ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠵᠠᠷᠯᠠᠯ ᠨᠡᠶᠢᠲᠡᠯᠡᠵᠦ᠂ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠤᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ︾ ᠣᠯᠭᠤᠪᠠ᠃ ᠡᠨᠡ ᠬᠦ ᠢᠷᠠᠭᠤ | ᠠᠯᠳᠠᠷ ᠢ ᠭᠥᠷᠳᠡᠭᠰᠡᠨ ᠳᠥᠷᠪᠡᠨ ᠠᠵᠤ ᠠᠬᠤᠶᠢᠯᠠᠯ ᠪᠣᠯ ᠲᠣᠰ ᠲᠣᠰ ᠪᠤᠭᠤᠲᠤ ᠬᠤᠲᠠ ᠶᠢᠨ ᠶᠢᠩ ᠰᠧ ᠲᠧ | ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠂ ᠥᠪᠥᠷ | ᠮᠣᠩᠭᠤᠯ ᠤᠨ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠵᠢᠴᠢ ᠥᠪᠥᠷ | ᠮᠣᠩᠭᠤᠯ ᠤᠨ ᠵᠥᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠪᠣᠯᠣᠨ᠎ᠠ᠃ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠪᠣᠯᠣᠨ᠎ᠠ᠂ | ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠵᠤ᠂ ᠣᠲᠣ ᠪᠤᠯᠲᠠᠯ᠎ᠠ ᠨᠢᠭᠡᠨᠲᠡ ᠶᠢᠰᠦᠨ ᠬᠤᠭᠤᠴᠠᠭ᠎ᠠ | ᠰᠢᠯᠭᠠᠷᠠᠭᠤᠯᠵᠤ᠂ ᠪᠦᠭᠦ ᠣᠷᠣᠨ ᠤ ᠨᠡᠶᠢᠲᠡ 41 ᠨᠢᠭᠡᠴᠢ ᠱᠠᠩᠨᠠᠯ ᠭᠦᠷᠳᠡᠪᠡ᠃ 2023 ᠣᠨ ᠳᠤ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠢ ᠥᠪᠡᠷᠲᠡᠭᠡᠨ ᠵᠠᠰᠠᠬᠤ | ᠣᠷᠣᠨ ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ ᠳᠤᠷ᠎ᠠ ᠠᠴᠠ ᠪᠠᠨ | ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠠᠴᠠ ᠲᠠᠨᠢᠯᠴᠠᠭᠤᠯᠬᠤ᠂ ᠬᠢᠷᠢ ᠭᠡᠮ ᠢ ᠬᠢᠨᠠᠨ ᠪᠠᠶᠢᠴᠠᠭᠠᠬᠤ᠂ | ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ᠂ ᠲᠣᠭᠠᠴᠢᠨ ᠬᠠᠷᠢᠭᠤᠯᠬᠤ᠂ | ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠲᠣᠭᠲᠠᠭᠠᠬᠤ ᠵᠡᠷᠭᠡ 7 ᠵᠦᠢᠯ ᠤᠨ ᠭᠤᠭᠴᠤᠭ᠎ᠠ ᠶᠢᠨ ᠲᠠᠰ | ᠳᠠᠷᠠᠭᠠᠯᠠᠯ ᠪᠠ 7 ᠤᠳᠠᠭ᠎ᠠ ᠢᠯᠡ ᠨᠡᠶᠢᠲᠡᠯᠡᠵᠦ ᠰᠠᠨᠠᠯ ᠬᠤᠷᠢᠶᠠᠬᠤ ᠪᠠᠷ ᠳᠡᠮᠵᠢᠨ᠂ 12 ᠠᠶᠢᠮᠠᠭ ᠬᠤᠲᠠ ᠶᠢᠨ | ᠲᠠᠨᠢᠯᠴᠠᠭᠤᠯᠤᠭᠰᠠᠨ 71 ᠨᠢᠭᠡᠴᠢ ᠶᠢᠨ ᠳᠣᠲᠣᠷ᠎ᠠ ᠠᠴᠠ ᠱᠠᠩᠨᠠᠯ ᠭᠥᠷᠳᠡᠭᠰᠡᠨ 4 ᠨᠢᠭᠡᠴᠢ ᠶᠢ ᠰᠢᠯᠭᠠᠷᠠᠭᠤᠯᠤᠨ | ᠭᠠᠷᠭᠠᠪᠠ᠃ ᠲᠠᠨᠢᠯᠴᠠᠭᠤᠯᠤᠭᠰᠠᠨ ᠢᠶᠠᠷ᠂ ᠶᠠᠰᠤ ᠴᠢᠨᠠᠷ ᠤᠨ ᠱᠠᠩᠨᠠᠯ ᠤᠨ ᠳᠦᠷᠢᠮ ᠢ ᠲᠣᠭᠲᠠᠭᠠᠬᠤ ᠪᠣᠯ | ᠳᠡᠯᠡᠬᠡᠢ ᠶᠢᠨ ᠡᠯ᠎ᠡ ᠤᠯᠤᠰ ᠤᠨ ᠶᠠᠰᠤ ᠴᠢᠨᠠᠷ ᠤᠨ ᠳᠠᠪᠰᠢᠯᠲᠠ ᠶᠢ ᠵᠣᠷᠢᠭᠵᠢᠭᠤᠯᠬᠤ ᠨᠡᠶᠢᠳᠡᠮ ᠬᠡᠷᠡᠭᠯᠡᠬᠦ ᠠᠷᠭ᠎ᠠ | ᠪᠠᠷᠢᠯ ᠮᠥᠨ᠂ ᠱᠠᠩᠨᠠᠯ ᠤᠨ ᠵᠦᠢᠯ ᠢ ᠰᠢᠯᠭᠠᠷᠠᠭᠤᠯᠬᠤ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠲᠤ ᠬᠡᠪ ᠳᠠᠭᠤᠷᠢᠶᠠᠯ | ᠪᠣᠯᠵᠤ᠂ ᠥᠷᠭᠡᠨ ᠣᠯᠠᠨ ᠠᠵᠤ ᠠᠬᠤᠶᠢᠯᠠᠯ ᠤᠨ ᠭᠠᠷᠮᠠᠭᠠᠢ ᠬᠠᠮᠢᠶᠠᠷᠤᠯᠲᠠ ᠶᠢ ᠬᠥᠭᠡᠭᠡᠴᠡᠯᠳᠦᠬᠦ ᠶᠢ ᠵᠣᠷᠢᠭᠵᠢᠭᠤᠯᠵᠤ | ᠂ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠤᠨ᠂ ᠦᠢᠯᠡᠳᠬᠦᠨ ᠤ ᠶᠠᠰᠤ | ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ | |