2024 ᠣᠨ ᠤ ᠲᠦᠷᠦᠭᠦᠤ ᠭᠤᠷᠪᠠᠨ ᠤᠯᠠᠷᠢᠯ ᠳᠤ ᠪᠠᠭᠠᠷᠢᠨ ᠵᠡᠭᠦᠨ ᠬᠤᠰᠢᠭᠤᠨ ᠤ ᠠᠵᠤ ᠠᠬᠤᠶ ᠲᠣᠭᠲᠠᠭᠤᠨ ᠢᠶᠠᠷ ᠬᠥᠭᠵᠢᠵᠦ ᠪᠠᠶᠢᠨ᠎ᠠ(ᠬᠤᠶᠠᠷ)
ᠨᠡᠶᠢᠲᠡᠯᠡᠭᠰᠡᠨ ᠴᠠᠭ᠄
2024/12/3
ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠢ ᠲᠠᠰᠤᠷᠠᠯᠲᠠ ᠦᠭᠡᠢ ᠥᠷᠭᠡᠳᠬᠡᠪᠡ    ᠲᠦᠷᠦᠭᠦᠤ ᠭᠤᠷᠪᠠᠨ ᠤᠯᠠᠷᠢᠯ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 18% ᠨᠡᠮᠡᠭᠳᠡᠵᠦ᠂ ᠪᠦᠬᠦ ᠬᠤᠲᠠ ᠶᠢᠨ ᠨᠡᠮᠡᠭᠳᠡᠯ ᠤᠨ ᠬᠤᠷᠳᠤᠴᠠ ︵10.3%︶ ᠠᠴᠠ 7.7 ᠵᠠᠭᠤᠨ ᠤ ᠴᠡᠭ ᠥᠨᠳᠥᠷ ᠪᠣᠯᠪᠠ᠃    ᠲᠥᠷᠥᠯ ᠬᠤᠪᠢᠶᠠᠵᠤ ᠦᠵᠡᠪᠡᠯ᠂ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠲᠣᠭᠲᠠᠭᠤᠨ ᠢᠶᠠᠷ ᠲᠤᠯᠭᠠᠭᠤᠷᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠠᠯᠬᠤᠮ ᠠᠯᠬᠤᠮ ᠢᠶᠠᠷ ᠥᠷᠭᠡᠳᠬᠡᠨ᠎ᠡ᠃ 500 - 5000 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠨᠢ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢᠨ ᠪᠥᠬᠦ ᠲᠣᠭᠠᠨ ᠤ 24.6% ᠶᠢ ᠡᠵᠡᠯᠡᠵᠦ᠂ 5.1% ᠪᠠᠷ ᠨᠡᠮᠡᠭᠳᠡᠨ᠂ ᠪᠠᠯᠠ ᠣᠷᠣᠭᠤᠯᠤᠯᠲᠠ ᠶᠢ ᠳᠠᠶᠢᠴᠢᠯᠠᠨ 1.4 ᠵᠠᠭᠤᠨ ᠤ ᠬᠤᠪᠢ ᠶᠢᠨ ᠴᠡᠭ ᠨᠡᠮᠡᠭᠳᠡᠪᠡ︔ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠨᠢ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢᠨ ᠶᠡᠷᠦᠩᠬᠡᠶ ᠲᠣᠭᠠᠨ ᠤ 65.7% ᠶᠢ ᠡᠵᠡᠯᠡᠵᠦ᠂ 17.2% ᠢᠶᠠᠷ ᠨᠡᠮᠡᠭᠳᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 11.4 ᠵᠠᠭᠤᠨ ᠤ ᠨᠢᠭᠡᠴᠢ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠨᠢ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢᠨ ᠶᠡᠷᠦᠩᠬᠡᠶ ᠲᠣᠭᠠᠨ ᠤ 9.7% ᠶᠢ ᠡᠵᠡᠯᠡᠵᠦ᠂ 83.6% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 5.2 ᠵᠠᠭᠤᠨ ᠤ ᠨᠢᠭᠡᠴᠢ ᠨᠡᠮᠡᠭᠳᠡᠭᠦᠯᠪᠡ᠃    ᠠᠵᠤ ᠦᠢᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠢ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠬᠡᠪᠴᠢᠶ᠎ᠡ ᠲᠣᠭᠲᠠᠭᠤᠨ ᠢᠶᠠᠷ ᠥᠷᠭᠡᠳᠪᠡ ᠃ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠨᠢ ᠪᠡᠯᠡ ᠣᠷᠣᠭᠤᠯᠤᠯᠲᠠ ᠶᠢᠨ ᠪᠦᠬᠦ ᠲᠣᠭᠠᠨ ᠤ 15.1% ᠶᠢ ᠡᠵᠡᠯᠡᠵᠦ᠂ 4.0% ᠢᠶᠠᠷ ᠪᠠᠭᠤᠷᠠᠵᠤ᠂ ᠪᠦᠬᠦ ᠪᠡᠯᠡ ᠣᠷᠣᠭᠤᠯᠤᠯᠲᠠ ᠶᠢ 0.3 ᠵᠠᠭᠤᠨ ᠤ ᠴᠡᠭ ᠨᠡᠮᠡᠭᠳᠡᠭᠦᠯᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 73.5% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 1.7% ᠪᠠᠷ ᠨᠡᠮᠡᠭᠳᠡᠭᠦᠯᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 1.8% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠶᠡᠷᠦᠩᠬᠡᠶ ᠲᠤᠭ᠎ᠠ ᠶᠢᠨ 49.4% ᠶᠢ ᠡᠵᠡᠯᠡᠵᠦ᠂ 1 - 8 ᠳ᠋ᠤᠭᠠᠷ ᠰᠠᠷ᠎ᠠ ︵47.7︶ ᠤᠨ ᠬᠢ ᠠᠴᠠ 1.7% ᠪᠠᠷ ᠳᠡᠭᠡᠭᠰᠢᠯᠡᠵᠦ᠂ ᠪᠦᠬᠦ ᠪᠡᠯᠡ ᠣᠷᠣᠭᠤᠯᠤᠯᠲᠠ ᠶᠢ 1.7% ᠪᠠᠷ ᠨᠡᠮᠡᠭᠳᠡᠭᠦᠯᠪᠡ᠃ᠳᠥᠷᠪᠡ᠂ ᠵᠠᠬ᠎ᠠ ᠳᠡᠯᠭᠡᠭᠦᠷ ᠤᠨ ᠬᠡᠷᠡᠭᠯᠡᠭᠡ ᠲᠠᠰᠤᠷᠠᠯᠲᠠ ᠥᠬᠡᠶ ᠰᠠᠶᠢᠵᠢᠷᠠᠵᠤ᠂ ᠨᠡᠶᠢᠭᠡᠮ ᠤᠨ ᠥᠴᠦᠬᠡᠨ ᠴᠦ ᠨᠡᠮᠡᠭᠳᠡᠯ ᠤᠨ ᠬᠤᠷᠳᠤᠴᠠ ᠥᠬᠡᠶ ᠪᠠᠶᠢᠬᠤ ᠶᠢ ᠦᠷᠭᠦᠯᠵᠢᠯᠡᠨ ᠪᠠᠲᠤᠯᠠᠪᠠ    ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 36.5 ᠳ᠋ᠦᠩᠰᠢᠭᠤᠷ ᠲᠥᠭᠦᠷᠢᠭ ᠲᠤ ᠬᠦᠷᠴᠦ᠂ 4.2% ᠢᠶᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 3.1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃    ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠨᠢ ᠠᠪᠴᠤ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠲᠦᠷᠭᠡᠳᠴᠦ᠂ ᠬᠥᠳᠡᠭᠡ ᠲᠣᠰᠬᠤᠨ ᠤ ᠬᠡᠷᠡᠭᠯᠡᠭᠡᠨ ᠤ ᠡᠵᠡᠯᠡᠬᠦ ᠬᠠᠷᠢᠴᠠᠯ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.6% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 1.6 ᠵᠠᠭᠤᠨ ᠤ ᠴᠡᠭ ᠳᠡᠭᠡᠭᠰᠢᠯᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.2% ᠨᠡᠮᠡᠭᠳᠡᠪᠡ᠃    ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠡᠷᠭᠢᠯᠲᠡ ᠶᠢᠨ ᠣᠷᠣᠨ ᠰᠠᠭᠤᠴᠠ ᠶᠢᠨ ᠦᠢᠯᠡᠰ ᠤᠨ ᠪᠠᠭᠤᠷᠠᠬᠤ ᠬᠡᠮᠵᠢᠶ᠎ᠡ ᠦᠷᠭᠦᠯᠵᠢᠯᠡᠨ ᠪᠠᠭᠠᠰᠴᠤ ᠪᠠᠢᠨ᠎ᠠ᠃ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠨᠢᠭᠡᠴᠢ ᠶᠢᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 16.4% ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 64.1 ᠨᠡᠮᠡᠭᠳᠡᠪᠡ︔ ᠵᠢᠵᠢᠭᠯᠡᠨ ᠬᠤᠳᠠᠯᠳᠤᠭᠰᠠᠨ ᠬᠡᠮᠵᠢᠶ᠎ᠡ 22.1 % ᠪᠠᠷ ᠨᠡᠮᠡᠭᠳᠡᠪᠡ︔ ᠬᠤᠨᠤᠭ ᠤᠨ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 63.8 % ᠪᠠᠷ ᠪᠠᠭᠤᠷᠠᠪᠠ᠂ ᠳᠡᠭᠡᠷ᠎ᠡ ᠬᠠᠭᠠᠰ ᠵᠢᠯ ᠤᠨ ᠬᠢ ᠠᠴᠠ 6.1 ᠵᠠᠭᠤᠨ ᠤ ᠴᠡᠭ ᠪᠠᠭᠠᠰᠪᠠ︔ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 12.2 % ᠢᠶᠠᠷ ᠨᠡᠮᠡᠭᠳᠡᠪᠡ︔ ᠬᠤᠪᠢ ᠶᠢᠨ ᠡᠷᠦᠬᠡ ᠶᠢᠨ ᠵᠢᠵᠢᠭᠯᠡᠨ ᠬᠤᠳᠠᠯᠳᠤᠭᠰᠠᠨ ᠲᠤᠭ᠎ᠠ 44.2 % ᠢᠶᠠᠷ ᠨᠡᠮᠡᠭᠳᠡᠪᠡ᠃ᠲᠠᠪᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠡᠭᠡᠭᠰᠢᠯᠡᠵᠦ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠨᠡᠮᠡᠭᠳᠡᠯ ᠢ ᠪᠠᠲᠤᠯᠠᠪᠠ    ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 3.9 ᠳ᠋ᠦᠩᠰᠢᠭᠤᠷ ᠲᠥᠭᠦᠷᠢᠭ ᠲᠤ ᠬᠦᠷᠴᠦ᠂ 9.8% ᠪᠠᠷ ᠪᠠᠭᠤᠷᠠᠵᠤ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵2.2︶ ᠠᠴᠠ 12 ᠵᠠᠭᠤᠨ ᠤ ᠴᠡᠭ ᠳᠤᠤᠷ᠎ᠠ ᠪᠣᠯᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 31 ᠳ᠋ᠦᠩᠰᠢᠭᠤᠷ ᠲᠥᠭᠦᠷᠢᠭ ᠪᠠᠶᠢᠵᠤ᠂ 5.9% ᠪᠠᠷ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠭᠠᠶᠢᠯᠢ ᠲᠠᠲᠠᠪᠤᠷᠢ ᠶᠢᠨ ᠬᠡᠮᠵᠢᠶ᠎ᠡ ᠦᠷᠭᠦᠯᠵᠢᠯᠡᠨ ᠳᠣᠣᠷ᠎ᠠ ᠪᠠᠢᠷᠢᠨ ᠳᠤ ᠪᠠᠢᠵᠤ᠂ ᠭᠠᠢᠯᠢ ᠶᠢᠨ ᠪᠤᠰᠤ ᠡᠵᠡᠯᠡᠬᠦ ᠬᠠᠷᠢᠴᠠᠯ ᠵᠢᠭᠠᠬᠠᠨ ᠳᠡᠭᠡᠭᠱᠢᠯᠡᠪᠡ᠃ ᠭᠠᠶᠢᠯᠢ ᠶᠢᠨ ᠣᠷᠣᠯᠭ᠎ᠠ 2.2 ᠳ᠋ᠦᠩᠰᠢᠭᠤᠷ ᠲᠥᠭᠦᠷᠢᠭ ᠲᠤ ᠬᠦᠷᠴᠦ᠂ 15.3% ᠪᠠᠭᠤᠷᠠᠵᠤ᠂ ᠪᠦᠬᠦ ᠬᠤᠲᠠ ᠶᠢᠨ ᠨᠡᠮᠡᠭᠳᠡᠯ ᠤᠨ ᠬᠤᠷᠳᠤᠴᠠ ︵-18.1%︶ ᠠᠴᠠ 2.8 ᠵᠠᠭᠤᠨ ᠤ ᠨᠢᠭᠡᠴᠢ ᠥᠨᠳᠥᠷ ᠪᠣᠯᠪᠠ︔ ᠭᠠᠶᠢᠯᠢ ᠶᠢᠨ ᠪᠤᠰᠤ ᠣᠷᠣᠯᠭ᠎ᠠ 1.6 ᠳ᠋ᠦᠩᠰᠢᠭᠤᠷ ᠲᠥᠭᠦᠷᠢᠭ ᠲᠤ ᠬᠦᠷᠴᠦ᠂ 42.3% ᠶᠢ ᠡᠵᠡᠯᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.5 ᠵᠠᠭᠤᠨ ᠤ ᠨᠢᠭᠡᠴᠢ ᠳᠡᠭᠡᠭᠰᠢᠯᠡᠵᠡᠶ᠃    ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠲᠦᠷᠭᠡᠳᠴᠦ᠂ ᠵᠠᠬ᠎ᠠ ᠳᠡᠯᠭᠡᠭᠦᠷ ᠤᠨ ᠬᠥᠭᠵᠢᠶᠡᠨᠲᠡᠶ ᠬᠡᠮᠵᠢᠶ᠎ᠡ ᠠᠯᠬᠤᠮ ᠠᠯᠬᠤᠮ ᠢᠶᠠᠷ ᠳᠡᠭᠡᠭᠰᠢᠯᠡᠪᠡ᠃ 9 ᠰᠠᠷ᠎ᠠ ᠶᠢᠨ ᠰᠡᠭᠦᠯᠴᠢ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 195.5 ᠳ᠋ᠦᠩᠰᠢᠭᠤᠷ ᠲᠥᠭᠦᠷᠢᠭ ᠲᠤ ᠬᠦᠷᠴᠦ᠂ 8.2% ᠢᠶᠠᠷ ᠨᠡᠮᠡᠭᠳᠡᠨ᠂ ᠳᠡᠭᠡᠷ᠎ᠡ ᠬᠠᠭᠠᠰ ᠵᠢᠯ ᠤᠨ ᠨᠡᠮᠡᠭᠳᠡᠯ ᠤᠨ ᠬᠤᠷᠳᠤᠴᠠ ᠠᠴᠠ 3.6 ᠵᠠᠭᠤᠨ ᠤ ᠨᠢᠭᠡᠴᠢ ᠳᠡᠭᠡᠭᠰᠢᠯᠡᠪᠡ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ 132 ᠳ᠋ᠦᠩᠰᠢᠭᠤᠷ ᠲᠥᠭᠦᠷᠢᠭ ᠲᠤ ᠬᠦᠷᠴᠦ᠂ 10.9% ᠪᠠᠷ ᠨᠡᠮᠡᠭᠳᠡᠨ᠂ ᠣᠬᠤᠷ ᠬᠤᠭᠤᠴᠠᠭᠠᠨ ᠤ ᠵᠢᠭᠡᠯᠡᠯᠭᠡ 60.5 ᠳ᠋ᠦᠩᠰᠢᠭᠤᠷ ᠲᠥᠭᠦᠷᠢᠭ ᠲᠤ ᠬᠦᠷᠴᠦ᠂ 2.0 % ᠪᠠᠷ ᠪᠠᠭᠤᠷᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号