ᠡᠨᠡ ᠵᠢᠯ ᠠᠴᠠ ᠨᠠᠭᠠᠰᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠨ | ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ | ᠴᠢᠨᠰᠠᠭ᠎ᠠ ᠦᠷ᠎ᠡ ᠠᠰᠢᠭ ᠢ ᠬᠤᠣᠰᠯᠠᠭᠤᠯᠬᠤ᠂ ᠲᠣᠭᠲᠠᠭᠤᠨ ᠢᠶᠠᠷ ᠨᠡᠮᠡᠭᠳᠡᠭᠦᠯᠬᠦ ᠢᠳᠡᠪᠬᠢᠲᠡᠶ ᠪᠠᠶᠢᠳᠠᠯ ᠢᠯᠡᠷᠡᠪᠡ᠃ | ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠦᠷᠭᠦᠯᠵᠢᠯᠡᠨ ᠨᠡᠮᠡᠭᠳᠡᠪᠡ᠃ 2024 ᠣᠨ ᠤ ᠡᠮᠦᠨ᠎ᠡ ᠭᠤᠷᠪᠠᠨ ᠤᠯᠠᠷᠢᠯ ᠳᠤ᠂ ᠪᠥᠬᠦ ᠬᠤᠰᠢᠭᠤᠨ ᠤ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 104.4 ᠳ᠋ᠦᠩᠰᠢᠭᠤᠷ ᠲᠥᠭᠦᠷᠢᠭ ᠲᠤ ᠬᠦᠷᠴᠦ᠂ | ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵4.3︶ 2.8 ᠵᠠᠭᠤᠨ ᠤ ᠨᠢᠭᠡᠴᠢ | ᠥᠨᠳᠥᠷ ᠪᠣᠯᠪᠠ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ | 12 ᠳ᠋ᠦᠩᠰᠢᠭᠤᠷ ᠲᠥᠭᠦᠷᠢᠭ ᠲᠤ ᠬᠦᠷᠴᠦ᠂ 5.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ | ᠨᠡᠮᠡᠭᠳᠡᠯ ᠦᠷᠳᠡᠭ 43 ᠳ᠋ᠦᠩᠰᠢᠭᠤᠷ ᠲᠥᠭᠦᠷᠢᠭ ᠲᠤ ᠬᠦᠷᠴᠦ᠂ 12.4% ᠪᠠᠷ ᠨᠡᠮᠡᠭᠳᠡᠪᠡ︔ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ 49.4 ᠳ᠋ᠦᠩᠰᠢᠭᠤᠷ ᠲᠥᠭᠦᠷᠢᠭ ᠲᠤ ᠬᠦᠷᠴᠦ᠂ 4.0% ᠢᠶᠠᠷ ᠨᠡᠮᠡᠭᠳᠡᠪᠡ᠃ | | ᠨᠢᠭᠡ᠂ ᠲᠠᠷᠢᠶᠠᠯᠠᠩ᠂ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠲᠤᠭᠲᠠᠭᠤᠨ ᠢᠶᠠᠷ ᠨᠡᠮᠡᠭᠳᠡᠵᠦ᠂ | ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠤᠭᠲᠠᠭᠤᠨ ᠪᠠᠶᠢᠪᠠ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ | ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ 17.2 ᠳ᠋ᠦᠩᠰᠢᠭᠤᠷ ᠲᠥᠭᠦᠷᠢᠭ ᠲᠤ ᠬᠦᠷᠴᠦ᠂ | 5.9% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵6.2︶ ᠠᠴᠠ 0.3 ᠵᠠᠭᠤᠨ ᠤ ᠨᠢᠭᠡᠴᠢ | ᠳᠣᠤᠷ᠎ᠠ ᠪᠣᠯᠵᠣ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 1.4 | ᠵᠠᠭᠤᠨ ᠤ ᠨᠢᠭᠡᠴᠢ ᠪᠠᠭᠠᠰᠪᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ | ᠦᠢᠯᠡᠴᠢᠯᠡᠭᠡᠨ ᠤ ᠦᠢᠯᠡᠰ ᠤᠨ ᠦᠢᠯᠡᠳᠬᠦᠨ ᠤ ᠥᠷᠲᠡᠭ ᠢ 0.