ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠥᠷᠪᠡᠳᠦᠭᠡᠷ ᠪᠦᠯᠦᠭ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠢ ᠨᠡᠶᠢᠲᠡᠯᠡᠵᠦ᠂ ᠬᠠᠷ᠎ᠠ ᠤᠰᠤ᠂ ᠰᠢᠷᠭ᠎ᠠ | ᠨᠠᠭᠤᠷ᠂ ᠥᠯᠵᠡᠶᠢᠮᠥ᠋ᠷᠡᠨ ᠭᠤᠣᠯ᠂ ᠵᠢᠩ ᠬᠤ᠋ ᠨᠠᠭᠤᠷ ᠵᠡᠷᠭᠡ 4 ᠨᠤᠭᠤ ᠭᠠᠵᠠᠷ ᠨᠡᠷᠡᠰ ᠲᠤ ᠵᠢᠭᠰᠠᠭᠠᠭᠳᠠᠵᠠᠢ᠃ | ᠢᠩᠭᠢᠭᠡᠳ ᠥᠪᠥᠷ ᠮᠣᠩᠭᠤᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 63 ᠪᠣᠯᠪᠠ | ᠃ ᠥᠪᠥᠷ ᠮᠣᠩᠭᠤᠯ ᠪᠣᠯ ᠨᠤᠭᠤ ᠭᠠᠵᠠᠷ ᠤᠨ ᠡᠬᠢ ᠪᠠᠶᠠᠯᠢᠭ ᠤᠨ ᠲᠣᠮᠣ ᠣᠷᠣᠨ ᠪᠣᠯᠣᠨ᠎ᠠ᠂ 2022 ᠣᠨ ᠤ | ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠳ᠋ᠠᠶᠢᠲ᠋ᠠ ᠳᠤ ᠢᠯᠡᠷᠡᠭᠦᠯᠦᠭᠰᠡᠨ ᠢᠶᠠᠷ᠂ | ᠪᠦᠬᠦ ᠣᠷᠣᠨ ᠤ ᠨᠤᠭᠤ ᠭᠠᠵᠠᠷ ᠤᠨ ᠲᠠᠯᠠᠪᠠᠢ 486.65 ᠲᠦᠮᠡᠨ ᠾᠧᠺᠲ᠋ᠠᠷ ︵ᠤᠰᠤᠨ ᠣᠷᠣᠨ ᠤ ᠲᠠᠯᠠᠪᠠᠢ | ᠪᠠᠭᠲᠠᠨ᠎ᠠ︶ ᠪᠠᠶᠢᠵᠤ᠂ ᠪᠦᠬᠦ ᠤᠯᠤᠰ ᠲᠤ ᠲᠠᠪᠤᠳᠤᠭᠠᠷ ᠲᠤ ᠵᠢᠭᠰᠠᠭᠠᠭᠳᠠᠪᠠ᠃ ᠪᠥᠬᠦ ᠣᠷᠣᠨ ᠤ ᠨᠤᠭᠤ ᠭᠠᠵᠠᠷ ᠨᠢ | ᠡᠬᠢ ᠪᠠᠶᠠᠯᠢᠭ ᠤᠨ ᠲᠥᠷᠥᠯ ᠵᠦᠢᠯ ᠣᠯᠠᠨ᠂ ᠣᠨᠴᠠᠯᠢᠭ᠋ ᠨᠢ ᠢᠯᠡ ᠲᠣᠳᠣ᠂ ᠠᠮᠢ ᠠᠬᠤᠢ ᠶᠢᠨ ᠦᠨ᠎ᠡ | ᠥᠷᠲᠡᠭ ᠢᠶᠠᠷ ᠲᠣᠪᠤᠶᠢᠮ᠎ᠠ ᠪᠠᠶᠢᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠭᠤᠷ ᠠᠮᠢᠰᠬᠤᠯ ᠢ | ᠵᠣᠬᠢᠴᠠᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠮᠢ ᠠᠬᠤᠢ ᠶᠢᠨ | ᠴᠢᠳᠠᠮᠵᠢ ᠲᠠᠢ ᠴᠢᠬᠤᠯᠠ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠶᠤᠮ᠃ ᠣᠯᠠᠨ ᠵᠢᠯ ᠤᠨ | ᠲᠤᠷᠰᠢ᠂ ᠥᠪᠥᠷ ᠮᠣᠩᠭᠤᠯ ᠨᠤᠭᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ | ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ︽ᠥᠪᠥᠷ ᠮᠣᠩᠭᠤᠯ ᠤᠨ | ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾ ᠪᠠ ︽ᠥᠪᠥᠷ ᠮᠣᠩᠭᠤᠯ ᠤᠨ | ᠴᠢᠬᠤᠯᠠ ᠨᠤᠭᠤ ᠭᠠᠵᠠᠷ ᠢ ᠬᠢᠨᠠᠨ ᠰᠢᠨᠵᠢᠬᠦ ᠮᠡᠷᠭᠡᠵᠢᠯ ᠤᠨ ᠳᠦᠷᠢᠮ︾ ᠭᠡᠬᠦ ᠬᠤᠶᠠᠷ ᠥᠪᠡᠷᠲᠡᠭᠡᠨ ᠵᠠᠰᠠᠬᠤ | ᠣᠷᠣᠨ ᠤ ᠪᠠᠷᠢᠮᠵᠢᠶ᠎ᠠ ᠶᠢ ᠨᠡᠶᠢᠲᠡᠯᠡᠨ᠂ ᠥᠪᠥᠷ ᠮᠣᠩᠭᠤᠯ ᠤᠨ ᠨᠤᠭᠤ ᠭᠠᠵᠠᠷ ᠤᠨ ᠣᠷᠣᠨ ᠨᠤᠲᠤᠭ ᠤᠨ ᠪᠠᠷᠢᠮᠵᠢᠶ᠎ᠠ | ᠦᠭᠡᠢ ᠬᠤᠭᠤᠰᠤᠨ ᠢ ᠨᠥᠬᠦᠪᠦᠷᠢᠯᠡᠵᠦ᠂ ᠨᠤᠭᠤ ᠭᠠᠵᠠᠷ ᠢ ᠬᠠᠮᠠᠭᠠᠯᠠᠬᠤ ᠳᠦᠷᠢᠮ ᠤᠨ ᠲᠣᠭᠲᠠᠯᠴᠠᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠡᠭᠦᠨ ᠤ ᠬᠠᠮᠲᠤ ᠨᠤᠭᠤ ᠭᠠᠵᠠᠷ ᠢ ᠬᠢᠨᠠᠨ ᠬᠠᠮᠢᠶᠠᠷᠴᠤ ᠬᠠᠮᠠᠭᠠᠯᠠᠬᠤ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ | ᠭᠠᠵᠠᠷ ᠢ ᠬᠠᠮᠠᠭᠠᠯᠠᠬᠤ ᠬᠠᠤᠯᠢ︾ ᠶᠢ ᠴᠢᠩᠭ᠎ᠠ ᠨᠠᠶᠢᠳᠠᠪᠤᠷᠢᠵᠢᠭᠤᠯᠤᠨ᠂ ᠨᠤᠭᠤ ᠭᠠᠵᠠᠷ ᠢ ᠲᠡᠰ ᠬᠤᠪᠢᠶᠠᠨ | ᠬᠠᠮᠢᠶᠠᠷᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠪᠡ᠃ ᠣᠳᠣᠬᠠᠨ ᠳᠤ᠂ ᠪᠥᠬᠦ ᠣᠷᠣᠨ ᠳᠤ | ᠳᠡᠯᠡᠬᠡᠢ ᠶᠢᠨ ᠴᠢᠬᠤᠯᠠ ᠨᠤᠭᠤ ᠭᠠᠵᠠᠷ 4᠂ ᠤᠯᠤᠰ ᠤᠨ ᠴᠢᠬᠤᠯᠠ ᠨᠤᠭᠤ ᠭᠠᠵᠠᠷ 1᠂ ᠥᠪᠡᠷᠲᠡᠭᠡᠨ ᠵᠠᠰᠠᠬᠤ | ᠣᠷᠣᠨ ᠤ ᠴᠢᠬᠤᠯᠠ ᠨᠤᠭᠤ ᠭᠠᠵᠠᠷ 63 ᠪᠣᠶ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ |