2024 ᠣᠨ ᠤ ᠳᠡᠭᠡᠷ᠎ᠡ ᠬᠠᠭᠠᠰ ᠵᠢᠯ ᠳᠤ ᠪᠠᠭᠠᠷᠢᠨ ᠵᠡᠭᠦᠨ ᠬᠤᠰᠢᠭᠤᠨ ᠤ GDP ᠶᠢᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠣᠭᠲᠠᠭᠤᠨ ᠢᠶᠠᠷ ᠨᠡᠮᠡᠭᠳᠡᠭᠦᠯᠪᠡ(ᠬᠤᠶᠠᠷ)
ᠨᠡᠶᠢᠲᠡᠯᠡᠭᠰᠡᠨ ᠴᠠᠭ᠄
2024/12/3
   ᠨᠡᠮᠡᠭᠳᠡᠯ ᠤᠨ ᠬᠤᠷᠳᠤᠴᠠ ᠠᠴᠠ ᠦᠵᠡᠪᠡᠯ᠂ ᠮᠥᠩᠭᠦᠨ ᠭᠦᠢᠯᠭᠡᠭᠡᠨ ᠤ ᠦᠢᠯᠡᠰ ᠠᠴᠠ ᠪᠤᠰᠤᠳ ᠠᠵᠢᠯ ᠲᠦᠷᠦᠯ ᠪᠦᠬᠦᠨ ᠢᠶᠠᠷ ᠢᠶᠠᠨ ᠵᠡᠷᠭᠡ ᠪᠠᠷ ᠬᠦᠴᠦᠯᠡᠵᠦ᠂ ᠪᠠᠷᠢᠯᠭ᠎ᠠ ᠶᠢᠨ ᠦᠢᠯᠡᠰ ᠤᠨ ᠳᠠᠶᠢᠴᠢᠯᠠᠬᠤ ᠦᠢᠯᠡᠳᠦᠯ ᠲᠤᠪᠤᠶᠢᠮ᠎ᠠ ᠪᠠᠶᠢᠨ᠎ᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ 6.1% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 0.6 ᠵᠠᠭᠤᠨ ᠤ ᠴᠡᠭ ᠳᠠᠶᠢᠴᠢᠯᠠᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 5.7% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 1.5 ᠵᠠᠭᠤᠨ ᠤ ᠴᠡᠭ ᠨᠡᠮᠡᠭᠳᠡᠭᠦᠯᠪᠡ᠃ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 31.4% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 2.6 ᠵᠠᠭᠤᠨ ᠤ ᠴᠡᠭ ᠨᠡᠮᠡᠭᠳᠡᠭᠦᠯᠪᠡ᠃ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ 3.9% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 1.1 ᠵᠠᠭᠤᠨ ᠤ ᠴᠡᠭ ᠳᠡᠭᠡᠭᠰᠢᠯᠡᠪᠡ︔ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠦᠷᠳᠡᠭ 5.8% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 0.5 ᠵᠠᠭᠤᠨ ᠤ ᠴᠡᠭ ᠳᠡᠭᠡᠭᠰᠢᠯᠡᠪᠡ︔ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ 1.1% ᠪᠠᠷ ᠪᠠᠭᠤᠷᠠᠪᠠ︔ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 3.1% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠦᠷᠳᠡᠭ 3.9% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.3% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠣᠷᠣᠨ ᠤ ᠠᠵᠤ ᠦᠢᠯᠡᠰ ᠤᠨ ᠨᠡᠮᠡᠭᠳᠡᠯ ᠦᠷᠳᠡᠭ 5.3% ᠪᠠᠷ ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 0.3% ᠪᠠᠷ ᠨᠡᠮᠡᠭᠳᠡᠬᠦ ᠶᠢ ᠳᠠᠶᠢᠴᠢᠯᠠᠪᠠ᠃ᠭᠤᠷᠪᠠ᠂ ᠠᠩᠬᠠᠷᠬᠤ ᠴᠢᠬᠤᠯᠠᠲᠠᠶ ᠠᠰᠠᠭᠤᠳᠠᠯ︵ᠨᠢᠭᠡ︶ ᠪᠡᠯᠡ ᠣᠷᠣᠭᠤᠯᠤᠭᠰᠠᠨ ᠤ ᠳᠠᠷᠠᠭᠠᠬᠢ ᠨᠡᠮᠡᠭᠳᠡᠯ ᠤᠨ ᠳᠠᠷᠤᠯᠲᠠ ᠶᠡᠭᠡ    ᠰᠢᠨ᠎ᠡ ᠪᠠᠷ ᠠᠵᠢᠯ ᠡᠬᠢᠯᠡᠭᠦᠯᠬᠦ ᠶᠡᠭᠡ ᠲᠥᠷᠥᠯ ᠵᠦᠢᠯ ᠤᠨ ᠲᠤᠭ᠎ᠠ ᠬᠡᠮᠵᠢᠶ᠎ᠡ ᠪᠠᠭ᠎ᠠ᠃ 1 - 6 ᠳ᠋ᠤᠭᠠᠷ ᠰᠠᠷ᠎ᠠ ᠳᠤ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ 44 ᠪᠠᠶᠢᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8 ᠪᠠᠶᠢᠵᠤ᠂ ᠵᠥᠪᠬᠡᠨ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠤᠨ 18 % ᠶᠢ ᠡᠵᠡᠯᠡᠪᠡ᠃ ᠤᠤᠯ ᠤᠨ ᠳᠡᠭᠡᠷ᠎ᠡ ᠬᠠᠭᠠᠰ ᠵᠢᠯ ᠳᠤ ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠭᠰᠠᠨ ᠬᠡᠰᠡᠭ ᠲᠥᠷᠥᠯ ᠵᠦᠢᠯ ᠢ ᠬᠤᠶᠢᠰᠢᠯᠠᠭᠤᠯᠵᠤ᠂ ᠴᠠᠭ ᠲᠤᠬᠠᠶ ᠳᠤᠨᠢ ᠪᠦᠲᠦᠮᠵᠢᠲᠡᠶ ᠪᠡᠯᠡ ᠣᠷᠣᠭᠤᠯᠤᠯᠲᠠ ᠶᠢ ᠪᠣᠶ ᠪᠣᠯᠭᠠᠵᠤ ᠳᠡᠶᠢᠯᠬᠦ ᠦᠭᠡᠢ᠃︵ᠬᠤᠶᠠᠷ︶ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠪᠠᠭᠤᠷᠠᠬᠤ ᠬᠠᠨᠳᠤᠰᠢ ᠲᠠᠢ ᠪᠠᠶᠢᠨ᠎ᠠ᠃    ᠳᠡᠭᠡᠷ᠎ᠡ ᠬᠠᠭᠠᠰ ᠵᠢᠯ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ ᠰᠠᠷ᠎ᠠ ᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠴᠥᠮ 10% ᠠᠴᠠ ᠳᠡᠭᠡᠭᠰᠢ ᠪᠠᠶᠢᠨ᠎ᠠ᠃ ᠭᠡᠪᠡᠴᠦ ᠬᠥᠭᠵᠢᠯᠲᠡ ᠶᠢᠨ ᠬᠠᠨᠳᠤᠰᠢ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠰᠠᠷ᠎ᠠ ᠳᠠᠷᠠᠭᠠᠯᠠᠨ ᠪᠠᠭᠤᠷᠠᠬᠤ ᠬᠠᠨᠳᠤᠰᠢ ᠲᠠᠢ ᠪᠣᠯᠵᠠᠶ᠃ ᠬᠡᠳᠦ᠋ᠢᠪᠡᠷ 2 - 5 ᠰᠠᠷ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠤᠭᠰᠠᠨ ᠪᠣᠯᠪᠠᠴᠤ ᠪᠥᠬᠦ ᠬᠤᠲᠠ ᠯᠤᠭ᠎ᠠ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠳᠡᠭᠡᠷ᠎ᠡ ᠬᠠᠭᠠᠰ ᠵᠢᠯ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠲᠠᠢ ᠲᠡᠩᠴᠡᠪᠡ᠃︵ᠭᠤᠷᠪᠠ︶ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠤᠨ ᠳᠠᠷᠤᠯᠲᠠ ᠪᠠᠭᠠᠰᠬᠤ ᠦᠭᠡᠢ    ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠣᠷᠣᠨ ᠰᠠᠭᠤᠴᠠ᠂ ᠬᠤᠭᠤᠯᠠ ᠵᠡᠷᠭᠡ ᠳᠥᠷᠪᠡᠨ ᠠᠳᠠᠯᠢ ᠪᠤᠰᠤ ᠠᠵᠢᠯ ᠲᠥᠷᠥᠯ ᠤᠨ ᠪᠣᠷᠣᠯᠠᠭᠤᠯᠭ᠎ᠠ ᠶᠢᠨ ᠪᠠᠶᠢᠳᠠᠯ ᠠᠴᠠ ᠦᠵᠡᠪᠡᠯ᠄ ᠨᠢᠭᠡ ᠳᠤ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠪᠠ᠃ ᠳᠡᠭᠡᠷ᠎ᠡ ᠬᠠᠭᠠᠰ ᠵᠢᠯ ᠳᠤ᠂ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠪᠥᠬᠦ ᠬᠤᠰᠢᠭᠤᠨ ᠤ ᠲᠠᠸᠠᠷ ᠤᠨ ᠪᠣᠷᠣᠯᠠᠭᠤᠯᠭ᠎ᠠ ᠶᠢᠨ 52% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 7.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 0.4 ᠵᠠᠭᠤᠨ ᠤ ᠴᠡᠭ ᠪᠠᠭᠤᠷᠠᠪᠠ᠃ ᠬᠤᠶᠠᠷ ᠲᠤ ᠂ ᠬᠤᠨᠤᠭ ᠤᠨ ᠦᠢᠯᠡᠰ ᠦᠷᠭᠦᠯᠵᠢᠯᠡᠨ ᠤᠷᠤᠭᠤᠳᠠᠪᠠ᠃ ᠮᠠᠨ ᠤ ᠬᠤᠰᠢᠭᠤ ᠬᠤᠨᠣᠭᠯᠠᠬᠤ ᠦᠢᠯᠡᠰ ᠤᠨ ᠨᠢᠭᠡᠴᠡ ᠶᠢᠨ ᠲᠤᠭ᠎ᠠ ᠪᠠᠭᠠᠰᠴᠦ᠂ ᠳᠡᠭᠡᠷ᠎ᠡ ᠬᠠᠭᠠᠰ ᠵᠢᠯ ᠳᠤ᠂ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ 15.4% ᠨᠡᠮᠡᠭᠳᠡᠵᠦ᠂ ᠨᠢᠭᠡᠳᠦᠭᠡᠷ ᠤᠯᠠᠷᠢᠯ ᠠᠴᠠ 4.3 ᠵᠠᠭᠤᠨ ᠤ ᠨᠢᠭᠡᠴᠢ ᠨᠡᠮᠡᠭᠳᠡᠵᠦ᠂ ᠰᠥᠭᠡᠷᠭᠦ ᠨᠡᠮᠡᠭᠳᠡᠯ ᠤᠨ ᠪᠠᠶᠢᠳᠠᠯ ᠳᠤ ᠰᠢᠪᠲᠤᠯᠤᠯᠲᠠ ᠮᠥᠨ ᠯᠡ ᠳᠠᠷᠤᠯᠲᠠ ᠪᠠᠭᠤᠷᠠᠬᠤ ᠦᠭᠡᠢ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号