2024 ᠣᠨ ᠤ ᠲᠦᠷᠦᠭᠦᠤ ᠭᠤᠷᠪᠠᠨ ᠤᠯᠠᠷᠢᠯ ᠳᠤ ᠪᠠᠭᠠᠷᠢᠨ ᠵᠡᠭᠦᠨ ᠬᠤᠰᠢᠭᠤᠨ ᠤ ᠠᠵᠤ ᠠᠬᠤᠶ ᠲᠣᠭᠲᠠᠭᠤᠨ ᠢᠶᠠᠷ ᠬᠥᠭᠵᠢᠵᠦ ᠪᠠᠶᠢᠨ᠎ᠠ ︵ᠭᠤᠷᠪᠠ︶
ᠨᠡᠶᠢᠲᠡᠯᠡᠭᠰᠡᠨ ᠴᠠᠭ᠄
2024/12/3
ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠪᠠ᠃    ᠵᠢᠯ ᠤᠨ ᠡᠬᠢᠨ ᠠᠴᠠ ᠨᠠᠰᠢ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠠᠴᠠ ᠲᠦᠷᠭᠡᠨ ᠪᠣᠯᠪᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18172 ᠲᠥᠭᠦᠷᠢᠭ ᠢ ᠪᠡᠶᠡᠯᠡᠭᠦᠯᠵᠦ᠂ 6.4% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ︵6.2︶ 0.2 ᠵᠠᠭᠤᠨ ᠤ ᠨᠢᠭᠡᠴᠢ ᠥᠨᠳᠥᠷ ᠪᠣᠯᠪᠠ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30228 ᠲᠥᠭᠦᠷᠢᠭ ᠪᠠᠶᠢᠵᠤ᠂ 5% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 0.6 ᠵᠠᠭᠤᠨ ᠤ ᠨᠢᠭᠡᠴᠢ ᠥᠨᠳᠥᠷ ᠪᠣᠯᠪᠠ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11457 ᠲᠥᠭᠦᠷᠢᠭ ᠪᠠᠶᠢᠵᠤ᠂ 8.3% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 7.5% ᠠᠴᠠ 0.8 ᠵᠠᠭᠤᠨ ᠤ ᠨᠢᠭᠡᠴᠢ ᠥᠨᠳᠥᠷ ᠪᠣᠯᠪᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ 3.3 ᠵᠠᠭᠤᠨ ᠤ ᠨᠢᠭᠡᠴᠢ ᠳᠠᠪᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠪᠠ᠃ᠳᠤᠯᠤᠭ᠎ᠠ᠂ ᠠᠩᠬᠠᠷᠬᠤ ᠴᠢᠬᠤᠯᠠᠲᠠᠢ ᠠᠰᠠᠭᠤᠳᠠᠯ︵ᠨᠢᠭᠡ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠳᠠᠷᠤᠯᠲᠠ ᠶᠡᠭᠡ    ᠡᠨᠡ ᠵᠢᠯ ᠠᠴᠠ ᠨᠠᠰᠢ ᠮᠠᠨ ᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠢᠮᠠᠭᠲᠠ ᠨᠡᠯᠢᠶᠡᠳ ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠢᠷᠡᠭᠡᠳᠦᠶ ᠶᠢᠨ ᠲᠥᠯᠥᠪᠯᠡᠭᠡ ᠶᠢ ᠬᠥᠮᠥᠷᠭᠡ ᠳᠤ ᠣᠷᠣᠭᠤᠯᠬᠤ ᠲᠣᠮᠣ ᠲᠥᠷᠥᠯ ᠵᠦᠢᠯ ᠤᠨ ᠲᠤᠭ᠎ᠠ ᠬᠡᠮᠵᠢᠶ᠎ᠡ ᠴᠥᠭᠡᠨ ᠪᠥᠭᠡᠳ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠢ ᠤᠤᠯ ᠤᠨ ᠲᠥᠯᠥᠪᠯᠡᠭᠡ ᠪᠠᠷ ᠬᠡᠷᠡᠭᠵᠢᠭᠦᠯᠬᠦ ᠶᠢᠨ ᠠᠷᠭ᠎ᠠ ᠥᠬᠡᠶ ᠨᠥᠯᠥᠭᠡ ᠪᠠᠷ᠂ ᠢᠷᠡᠭᠡᠳᠦᠶ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃︵ᠬᠤᠶᠠᠷ︶ ᠬᠡᠪᠴᠢᠶᠡᠵᠢᠯ ᠠᠴᠠ ᠳᠡᠭᠡᠭᠰᠢᠬᠢ ᠦᠶ᠋ᠯᠡᠳᠬᠦᠨ ᠤ ᠦᠶ᠋ᠯᠡᠳᠬᠦᠨ ᠤ ᠥᠷᠲᠡᠭ ᠢᠯᠡᠳᠲᠡ ᠪᠠᠭᠤᠷᠠᠪᠠ    ᠬᠡᠳᠦ᠋ᠢᠪᠡᠷ ᠲᠦᠷᠦᠭᠦᠤ ᠭᠤᠷᠪᠠᠨ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠡᠯᠢᠶᠡᠳ ᠥᠨᠳᠥᠷ ᠨᠡᠮᠡᠭᠳᠡᠯ ᠲᠠᠢ ︵15.2%︶ ᠢ ᠪᠡᠶᠡᠯᠡᠭᠦᠯᠦᠭᠰᠡᠨ ᠪᠣᠯᠪᠠᠴᠤ ᠮᠠᠨ ᠤ ᠬᠤᠰᠢᠭᠤᠨ ᠤ 17 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠪᠠᠶᠢᠳᠠᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ 34.9% ᠨᠡᠮᠡᠭᠳᠡᠵᠦ᠂ ᠦᠢᠯᠡᠳᠬᠦ ᠦᠢᠯᠡᠰ 7.8% ᠨᠡᠮᠡᠭᠳᠡᠨ᠂ ᠳᠡᠭᠡᠷ᠎ᠡ ᠬᠠᠭᠠᠰ ᠵᠢᠯ ᠤᠨ ᠬᠢ ᠠᠴᠠ 9.8 ᠵᠠᠭᠤᠨ ᠤ ᠴᠡᠭ ᠪᠠᠭᠤᠷᠠᠵᠤ᠂ ᠦᠢᠯᠡᠳᠬᠦᠨ ᠤ ᠶᠡᠷᠦᠩᠬᠡᠶ ᠥᠷᠲᠡᠭ ᠲᠤ ᠦᠵᠡᠭᠦᠯᠬᠦ ᠳᠠᠶᠢᠴᠢᠯᠠᠬᠤ ᠦᠢᠯᠡᠳᠦᠯ ᠢᠯᠡᠳᠲᠡ ᠪᠠᠭᠤᠷᠠᠪᠠ᠃︵ᠭᠤᠷᠪᠠ︶ ᠭᠤᠣᠯ ᠪᠣᠯᠬᠤ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠪᠠ    ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ 48.2 ᠳ᠋ᠦᠩᠰᠢᠭᠤᠷ ᠲᠥᠭᠦᠷᠢᠭ ᠲᠤ ᠬᠦᠷᠴᠦ᠂ 4.7% ᠪᠠᠷ ᠨᠡᠮᠡᠭᠳᠡᠪᠡ᠃ ᠭᠡᠪᠡᠴᠦ ᠭᠤᠷᠪᠠᠳᠤᠭᠠᠷ ᠤᠯᠠᠷᠢᠯ ᠤᠨ ᠡᠯ᠎ᠡ ᠰᠠᠷ᠎ᠠ ᠶᠢᠨ ᠬᠠᠨᠳᠤᠰᠢ ᠠᠴᠠ ᠦᠵᠡᠪᠡᠯ᠂ ᠬᠠᠮᠤᠭ ᠤᠨ ᠶᠡᠭᠡ ᠵᠢᠵᠢᠭᠯᠡᠨ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠡᠵᠡᠯᠡᠬᠦ ᠬᠠᠨᠳᠤᠰᠢ ᠲᠠᠢ ᠪᠠᠶᠢᠨ᠎ᠠ᠃ ᠰᠤᠯᠠ ᠪᠠᠷ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠲᠦᠷᠦᠭᠦᠦ ᠭᠤᠷᠪᠠᠨ ᠤᠯᠠᠷᠢᠯ ᠳᠤ 5.4% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 1.9 ᠵᠠᠭᠤᠨ ᠤ ᠴᠡᠭ ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 2.3 ᠵᠠᠭᠤᠨ ᠤ ᠴᠡᠭ ᠪᠠᠭᠤᠷᠠᠵᠠᠢ᠃ᠨᠠᠢᠮᠠ᠂ ᠬᠠᠮᠢᠶ᠎ᠠ ᠪᠦᠬᠦᠢ ᠰᠠᠨᠠᠭᠤᠯᠭ᠎ᠠ︵ᠨᠢᠭᠡ︶ ᠨᠠᠷᠢᠨ ᠳᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠤᠭᠤᠯᠤᠯᠲᠠ ᠶᠢ ᠲᠤᠭ᠎ᠠ ᠶᠣᠰᠣᠭᠠᠷ᠂ ᠳᠠᠪᠠᠭᠤᠯᠤᠨ ᠪᠡᠶᠡᠯᠡᠭᠦᠯᠬᠦ ᠶᠢ ᠪᠠᠲᠤᠯᠠᠨ᠎ᠠ    ᠤᠯᠠᠷᠢᠯ ᠤᠨ ᠦᠶᠡᠯᠡᠯ ᠤᠨ ᠣᠨᠴᠠᠯᠢᠭ ᠠᠴᠠ ᠪᠣᠯᠵᠤ᠂ ᠳᠥᠷᠪᠡᠳᠦᠭᠡᠷ ᠤᠯᠠᠷᠢᠯ ᠳᠤ ᠱᠢᠨ᠎ᠡ ᠪᠠᠷ ᠨᠡᠮᠡᠭᠳᠡᠭᠰᠡᠨ ᠵᠦᠢᠯᠡᠰ ᠤᠨ ᠲᠣᠬᠢᠶᠠᠯᠳᠤᠮᠵᠢ ᠨᠢ ᠲᠣᠩ ᠴᠥᠭᠡᠨ᠃ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠥᠮᠥᠷᠭᠡ ᠳᠠᠬᠢ ᠲᠤᠮᠤ ᠲᠦᠷᠦᠯ ᠵᠦᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠵᠢᠴᠢ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠬᠢᠴᠠ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠢᠱᠢᠶᠠᠯᠠᠪᠠᠯ᠄ ᠰᠢᠨ᠎ᠡ ᠪᠠᠷ ᠨᠡᠮᠡᠭᠳᠡᠭᠰᠡᠨ ᠬᠥᠮᠥᠷᠭᠡ ᠳᠤ ᠣᠷᠣᠭᠤᠯᠬᠤ ᠵᠧᠨ ᠰᠢᠩ ᠵᠡᠭᠡᠯᠢ ᠶᠢᠨ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠶ᠋ᠯ᠂ ᠡᠯ᠎ᠡ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠠᠷᠢᠯᠭ᠎ᠠ ᠶᠢᠨ ᠠᠬᠢᠴᠠ ᠳᠤᠮᠳᠠ ᠢᠯᠡᠷᠡᠭᠰᠡᠨ ᠠᠰᠠᠭᠤᠳᠠᠯ ᠢ ᠰᠠᠶᠢᠲᠤᠷ ᠰᠢᠶ᠋ᠳᠪᠦᠷᠢᠯᠡᠵᠦ᠂ ᠪᠡᠯᠡ ᠣᠷᠣᠭᠤᠯᠤᠯᠲᠠ ᠶᠢᠨ ᠲᠥᠷᠥᠯ ᠵᠦᠶ᠋ᠯ ᠢ ᠤᠷᠤᠭᠰᠢᠲᠠᠶ ᠬᠡᠷᠡᠭᠵᠢᠭᠦᠯᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠪᠡᠯᠡ ᠣᠷᠣᠭᠤᠯᠤᠯᠲᠠ ᠶᠢᠨ ᠠᠬᠢᠴᠠ ᠶᠢ ᠳᠠᠪᠠᠭᠤᠯᠤᠨ ᠪᠡᠶᠡᠯᠡᠭᠦᠯᠬᠦ ᠶᠢ ᠴᠢᠷᠮᠠᠶᠢᠨ ᠠᠬᠢᠭᠤᠯᠵᠤ᠂ ᠪᠦᠬᠦ ᠵᠢᠯ ᠤᠨ ᠲᠥᠯᠥᠪᠯᠡᠭᠡ ᠳᠤ ᠪᠡᠶᠡᠯᠡᠭᠦᠯᠵᠦ ᠳᠡᠶᠢᠯᠬᠦ ᠦᠭᠡᠢ ᠬᠡᠰᠡᠭ ᠤᠨ ᠪᠡᠯᠡ ᠣᠷᠣᠭᠤᠯᠤᠯᠲᠠ ᠶᠢᠨ ᠠᠬᠢᠴᠠ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ︵ᠬᠤᠶᠠᠷ︶ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠴᠠᠭ ᠲᠤᠬᠠᠢ ᠳᠤᠨᠢ ᠠᠵᠢᠯ ᠢᠶᠠᠨ ᠰᠡᠷᠭᠦᠭᠡᠵᠦ᠂ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ ᠶᠢ ᠬᠠᠪᠰᠤᠷᠤᠨ ᠠᠬᠢᠭᠤᠯᠤᠨ᠎ᠠ    ᠦᠢᠯᠡᠳᠬᠡᠯ ᠤᠨ ᠦᠢᠯᠡᠰ ᠪᠣᠯ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠲᠤᠯᠭᠠᠭᠤᠷᠢ ᠮᠥᠨ᠃ ᠲᠦᠷᠦᠭᠦᠤ ᠭᠤᠷᠪᠠᠨ ᠤᠯᠠᠷᠢᠯ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶ᠋ᠯᠡᠳᠬᠦᠨ ᠤ ᠦᠶ᠋ᠯᠡᠳᠬᠦᠨ ᠤ ᠥᠷᠲᠡᠭ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠥᠷᠲᠡᠭ ᠤᠨ 75.2% ᠢ ᠡᠵᠡᠯᠡᠵᠦ᠂ ᠦᠶ᠋ᠯᠡᠳᠬᠦ ᠦᠶ᠋ᠯᠡᠰ ᠤᠨ ᠲᠣᠭᠲᠠᠭᠤᠨ ᠨᠡᠮᠡᠭᠳᠡᠯ ᠨᠢ ᠮᠠᠨ ᠤ ᠬᠤᠰᠢᠭᠤᠨ ᠤ ᠠᠵᠤ ᠦᠶ᠋ᠯᠡᠳᠪᠦᠷᠢ ᠶᠢᠨ ᠲᠣᠭᠲᠠᠭᠤᠨ ᠨᠡᠮᠡᠭᠳᠡᠯ ᠳᠤ ᠮᠠᠰᠢ ᠴᠢᠬᠤᠯᠠ ᠨᠥᠯᠥᠭᠡ ᠦᠵᠡᠭᠦᠯᠵᠦ ᠪᠠᠶᠢᠨ᠎ᠠ᠃ ᠭᠤᠣᠯᠳᠠᠯᠭ᠎ᠠ ᠲᠠᠢ ᠦᠢᠯᠡᠳᠬᠦ ᠦᠢᠯᠡᠰ ᠤᠨ ᠠᠵᠤ ᠠᠬᠤᠶᠢᠯᠠᠯ ᠢᠶᠠᠷ ᠭᠠᠷᠳᠠᠴᠠ ᠪᠣᠯᠭᠠᠵᠤ᠂ ᠲᠡᠭᠦᠨ ᠤ ᠦᠢᠯᠡᠳᠬᠦᠨ ᠤ ᠦᠷᠳᠡᠭ ᠪᠠᠭᠤᠷᠠᠭᠰᠠᠨ᠂ ᠦᠢᠯᠡᠳᠪᠦᠷᠢᠯᠡᠯ ᠵᠤᠭᠰᠤᠭᠰᠠᠨ᠂ ᠭᠠᠷᠤᠯᠲᠠ ᠬᠠᠰᠤᠭᠳᠠᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ᠂ ᠠᠵᠤ ᠠᠬᠤᠶᠢᠯᠠᠯ ᠲᠠᠢ ᠪᠠᠶᠢᠩᠭᠤ ᠨᠡᠪᠲᠡᠷᠡᠯᠴᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠦᠲᠦᠮᠵᠢᠲᠡᠢ ᠲᠦᠷᠦ ᠶᠢᠨ ᠪᠤᠳᠤᠯᠭ᠎ᠠ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠲᠣᠨᠣᠭᠯᠠᠯ ᠪᠠ ᠦᠢᠯᠡᠳᠬᠦᠨ ᠤ ᠲᠡᠰ ᠳᠡᠪᠰᠢᠬᠦ ᠶᠢ ᠳᠡᠮᠵᠢᠵᠦ᠂ ᠠᠵᠢᠯ ᠲᠦᠷᠦᠯ ᠤᠨ ᠬᠥᠭᠵᠢᠯᠲᠡ ᠶᠢ ᠬᠥᠨᠳᠡᠯᠡᠨ ᠭᠤᠯᠳᠤ ᠪᠠᠷ ᠡᠷᠢᠯᠬᠢᠯᠡᠵᠦ᠂ ᠳᠥᠷᠪᠡᠳᠦᠭᠡᠷ ᠤᠯᠠᠷᠢᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃︵ᠭᠤᠷᠪᠠ︶ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠢ ᠳᠠᠶᠢᠴᠢᠯᠠᠨ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡ ᠶᠢ ᠠᠬᠢᠭᠤᠯᠤᠨ᠎ᠠ᠃    ᠬᠡᠷᠡᠭᠯᠡᠭᠡᠨ ᠤ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠬᠤ ᠬᠡᠷᠡᠭᠲᠡᠶ᠃ ᠤᠯᠤᠰ ᠤᠨ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠠᠷᠠᠳ ᠲᠤ ᠠᠰᠢᠭ ᠬᠦᠷᠲᠡᠭᠡᠬᠦ ᠵᠠᠷᠢᠮ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠤᠳᠤᠯᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠰᠢᠨ ᠲᠡᠷᠭᠡ᠂ ᠭᠡᠷ ᠤᠨ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠲᠤᠤᠱᠯᠠᠭᠤᠯᠤᠨ᠂ ᠬᠡᠷᠡᠭᠯᠡᠭᠴᠢᠳ ᠤᠨ ᠴᠢᠬᠤᠯᠠ ᠪᠤᠰᠤ ᠠᠮᠢᠳᠤᠷᠠᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠬᠡᠷᠡᠭᠯᠡᠭᠡᠨ ᠤ ᠲᠡᠮᠳᠡᠭᠲᠦ᠂ ᠬᠡᠷᠡᠭᠯᠡᠭᠡᠨ ᠤ ᠨᠥᠬᠦᠪᠥᠷᠢ ᠣᠯᠭᠤᠬᠤ ᠵᠡᠷᠭᠡ ᠬᠡᠯᠪᠡᠷᠢ ᠲᠠᠢ ᠤᠶᠠᠯᠳᠤᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠲᠥᠯᠥᠨ ᠵᠢᠯᠣᠭᠤᠳᠬᠤ ᠪᠠ ᠬᠥᠭᠵᠢᠭᠡᠵᠦ᠂ ᠪᠥᠬᠦ ᠬᠤᠰᠢᠭᠤᠨ ᠤ ᠬᠡᠷᠡᠭᠯᠡᠭᠡᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠠᠴᠠ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠴᠢᠩᠭᠠᠳᠬᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠳᠠᠶᠢᠴᠢᠯᠠᠬᠤ ᠬᠡᠷᠡᠭᠲᠡᠢ᠃ ᠨᠡᠮᠡᠭᠳᠡᠯ ᠤᠨ ᠬᠠᠨᠳᠤᠰᠢ ᠪᠠᠷ ᠨᠡᠯᠢᠶᠡᠳ ᠰᠠᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠂ ᠪᠤᠶᠢᠵᠢᠯᠲᠠ ᠶᠢᠨ ᠬᠡᠯᠪᠡᠷᠢ ᠶᠢᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠠᠰᠠᠭ ᠤᠨ ᠣᠷᠳᠣᠨ ᠤ ᠳᠡᠮᠵᠢᠯᠭᠡ ᠶᠢ ᠭᠦᠢᠴᠡᠳ ᠣᠯᠭᠤᠵᠤ᠂ ᠲᠥᠷᠥ ᠶᠢᠨ ᠪᠣᠳᠣᠯᠭ᠎ᠠ ᠶᠢᠨ ᠠᠰᠠᠷᠠᠮᠵᠢ ᠶᠢ ᠭᠦᠢᠴᠡᠳ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠪᠣᠳᠠᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠯ ᠢ ᠴᠢᠩᠭᠠᠷᠠᠭᠤᠯᠤᠨ᠂ ᠨᠢᠭᠡ ᠪᠦᠯᠦᠭ ᠵᠢᠷᠦᠬᠡ ᠲᠠᠢ ᠠᠵᠤ ᠠᠬᠤᠶᠢᠯᠠᠯ᠂ ᠰᠡᠳᠬᠢᠯ ᠳᠡᠯᠪᠢᠨ ᠠᠵᠤ ᠠᠬᠤᠶᠢᠯᠠᠯ᠂ ᠨᠥᠯᠥᠭᠡᠯᠡᠬᠦ ᠬᠦᠴᠦᠨ ᠲᠠᠢ ᠠᠵᠤ ᠠᠬᠤᠶᠢᠯᠠᠯ ᠢ ᠬᠠᠨᠳᠤᠯᠭ᠎ᠠ ᠲᠠᠢ ᠪᠠᠷ ᠬᠥᠮᠦᠵᠢᠭᠦᠯᠵᠦ᠂ ᠪᠥᠬᠦ ᠬᠤᠰᠢᠭᠤᠨ ᠤ ᠵᠠᠬ᠎ᠠ ᠳᠡᠯᠭᠡᠭᠦᠷ ᠲᠤ ᠠᠮᠢᠵᠢᠷᠠᠯ ᠤᠨ ᠬᠦᠴᠦᠨ ᠨᠡᠮᠡᠷᠢᠯᠡᠵᠦ᠂ ᠬᠡᠷᠡᠭᠯᠡᠭᠡ ᠶᠢᠨ ᠣᠷᠳᠣ ᠬᠤᠭᠤᠴᠠᠭᠠᠨ ᠤ ᠨᠡᠮᠡᠭᠳᠡᠯ ᠳᠤ ᠠᠬᠢᠭᠤᠯᠬᠤ ᠦᠢᠯᠡᠳᠦᠯ ᠦᠵᠡᠭᠦᠯᠦᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号