠷᠢᠴᠠᠯ ᠢ ᠪᠠᠲᠤᠯᠠᠵᠤ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠬᠠᠮᠤᠭ ᠤᠨ ᠶᠡᠭᠡ ᠪᠠᠶᠢᠨ᠎ᠠ᠃ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠨᠢ ᠭᠠᠵᠠᠷ ᠣᠷᠣᠨ ᠤ ᠶᠡᠷᠦᠩᠬᠡᠢ ᠥᠷᠲᠡᠭ ᠤᠨ 9.4% ᠶᠢ ᠡᠵᠡᠯᠡᠨ᠎ᠡ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ 70.2% ᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 28.9% ᠶᠢ ᠡᠵᠡᠯᠡᠵᠦ ᠪᠠᠶᠢᠨ᠎ᠠ᠃ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ 29.8% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 12.3% ᠶᠢ ᠡᠵᠡᠯᠡᠵᠡᠢ᠃ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 43.9% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 21.9% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 8.4% ᠶᠢ ᠡᠵᠡᠯᠡᠵᠦ᠂ ᠮᠥᠩᠭᠦᠨ ᠭᠦᠢᠯᠭᠡᠭᠡᠨ ᠤ ᠦᠢᠯᠡᠰ ᠭᠤᠷᠪᠠᠳᠤᠭᠠᠷ ᠠᠵᠤ ᠦᠢᠯᠡᠰ ᠤᠨ 13% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 6.5% ᠶᠢ ᠡᠵᠡᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠭᠤᠷᠪᠠᠳᠤᠭᠠᠷ ᠠᠵᠤ ᠦᠢᠯᠡᠰ ᠤᠨ 12.7% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 6.3% ᠶᠢ ᠡᠵᠡᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ 10% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 2.5% ᠶᠢ ᠡᠵᠡᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 1.3% ᠶᠢ ᠡᠵᠡᠯᠡᠵᠦ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号