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7. | 4% ᠪᠠᠷ ᠨᠡᠮᠡᠭᠳᠡᠪᠡ᠃ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠲᠦᠷᠦᠭᠦᠤ ᠭᠤᠷᠪᠠᠨ | ᠤᠯᠠᠷᠢᠯ ᠳᠤ᠂ ᠮᠢᠬᠠᠨ ᠤ ᠵᠦᠶ᠋ᠯ ᠤᠨ ᠶᠡᠷᠦᠩᠬᠡᠶ ᠭᠠᠷᠤᠯᠲᠠ 4.2 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︔ ᠵᠢᠭᠦᠷᠲᠡᠨ ᠤ ᠥᠨᠳᠡᠭᠡ ᠶᠢᠨ ᠶᠡᠷᠦᠩᠬᠡᠶ ᠭᠠᠷᠤᠯᠲᠠ 0.5 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.02% ᠢᠶᠠᠷ ᠨᠡᠮᠡᠭᠳᠡᠪᠡ︔ ᠰᠦ ᠶᠢᠨ | ᠲᠥᠷᠥᠯ ᠤᠨ ᠶᠡᠷᠦᠩᠬᠡᠶ ᠭᠠᠷᠤᠯᠲᠠ 4.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24. | 7% ᠪᠠᠷ ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠬᠦᠴᠦᠲᠡᠢ ᠪᠣᠯᠪᠠ᠃ | ᠲᠦᠷᠦᠭᠦᠦ ᠭᠤᠷᠪᠠᠨ ᠤᠯᠠᠷᠢᠯ ᠳᠤ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9.3% ᠪᠠᠷ | ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠡᠭᠡᠳᠦ ᠬᠤᠷᠳᠤᠴᠠ ᠪᠠᠷ 15.2% ᠢᠶᠠᠷ | ᠨᠡᠮᠡᠭᠳᠡᠵᠦ᠂ ᠵᠢᠯ ᠤᠨ ᠡᠬᠢᠨ ᠠᠴᠠ ᠨᠠᠭᠠᠰᠢᠬᠢ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠶᠢᠳᠠᠯ ᠪᠥᠬᠦ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 5.9 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ GDP ᠶᠢᠨ | ᠨᠡᠮᠡᠭᠳᠡᠯ ᠤᠨ ᠬᠤᠷᠳᠤᠴᠠ 8.1 ᠵᠠᠭᠤᠨ ᠤ ᠴᠡᠭ ᠥᠨᠳᠥᠷ ᠪᠣᠯᠵᠤ᠂ ᠪᠥᠬᠦ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 6.8 ᠵᠠᠭᠤᠨ ᠤ ᠴᠡᠭ | ᠥᠨᠳᠥᠷ ᠪᠣᠯᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠭᠤᠷᠪᠠᠨ ᠶᠡᠭᠡ ᠲᠥᠷᠥᠯ ᠤᠨ ᠦᠶ᠋ᠯᠡᠳᠬᠦᠨ ᠤ | ᠥᠷᠲᠡᠭ ᠠᠴᠠ ᠦᠵᠡᠪᠡᠯ᠂ ᠠᠭᠤᠷᠬᠠᠶ ᠮᠠᠯᠲᠠᠬᠤ ᠦᠶ᠋ᠯᠡᠰ ᠢ ᠬᠥᠲᠥᠯᠥᠨ ᠳᠠᠭᠠᠭᠤᠯᠵᠤ ᠨᠡᠮᠡᠭᠳᠡᠭᠦᠯᠦᠨ᠂ ᠬᠠᠮᠤᠭ ᠤᠨ | ᠴᠢᠩᠭ᠎ᠠ ᠳᠠᠶᠢᠴᠢᠯᠠᠯᠲᠠ ᠬᠠᠩᠭᠠᠵᠤ᠂ ᠦᠶ᠋ᠯᠡᠳᠬᠦ ᠦᠶ᠋ᠯᠡᠰ ᠲᠣᠭᠲᠠᠭᠤᠨ ᠢᠶᠠᠷ ᠨᠡᠮᠡᠭᠳᠡᠵᠦ᠂ ᠡᠵᠡᠯᠡᠬᠦ ᠬᠠᠷᠢᠴᠠᠯ ᠢ | ᠦᠷᠭᠦᠯᠵᠢᠯᠡᠨ ᠥᠷᠭᠡᠳᠬᠡᠪᠡ᠃ ᠠᠭᠤᠷᠬᠠᠶ ᠮᠠᠯᠲᠠᠬᠤ ᠦᠢᠯᠡᠰ ᠤᠨ ᠦᠢᠯᠡᠳᠬᠦᠨ ᠤ ᠥᠷᠲᠡᠭ ᠨᠢ ᠶᠡᠷᠦᠩᠬᠡᠶ | ᠦᠢᠯᠡᠳᠬᠦᠨ ᠤ ᠥᠷᠲᠡᠭ ᠤᠨ 22.7% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 34.9% ᠪᠠᠷ | ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠨᠡᠮᠡᠭᠳᠡᠯ ᠤᠨ ᠬᠤᠷᠳᠤᠴᠠ ᠨᠢ 14.2 ᠵᠠᠭᠤᠨ ᠤ ᠨᠢᠭᠡᠴᠢ ᠥᠨᠳᠥᠷ ᠪᠣᠯᠵᠤ᠂ | ᠶᠡᠷᠦᠩᠬᠡᠶ ᠦᠢᠯᠡᠳᠬᠦᠨ ᠤ ᠥᠷᠲᠡᠭ ᠢ 6.4 ᠵᠠᠭᠤᠨ ᠤ ᠴᠡᠭ ᠥᠨᠳᠥᠷ ᠪᠣᠯᠭᠠᠵᠤ᠂ ᠳᠡᠭᠡᠷ᠎ᠡ ᠬᠠᠭᠠᠰ | ᠵᠢᠯ ᠤᠨ ᠬᠢ ᠠᠴᠠ 2.0 ᠵᠠᠭᠤᠨ ᠤ ᠨᠢᠭᠡᠴᠢ ᠳᠡᠭᠡᠭᠰᠢᠯᠡᠪᠡ︔ ᠦᠢᠯᠡᠳᠬᠦ ᠦᠢᠯᠡᠰ ᠤᠨ ᠦᠢᠯᠡᠳᠬᠦᠨ ᠤ | ᠥᠷᠲᠡᠭ ᠨᠢ ᠶᠡᠷᠦᠩᠬᠡᠶ ᠦᠢᠯᠡᠳᠬᠦᠨ ᠤ ᠥᠷᠲᠡᠭ ᠤᠨ 75.2% ᠢ ᠡᠵᠡᠯᠡᠵᠦ᠂ ᠳᠡᠭᠡᠷ᠎ᠡ ᠬᠠᠭᠠᠰ | ᠵᠢᠯ ᠤᠨ ᠬᠢ ᠠᠴᠠ 0.9 ᠵᠠᠭᠤᠨ ᠤ ᠨᠢᠭᠡᠴᠢ ᠥᠷᠭᠡᠳᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ | ᠨᠡᠮᠡᠭᠳᠡᠵᠦ᠂ ᠦᠢᠯᠡᠳᠬᠦᠨ ᠤ ᠶᠡᠷᠦᠩᠬᠡᠶ ᠥᠷᠲᠡᠭ ᠢ 3.1 ᠵᠠᠭᠤᠨ ᠤ ᠴᠡᠭ ᠳᠡᠭᠡᠭᠰᠢᠯᠡᠪᠡ︔ ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠦᠢᠯᠡᠳᠬᠦᠨ ᠤ ᠥᠷᠲᠡᠭ ᠨᠢ ᠶᠡᠷᠦᠩᠬᠡᠶ ᠦᠢᠯᠡᠳᠬᠦᠨ ᠤ ᠥᠷᠲᠡᠭ ᠤᠨ 2.1% ᠶᠢ ᠡᠵᠡᠯᠡᠵᠦ᠂ ᠳᠡᠭᠡᠷ᠎ᠡ ᠬᠠᠭᠠᠰ | ᠵᠢᠯ ᠤᠨ ᠬᠢ ᠠᠴᠠ 0.7 ᠵᠠᠭᠤᠨ ᠤ ᠨᠢᠭᠡᠴᠢ ᠪᠠᠭᠠᠰᠪᠠ᠃ ᠠᠳᠠᠯᠢ ᠬᠤᠭᠤᠴᠠᠭᠠᠨ ᠤ ᠬᠢ ᠠᠴᠠ 0.1% ᠪᠠᠷ | ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠨᠡᠮᠡᠭᠳᠡᠯ ᠤᠨ ᠬᠤᠷᠳᠤᠴᠠ ᠠᠴᠠ 3.2 ᠵᠠᠭᠤᠨ ᠤ ᠨᠢᠭᠡᠴᠢ ᠥᠨᠳᠥᠷ ᠪᠣᠯᠵᠤ᠂ | ᠦᠢᠯᠡᠳᠬᠦᠨ ᠤ ᠶᠡᠷᠦᠩᠬᠡᠶ ᠥᠷᠲᠡᠭ ᠲᠤ ᠢᠯᠡᠳᠲᠡ ᠳᠠᠶᠢᠴᠢᠯᠠᠬᠤ ᠦᠢᠯᠡᠳᠦᠯ ᠥᠬᠡᠶ᠃ |