︽ᠪᠠᠭᠠᠷᠢᠨ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ | ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠶᠠᠮᠤᠨ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ | ᠪᠦᠯᠬᠦᠮ᠂ ᠡᠯ᠎ᠡ ᠰᠠᠯᠠᠭ᠎ᠠ ᠲᠠᠰ ᠤᠨ ᠠᠵᠢᠯ ᠦᠶ᠋ᠯᠡᠰ ᠤᠨ ᠨᠢᠭᠡᠴᠡ᠂ ᠳᠤᠮᠳᠠ ᠲᠣᠭᠤᠷᠢᠭ ᠬᠤᠲᠠ ᠶᠢᠨ ᠰᠢᠭᠤᠳ | ᠰᠠᠭᠤᠭ᠎ᠠ ᠵᠡᠭᠦᠨ ᠬᠤᠰᠢᠭᠤᠨ ᠤ ᠡᠯ᠎ᠡ ᠨᠢᠭᠡᠴᠡ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄ | ᠬᠤᠰᠢᠭᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠡᠳᠦᠭᠡ ︽ᠪᠠᠭᠠᠷᠢᠨ ᠵᠡᠭᠦᠨ ᠬᠤᠰᠢᠭᠤᠨ ᠤ | ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | | ᠪᠠᠭᠠᠷᠢᠨ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠤᠲᠣᠭᠤᠷ ᠭᠠᠵᠠᠷ ᠢ ᠪᠣᠶ ᠪᠣᠯᠭᠠᠨ᠂ ᠨᠠᠩ ᠣᠯᠠᠨ | ᠴᠢᠨᠠᠷ ᠰᠠᠶᠢᠲᠠᠶ ᠲᠥᠷᠥᠯ ᠵᠦᠶ᠋ᠯ ᠢ ᠨᠠᠶᠢᠳᠠᠪᠤᠷᠢᠵᠢᠭᠤᠯᠬᠤ ᠶᠢᠨ ᠲᠤᠰᠠᠳᠠ᠂ ᠳᠣᠤᠷᠠᠬᠢ ᠮᠡᠲᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠨᠢᠭᠡ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠷᠠᠭᠠᠯᠵᠠᠯ | ᠤᠨ ᠲᠥᠷᠥ ᠶᠢᠨ ᠪᠤᠳᠤᠯᠭ᠎ᠠ | ︵ᠨᠢᠭᠡ︶ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠦᠷᠢᠶᠡᠯᠡᠩ | ᠲᠣᠭᠤᠷᠢᠭ ︵ᠪᠠᠭᠠᠷᠢᠨ ᠵᠡᠭᠦᠨ ᠬᠤᠰᠢᠭᠤᠨ ᠤ ᠠᠯᠠᠰᠢᠨ ᠦᠬᠡᠷ ᠤᠨ ᠠᠵᠤ ᠦᠶ᠋ᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠤᠷᠤᠭᠰᠠᠨ | ᠪᠦᠬᠦᠨ ᠪᠠᠭᠠᠷᠢᠨ ᠵᠡᠭᠦᠨ ᠬᠤᠰᠢᠭᠤᠨ ᠤ ᠣᠲᠣ ᠦᠶ᠎ᠡ ᠶᠢᠨ ᠠᠯᠠᠰᠢᠨ ᠡᠯᠵᠢᠭᠡᠨ ᠤ ᠠᠵᠤ ᠦᠶ᠋ᠯᠡᠰ ᠤᠨ ᠬᠦᠷᠢᠶᠡᠯᠡᠩ | ᠲᠣᠭᠤᠷᠢᠭ᠂ ᠪᠠᠭᠠᠷᠢᠨ ᠵᠡᠭᠦᠨ ᠬᠤᠰᠢᠭᠤᠨ ᠤ ᠣᠲᠣ ᠦᠶ᠎ᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠪᠠᠭᠠᠷᠢᠨ ᠵᠡᠭᠦᠨ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ᠂ ᠠᠷᠪᠠᠨ | ᠭᠤᠷᠪᠠᠨ ᠣᠪᠣᠭ᠎ᠠ ᠪᠠᠯᠭᠠᠰᠤᠨ ᠤ ᠱᠦᠭᠦᠷ ᠰᠢᠰᠢ ᠶᠢᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ︶ ᠤᠨ ᠵᠣᠬᠢᠬᠤ | ᠪᠠᠯᠠ ᠣᠷᠣᠭᠤᠯᠤᠯᠲᠠ ᠶᠢᠨ ᠬᠡᠪᠴᠢᠶ᠎ᠡ ᠲᠠᠢ ᠠᠵᠤ ᠠᠬᠤᠶᠢᠯᠠᠯ ᠳᠤ 70 ᠵᠢᠯ ᠤᠨ ᠭᠠᠵᠠᠷ ᠰᠢᠷᠣᠶ ᠶᠢᠨ ᠲᠦᠷᠢᠶᠡᠰᠦᠨ | ᠮᠥᠩᠭᠦ ᠶᠢ ᠭᠡᠯᠳᠦᠷᠢᠭᠦᠯᠵᠦ᠂ ᠠᠵᠤ ᠠᠬᠤᠶᠢᠯᠠᠯ ᠨᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠠ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠭᠠᠵᠠᠷ ᠰᠢᠷᠣᠶ ᠶᠢᠨ ᠭᠠᠷᠳᠠᠮ ᠢ ᠭᠦᠢᠴᠡᠳᠬᠡᠬᠦ ᠵᠠᠷᠤᠳᠠᠯ ᠢ | ᠡᠭᠦᠷᠭᠡᠯᠡᠨ᠎ᠡ᠃ | ︵ᠬᠤᠶᠠᠷ︶ ᠪᠠᠯᠠ ᠣᠷᠣᠭᠤᠯᠤᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠭᠤᠤᠯᠳᠠᠯᠭ᠎ᠠ ᠲᠠᠢ ᠲᠥᠷᠥᠯ | ᠵᠦᠶ᠋ᠯ ᠳᠤ ᠮᠠᠨ ᠤ ᠬᠤᠰᠢᠭᠤᠨ ᠤ ᠬᠢᠨ ︽ᠨᠢᠭᠡ ᠤᠴᠢᠷ ᠢ ᠨᠢᠭᠡ ᠵᠥᠪᠯᠡᠬᠦ︾ ᠬᠡᠯᠪᠡᠷᠢ ᠪᠠᠷ ᠦᠬᠡᠷ᠂ ᠡᠯᠵᠢᠭᠡ | ᠬᠤᠳᠠᠯᠳᠤᠨ ᠠᠪᠬᠤ ᠵᠢᠭᠡᠯᠡᠯᠭᠡ ᠶᠢᠨ ᠵᠢᠯ ᠤᠨ ᠬᠦᠤ ᠶᠢᠨ ᠨᠣᠷᠮ᠎ᠠ ᠳᠤ 2% ᠤᠨ ᠳᠠᠮ ᠬᠦᠤ ᠥᠭᠴᠦ᠂ ᠳᠠᠮ ᠬᠦᠤ | ᠥᠭᠬᠦ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠬᠤᠰᠢᠭᠤᠨ ᠲᠣᠰ ᠱᠠᠲᠤᠨ ᠳᠤ ᠬᠤᠷᠢᠶᠠᠨ | ᠠᠪᠤᠭᠰᠠᠨ ᠵᠠᠰᠠᠭ ᠵᠠᠬᠢᠷᠭᠠᠨ ᠤ ᠠᠵᠢᠯ ᠦᠶ᠋ᠯᠡᠰ ᠤᠨ ᠴᠢᠨᠠᠷᠲᠠᠶ ᠰᠦᠶ᠋ᠳᠬᠡᠯ ᠬᠤᠷᠢᠶᠠᠯᠲᠠ ᠶᠢ ᠬᠠᠰᠤᠵᠤ | ᠭᠡᠯᠳᠦᠷᠢᠭᠦᠯᠬᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠣᠯᠪᠠᠰᠤᠷᠠᠭᠤᠯᠤᠯ᠂ ᠬᠡᠷ ᠪᠠᠶᠢᠰᠢᠩ ᠲᠦᠷᠢᠶᠡᠰᠦᠯᠡᠨ | ᠬᠡᠷᠡᠭᠯᠡᠬᠦ᠂ ᠰᠤᠷᠭᠠᠨ ᠬᠥᠮᠦᠵᠢᠯ ᠡᠮᠴᠢᠯᠡᠭᠡ᠂ ᠠᠵᠤ ᠦᠶ᠋ᠯᠡᠰ ᠤᠨ ᠲᠡᠳᠬᠦᠮᠵᠢ ᠶᠢᠨ ᠪᠠᠯᠠ ᠮᠥᠩᠭᠦ᠂ ᠭᠠᠶᠢᠯᠢ | ᠲᠠᠲᠠᠪᠤᠷᠢ ᠶᠢᠨ ᠣᠷᠣᠨ ᠨᠤᠲᠤᠭ ᠤᠨ ᠬᠤᠪᠢᠳᠠᠯ ᠵᠡᠷᠭᠡ ᠣᠨᠴᠣᠭᠤᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠃ | ︵ᠭᠤᠷᠪᠠ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠲᠤ | ᠤᠷᠤᠭᠰᠠᠨ ᠠᠵᠤ ᠠᠬᠤᠶᠢᠯᠠᠯ ᠪᠦᠬᠦᠨ ᠳᠤ᠂ ᠬᠤᠰᠢᠭᠤᠨ ᠵᠠᠰᠠᠭ ᠤᠨ ᠣᠷᠳᠣᠨ ᠠᠴᠠ ᠲᠥᠷᠥᠯ ᠵᠦᠶ᠋ᠯ ᠤᠨ | ᠦᠶ᠋ᠯᠡᠳᠪᠦᠷᠢᠯᠡᠯ ᠤᠨ ᠦᠶ᠋ᠯᠡᠳᠪᠦᠷᠢ ᠶᠢᠨ ᠲᠣᠭᠤᠷᠢᠭ ᠤᠨ ᠤᠰᠤ ᠬᠠᠩᠭᠠᠬᠤ᠂ ᠴᠠᠬᠢᠯᠭᠠᠨ ᠨᠡᠪᠲᠡᠷᠡᠭᠦᠯᠬᠦ᠂ ᠵᠠᠮ | ᠨᠡᠪᠲᠡᠷᠡᠭᠦᠯᠬᠦ᠂ ᠴᠢᠮᠡᠭᠡ ᠨᠡᠪᠲᠡᠷᠡᠯᠭᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠨ᠎ᠠ᠃ | | ᠬᠤᠶᠠᠷ᠂ ᠠᠵᠤ ᠦᠢᠯᠡᠳᠪᠦᠷᠢ ᠢᠢᠨ ᠬᠠᠷᠠᠭᠠᠯᠵᠠᠯ ᠣᠨ ᠲᠦᠷᠦ ᠢᠢᠨ ᠪᠤᠳᠤᠯᠭ᠎ᠠ | ︵ᠨᠢᠭᠡ︶ 2023 ᠣᠨ ᠵᠢᠴᠢ ᠬᠤᠶᠢᠰᠢᠳᠠ ᠶᠢᠨ ᠣᠨ᠂ ᠮᠠᠨ ᠤ ᠬᠤᠰᠢᠭᠤᠨ ᠤ ᠲᠣᠭᠤᠷᠢᠭ ᠲᠤ ᠣᠷᠣᠵᠤ | ᠰᠠᠭᠤᠭᠰᠠᠨ ᠲᠣᠭᠤᠷᠢᠭ ᠲᠤ ᠰᠢᠨ᠎ᠡ ᠪᠠᠷ ᠠᠵᠢᠯ ᠡᠬᠢᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ︵ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠶ᠋ᠯ ᠤᠨ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠨᠢ 2000 ᠲᠦᠮᠡᠨ ᠲᠥᠭᠦᠷᠢᠭ ᠠᠴᠠ ᠳᠡᠭᠡᠭᠰᠢ ᠮᠥᠷᠲᠡᠭᠡᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠦᠴᠦᠯᠡᠴᠡ ᠨᠢ ᠮᠤ ᠠᠴᠠ 60 ᠲᠦᠮᠡᠨ ᠲᠥᠭᠦᠷᠢᠭ ᠠᠴᠠ ᠳᠣᠤᠷ᠎ᠠ | ᠥᠬᠡᠶ︶᠂ ᠲᠡᠷᠡᠴᠢᠯᠡᠨ ᠮᠥ ᠪᠦᠷᠢ ᠶᠢᠨ ᠳᠤᠮᠳᠠᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠬᠦᠴᠦᠯᠡᠴᠡ ᠨᠢ 150 ᠲᠦᠮᠡᠨ ᠲᠥᠭᠦᠷᠢᠭ ᠠᠴᠠ ᠳᠡᠭᠡᠭᠰᠢ ᠠᠵᠤ ᠦᠶ᠋ᠯᠡᠳᠪᠦᠷᠢ ᠶᠢᠨ ᠲᠥᠷᠥᠯ ᠵᠦᠶ᠋ᠯ ᠳᠤ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠣᠰ ᠲᠣᠰ ᠨᠥᠬᠦᠪᠥᠷᠢ | ᠣᠯᠭᠤᠨ᠎ᠠ᠃ ᠡᠭᠦᠨ ᠳᠤ᠄ ᠲᠣᠨᠤᠭ ᠲᠥᠬᠦᠭᠡᠷᠦᠮᠵᠢ ᠦᠶ᠋ᠯᠡᠳᠬᠦ ᠵᠢᠴᠢ ᠰᠢᠨ᠎ᠡ ᠮᠠᠲ᠋ᠧᠷᠢᠶᠠᠯ ᠤᠨ ᠲᠥᠷᠥᠯ ᠵᠦᠶ᠋ᠯ ᠳᠤ | ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠲᠤᠭ᠎ᠠ ᠶᠢᠨ 100% ᠪᠠᠷ ᠨᠥᠬᠦᠪᠥᠷᠢ ᠣᠯᠭᠤᠨ᠎ᠠ︔ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠶ᠋ᠯ᠂ ᠥᠩᠭᠡᠲᠦ ᠲᠡᠮᠦᠷᠯᠢᠭ | ᠵᠢᠴᠢ ᠬᠢᠮᠢ ᠶᠢᠨ ᠠᠵᠤ ᠦᠶ᠋ᠯᠡᠳᠪᠦᠷᠢ ᠶᠢᠨ ᠲᠥᠷᠥᠯ ᠤᠨ ᠲᠥᠷᠥᠯ ᠵᠦᠶ᠋ᠯ ᠳᠤ ᠭᠠᠵᠠᠷ ᠰᠢᠷᠣᠶ ᠶᠢ ᠰᠢᠯᠵᠢᠭᠦᠯᠦᠨ | ᠬᠤᠳᠠᠯᠳᠤᠭᠰᠠᠨ ᠲᠤᠭ᠎ᠠ ᠶᠢᠨ 70% ᠪᠠᠷ ᠨᠥᠬᠦᠪᠥᠷᠢ ᠣᠯᠭᠤᠨ᠎ᠠ᠃ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠥᠩᠭᠡᠲᠦ ᠲᠡᠮᠦᠷᠯᠢᠭ ᠵᠢᠴᠢ | ᠬᠢᠮᠢ ᠶᠢᠨ ᠠᠵᠤ ᠦᠶ᠋ᠯᠡᠳᠪᠦᠷᠢ ᠶᠢᠨ ᠲᠥᠷᠥᠯ ᠤᠨ ᠲᠥᠷᠥᠯ ᠵᠦᠶ᠋ᠯ ᠳᠤ ᠭᠠᠵᠠᠷ ᠰᠢᠷᠣᠶ ᠶᠢ ᠬᠢᠮᠳᠠ ᠪᠠᠷ | ᠬᠤᠳᠠᠯᠳᠤᠭᠰᠠᠨ ᠲᠤᠭ᠎ᠠ ᠶᠢᠨ 100% ᠪᠠᠷ ᠨᠥᠬᠦᠪᠥᠷᠢ ᠣᠯᠭᠤᠨ᠎ᠠ᠃ | ︵ᠬᠤᠶᠠᠷ︶ ᠶᠡᠷᠦᠩᠬᠡᠶ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠮᠥᠷᠲᠡᠭᠡᠨ | ᠰᠢᠨ᠎ᠡ ᠪᠠᠷ ᠣᠯᠤᠭᠰᠠᠨ ᠭᠠᠵᠠᠷ ᠰᠢᠷᠣᠶ᠂ ᠥᠪᠡᠷ ᠢᠶᠠᠨ ᠪᠠᠶᠢᠭᠤᠯᠤᠭᠰᠠᠨ ᠦᠶ᠋ᠯᠡᠳᠪᠦᠷᠢ ᠶᠢᠨ ᠬᠡᠷ ᠪᠠᠶᠢᠰᠢᠩ ᠤᠨ | ᠬᠦᠷᠢᠶᠡᠯᠡᠩ ᠳᠤ ᠣᠷᠣᠬᠤ ᠠᠵᠤ ᠦᠶ᠋ᠯᠡᠳᠪᠦᠷᠢ ᠶᠢᠨ ᠲᠥᠷᠥᠯ ᠵᠦᠶ᠋ᠯ ᠳᠤ᠂ ᠲᠥᠷᠥᠯ ᠵᠦᠶ᠋ᠯ ᠢ ᠠᠰᠢᠭᠯᠠᠯᠲᠠ ᠳᠤ | ᠣᠷᠣᠭᠤᠯᠤᠭᠰᠠᠨ ᠣᠨ ᠠᠴᠠ ᠡᠬᠢᠯᠡᠨ᠂ ᠬᠤᠰᠢᠭᠤᠨ ᠵᠠᠰᠠᠭ ᠤᠨ ᠣᠷᠳᠣᠨ ᠠᠴᠠ ᠨᠢᠭᠡ ᠠᠴᠠ ᠭᠤᠷᠪᠠᠨ ᠵᠢᠯ ᠤᠨ | ᠠᠵᠤ ᠠᠬᠤᠶᠢᠯᠠᠯ ᠤᠨ ᠭᠠᠶᠢᠯᠢ ᠲᠠᠲᠠᠪᠤᠷᠢ ᠲᠤᠰᠢᠶᠠᠬᠤ ᠬᠤᠰᠢᠭᠤᠨ ᠱᠠᠲᠤᠨ ᠤ ᠡᠳ᠋ ᠤᠨ ᠵᠠᠰᠠᠭ ᠤᠨ ᠬᠤᠪᠢᠳᠠᠨ | ᠦᠯᠡᠳᠡᠭᠡᠬᠦ ᠬᠡᠰᠡᠭ᠂ ᠳᠥᠷᠪᠡᠳᠦᠭᠡᠷ᠂ ᠲᠠᠪᠤᠳᠤᠭᠠᠷ ᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠲᠤᠰᠢᠶᠠᠬᠤ | ᠬᠤᠰᠢᠭᠤᠨ ᠱᠠᠲᠤᠨ ᠤ ᠡᠳ᠋ ᠤᠨ ᠵᠠᠰᠠᠭ ᠤᠨ ᠬᠤᠪᠢᠳᠠᠨ ᠦᠯᠡᠳᠡᠭᠡᠬᠦ ᠬᠡᠰᠡᠭ ᠤᠨ 50% ᠶᠢ ᠠᠵᠤ ᠠᠬᠤᠶᠢᠯᠠᠯ ᠳᠤ | ᠱᠠᠩᠨᠠᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠨ᠎ᠡ᠃ | ︵ᠭᠤᠷᠪᠠ︶ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠶ᠋ᠯᠡᠳᠪᠦᠷᠢ ᠶᠢᠨ ᠬᠡᠷ ᠪᠠᠶᠢᠰᠢᠩ ᠢ | ᠲᠦᠷᠢᠶᠡᠰᠦᠯᠡᠨ ᠬᠡᠷᠡᠭᠯᠡᠭᠰᠡᠨ ᠲᠥᠷᠥᠯ ᠵᠦᠶ᠋ᠯ ᠳᠤ᠂ ᠭᠠᠶᠢᠯᠢ ᠲᠠᠲᠠᠪᠤᠷᠢ ᠶᠢᠨ ᠣᠷᠣᠨ ᠨᠤᠲᠤᠭ ᠤᠨ ᠬᠤᠪᠢᠳᠠᠨ | ᠦᠯᠡᠳᠡᠭᠡᠭᠰᠡᠨ ᠬᠡᠰᠡᠭ ᠤᠨ ᠬᠤᠪᠢ ᠨᠡᠮᠡᠷᠢ ᠶᠢᠨ ᠪᠠᠶᠢᠳᠠᠯ ᠢ ᠦᠨᠳᠦᠰᠦᠯᠡᠨ ᠵᠣᠬᠢᠬᠤ ᠬᠠᠷᠢᠴᠠᠯ ᠤᠨ ᠲᠦᠷᠢᠶᠡᠰᠦᠨ | ᠮᠥᠩᠭᠦ ᠶᠢᠨ ᠨᠥᠬᠦᠪᠥᠷᠢ ᠣᠯᠭᠤᠵᠤ᠂ ᠪᠤᠴᠠᠭᠠᠨ ᠬᠤᠳᠠᠯᠳᠤᠨ ᠠᠪᠬᠤ ᠰᠠᠨᠠᠮᠵᠢ ᠲᠠᠢ ᠪᠣᠯ ᠲᠡᠳᠡᠨ ᠤ ᠬᠤᠳᠠᠯᠳᠤᠨ | ᠠᠪᠬᠤ ᠡᠷᠬᠡ ᠶᠢ ᠤᠷᠢᠳᠠᠪᠠᠷ ᠪᠠᠲᠤᠯᠠᠨ᠎ᠠ᠃ | ︵ᠳᠥᠷᠪᠡ︶ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠡᠨᠧᠷᠭᠢ ᠶᠢᠨ ᠬᠤᠷᠣᠭᠳᠠᠭᠤᠯᠤᠯ ᠶᠡᠬᠡᠲᠡᠶ | ᠲᠥᠷᠥᠯ ᠵᠦᠶ᠋ᠯ ᠨᠢ᠂ ᠨᠡᠮᠡᠭᠳᠡᠯ ᠴᠠᠬᠢᠯᠭᠠᠨ ᠲᠦᠭᠡᠭᠡᠬᠦ ᠲᠣᠤᠷ ᠪᠤᠶᠤ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ | ᠴᠠᠬᠢᠯᠭᠠᠨ ᠤ ᠲᠥᠷᠥᠯ ᠵᠦᠶ᠋ᠯ ᠢᠶᠠᠷ ᠳᠠᠮᠵᠢᠭᠤᠯᠤᠨ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠬᠠᠮᠤᠭ ᠤᠨ | ᠬᠠᠷᠠᠭᠠᠯᠵᠠᠯᠲᠤ ᠴᠠᠬᠢᠯᠭᠠᠨ ᠤ ᠦᠨ᠎ᠡ ᠶᠢ ᠬᠠᠩᠭᠠᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ | ᠪᠦᠲᠦᠮᠵᠢᠲᠡᠶ ᠪᠠᠷ ᠪᠠᠭᠤᠷᠠᠭᠤᠯᠤᠨ᠎ᠠ᠃ | ︵ᠲᠠᠪᠤ︶ ᠥᠩᠭᠡᠲᠦ ᠲᠡᠮᠦᠷᠯᠢᠭ ︵ᠦᠨᠡᠲᠦ ᠲᠡᠮᠦᠷᠯᠢᠭ ᠪᠠᠭᠲᠠᠨ᠎ᠠ︶ ᠤᠨ ᠠᠵᠤ ᠦᠶ᠋ᠯᠡᠰ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ︽ᠤᠯᠠᠭᠠᠨᠬᠠᠳᠠ ᠬᠤᠲᠠ ᠶᠢᠨ ᠥᠩᠭᠡᠲᠦ ᠲᠡᠮᠦᠷᠯᠢᠭ ᠤᠨ | ᠭᠤᠤᠯᠳᠠᠯᠭ᠎ᠠ ᠲᠠᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠦᠷ ᠬᠡᠷᠡᠭᠵᠢᠭᠦᠯᠬᠦ | ᠲᠣᠭᠲᠠᠭᠠᠯ︾ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ︵ᠵᠢᠷᠭᠤᠭ᠎ᠠ︶ ᠣᠷᠣᠭᠤᠯᠤᠨ ᠠᠪᠴᠢᠷᠠᠭᠰᠠᠨ ᠣᠶᠤᠨᠴᠢ ᠲᠣᠨᠤᠭ ᠲᠥᠬᠦᠭᠡᠷᠦᠮᠵᠢ ᠦᠶ᠋ᠯᠡᠳᠬᠦ ᠶᠢᠨ | ᠬᠤᠳᠠᠯᠳᠤᠭᠠᠴᠢᠨ ᠤᠷᠢᠬᠤ ᠲᠥᠷᠥᠯ ᠵᠦᠶ᠋ᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠤᠯᠤᠰ ᠤᠨ ᠲᠠᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ ᠦᠶ᠋ᠯᠡᠳᠪᠦᠷᠢ ᠶᠢᠨ | ᠵᠢᠷᠤᠭ ᠲᠥᠯᠥᠪᠯᠡᠭᠡ ᠶᠢᠨ ᠲᠥᠪ᠂ ᠰᠢᠨ᠎ᠡ ᠶᠢ ᠡᠭᠦᠳᠬᠦ ᠲᠥᠪ ᠢᠶᠠᠷ ᠲᠣᠰ ᠲᠣᠰ 100 ᠲᠦᠮᠡᠨ ᠲᠥᠭᠦᠷᠢᠭ ᠠᠴᠠ | 1000 ᠲᠦᠮᠡᠨ ᠲᠥᠭᠦᠷᠢᠭ ᠤᠨ ᠠᠳᠠᠯᠢ ᠪᠤᠰᠤ ᠱᠠᠩᠨᠠᠯ ᠣᠯᠭᠤᠨ᠎ᠠ᠃ | ︵ᠳᠣᠯᠤᠭ᠎ᠠ︶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠣᠨᠤᠭ ᠲᠥᠬᠦᠭᠡᠷᠦᠮᠵᠢ ᠦᠶ᠋ᠯᠡᠳᠬᠦ᠂ ᠰᠢᠨ᠎ᠡ ᠮᠠᠲ᠋ᠧᠷᠢᠶᠠᠯ ᠤᠨ ᠲᠥᠷᠥᠯ ᠵᠦᠶ᠋ᠯ ᠪᠠ ᠪᠤᠰᠤᠳ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠶ᠋ᠯ ᠳᠤ ᠬᠤᠰᠢᠭᠤᠨ ᠵᠠᠰᠠᠭ ᠤᠨ ᠣᠷᠳᠣᠨ ᠠᠴᠠ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ᠂ | ᠪᠠᠯᠠ ᠣᠷᠣᠭᠤᠯᠤᠭᠰᠠᠨ ᠠᠵᠤ ᠠᠬᠤᠶᠢᠯᠠᠯ ᠳᠤ ᠬᠠᠮᠤᠭ ᠤᠨ ᠶᠡᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠣᠯᠭᠤᠨ᠎ᠠ᠃ | ᠭᠤᠷᠪᠠ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠤᠨ ᠬᠠᠷᠠᠭᠠᠯᠵᠠᠯ ᠤᠨ | ᠲᠥᠷᠥ ᠶᠢᠨ ᠪᠤᠳᠤᠯᠭ᠎ᠠ | ︵ᠨᠢᠭᠡ︶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠰᠢᠨ᠎ᠡ ᠪᠠᠷ | ᠪᠠᠶᠢᠭᠤᠯᠤᠭᠰᠠᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠳᠤ ᠬᠡᠷᠡᠭᠯᠡᠬᠦ ᠭᠠᠵᠠᠷ᠂ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠰᠢᠷᠣᠶ ᠶᠢᠨ ᠬᠠᠮᠤᠭ ᠤᠨ ᠳᠣᠣᠷ᠎ᠠ ᠦᠨ᠎ᠡ ᠪᠠᠷ ᠯᠠᠪᠯᠠᠯᠲᠠ ᠪᠣᠯᠭᠠᠨ ᠰᠢᠯᠵᠢᠭᠦᠯᠦᠨ ᠬᠤᠳᠠᠯᠳᠤᠬᠤ | ᠰᠠᠭᠤᠷᠢ ᠦᠨ᠎ᠡ ᠶᠢ ᠲᠣᠭᠲᠠᠭᠠᠵᠤ᠂ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ︵ᠭᠠᠵᠠᠷ ᠰᠢᠷᠣᠶ ᠶᠢᠨ ᠡᠳ᠋ ᠬᠥᠷᠥᠩᠭᠡ ᠪᠠᠭᠲᠠᠬᠤ ᠦᠭᠡᠶ︶ ᠨᠢ 1 ᠳ᠋ᠦᠩᠰᠢᠭᠤᠷ ᠲᠥᠭᠦᠷᠢᠭ᠂ 2 | ᠳ᠋ᠦᠩᠰᠢᠭᠤᠷ ᠲᠥᠭᠦᠷᠢᠭ᠂ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠪᠠᠯ᠂ ᠲᠡᠭᠦᠨ ᠤᠨ ᠲᠤᠰᠢᠶᠠᠭᠰᠠᠨ | ᠭᠠᠵᠠᠷ ᠰᠢᠷᠣᠶ ᠰᠢᠯᠵᠢᠭᠦᠯᠦᠨ ᠬᠤᠳᠠᠯᠳᠤᠬᠤ ᠮᠥᠩᠭᠦ ︵ᠬᠠᠮᠢᠶ᠎ᠠ ᠪᠥᠬᠦᠢ ᠥᠪᠡᠷ ᠤᠨ ᠥᠷᠳᠡᠭ ᠪᠣᠯᠤᠨ ᠰᠠᠭᠤᠷᠢ | ᠮᠥᠩᠭᠦ ᠶᠢ ᠰᠠᠭᠤᠯᠭᠠᠨ ᠠᠪᠤᠭᠰᠠᠨ ᠤ ᠳᠠᠷᠠᠭ᠎ᠠ︶ ᠶᠢᠨ 30%᠂ 60%᠂ 90% ᠪᠠᠷ ᠵᠠᠰᠠᠭ ᠤᠨ | ᠣᠷᠳᠣᠨ ᠠᠴᠠ ᠲᠡᠳᠬᠦᠬᠦ ᠪᠡᠯᠡ ᠮᠥᠩᠭᠦ ᠣᠷᠣᠭᠤᠯᠵᠤ ᠪᠠᠶᠢᠭᠠᠳ ᠲᠥᠷᠥᠯ ᠵᠦᠢᠯ ᠤᠨ ᠢᠵᠢ ᠪᠦᠷᠢᠳᠦᠭᠦᠯᠬᠦ ᠪᠠ | ᠰᠠᠭᠤᠷᠢ ᠪᠥᠳᠥᠭᠡᠨ ᠪᠠᠶᠢᠭᠤᠯᠤᠯᠲᠠ ᠲᠤ ᠬᠡᠷᠡᠭᠯᠡᠨ᠎ᠡ ︵ᠬᠡᠷᠪᠡ ᠭᠠᠵᠠᠷ ᠰᠢᠷᠣᠶ ᠶᠢᠨ ᠬᠡᠷᠡᠭᠯᠡᠯᠲᠡ ᠶᠢ | ᠬᠤᠪᠢᠷᠠᠭᠤᠯᠬᠤ ᠳᠤ ᠬᠥᠷᠪᠡᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠪᠠ | ᠲᠥᠯᠥᠪᠵᠢᠭᠦᠯᠭᠡ ᠶᠢᠨ ᠺᠣᠮᠢᠰ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ ᠪᠥᠭᠡᠳ ᠡᠷᠬᠢᠨ ᠲᠣᠭᠤᠷᠢᠨ ᠤ ᠠᠳᠠᠯᠢ | ᠲᠥᠷᠥᠯ ᠤᠨ ᠬᠡᠷᠡᠭᠯᠡᠬᠦ ᠭᠠᠵᠠᠷ ᠰᠢᠷᠣᠶ ᠶᠢᠨ ᠬᠠᠮᠤᠭ ᠤᠨ ᠥᠨᠳᠥᠷ ᠦᠨ᠎ᠡ ᠶᠣᠰᠣᠭᠠᠷ ᠭᠠᠵᠠᠷ ᠰᠢᠷᠣᠶ | ᠰᠢᠯᠵᠢᠭᠦᠯᠦᠨ ᠬᠤᠳᠠᠯᠳᠤᠬᠤ ᠮᠥᠩᠭᠦ ᠶᠢ ᠨᠥᠬᠦᠵᠦ ᠲᠤᠰᠢᠶᠠᠯᠭᠠᠨ᠎ᠠ︶᠃ | ︵ᠬᠤᠶᠠᠷ︶ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠲᠥᠷᠥᠯ ᠵᠦᠶ᠋ᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ︽ᠤᠯᠠᠭᠠᠨᠬᠠᠳᠠ ᠬᠤᠲᠠ ᠶᠢᠨ ᠭᠤᠤᠯ ᠬᠤᠲᠠ ᠲᠣᠭᠤᠷᠢᠭ ᠤᠨ ᠲᠤᠰᠬᠠᠶ ᠵᠠᠬ᠎ᠠ | ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ | ᠵᠠᠰᠠᠪᠤᠷᠢ ᠣᠷᠣᠭᠤᠯᠤᠭᠰᠠᠨ ᠬᠡᠪᠯᠡᠯ︶︾ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ︵ᠭᠤᠷᠪᠠ︶ ᠨᠡᠶᠢᠭᠡᠮ ᠤᠨ ᠬᠦᠴᠦᠨ ᠠᠴᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠳᠤ ᠪᠠᠯᠠ ᠣᠷᠣᠭᠤᠯᠬᠤ ᠶᠢ ᠳᠡᠮᠵᠢᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠭᠠᠵᠠᠷ ᠰᠢᠷᠣᠶ ᠶᠢᠨ ᠬᠡᠰᠡᠭ ᠢ ᠪᠠᠭᠲᠠᠭᠠᠬᠤ ᠥᠬᠡᠶ︶ ᠨᠢ 10 | ᠳ᠋ᠦᠩᠰᠢᠭᠤᠷ ᠲᠥᠭᠦᠷᠢᠭ ︵10 ᠳ᠋ᠦᠩᠰᠢᠭᠤᠷ ᠲᠥᠭᠦᠷᠢᠭ ᠪᠠᠭᠲᠠᠨ᠎ᠠ︶ ᠠᠴᠠ ᠳᠡᠭᠡᠭᠰᠢ᠂ 5 ᠳ᠋ᠦᠩᠰᠢᠭᠤᠷ | ᠲᠥᠭᠦᠷᠢᠭ ︵5 ᠳ᠋ᠦᠩᠰᠢᠭᠤᠷ ᠲᠥᠭᠦᠷᠢᠭ ᠪᠠᠭᠲᠠᠨ᠎ᠠ︶ ᠠᠴᠠ 10 ᠳ᠋ᠦᠩᠰᠢᠭᠤᠷ ᠲᠥᠭᠦᠷᠢᠭ᠂ 1 ᠳ᠋ᠦᠩᠰᠢᠭᠤᠷ | ᠲᠥᠭᠦᠷᠢᠭ ︵1 ᠳ᠋ᠦᠩᠰᠢᠭᠤᠷ ᠲᠥᠭᠦᠷᠢᠭ ᠪᠠᠭᠲᠠᠨ᠎ᠠ︶ ᠠᠴᠠ 5 ᠳ᠋ᠦᠩᠰᠢᠭᠤᠷ ᠲᠥᠭᠦᠷᠢᠭ ᠤᠨ ᠰᠣᠶᠣᠯ ᠪᠠ | ᠵᠢᠭᠤᠯᠴᠢᠯᠠᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠶ᠋ᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠪᠣᠳᠠᠲᠠᠶ ᠪᠠᠯᠠ ᠣᠷᠣᠭᠤᠯᠤᠯᠲᠠ ᠶᠢᠨ ᠲᠣᠭᠠᠨ ᠤ 3%᠂ 2%᠂ 1% ᠶᠢᠨ ᠬᠠᠷᠢᠴᠠᠯ ᠢᠶᠠᠷ ᠱᠠᠩᠨᠠᠵᠤ᠂ ᠬᠠᠮᠤᠭ | ᠥᠨᠳᠥᠷ ᠲᠡᠭᠡᠨ 3000 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠣᠯᠭᠤᠨ᠎ᠠ᠃ | ︵ᠳᠥᠷᠪᠡ︶ ᠮᠠᠨ ᠤ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠣᠶᠣᠯ ᠤᠨ | ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | 1. ᠰᠢᠨ᠎ᠡ ᠪᠠᠷ ᠪᠠᠶᠢᠭᠤᠯᠤᠭᠰᠠᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠨᠢᠭᠡ ᠤᠳᠠᠭ᠎ᠠ ᠳᠤ 1000 ᠲᠦᠮᠡᠨ | ᠲᠥᠭᠦᠷᠢᠭ ᠢᠶᠠᠷ ᠱᠠᠩᠨᠠᠨ᠎ᠠ︔ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ ᠰᠢᠨ᠎ᠡ ᠪᠠᠷ | ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 500 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ 3A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ | ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠪᠠᠶᠢᠭᠤᠯᠤᠭᠰᠠᠨ ᠤᠯᠤᠰ ᠤᠨ ᠪᠥᠬᠦ | ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ | ᠵᠡᠭᠡᠯᠢ ᠲᠣᠭᠤᠷᠢᠭ᠂ ᠤᠯᠤᠰ ᠤᠨ ᠲᠠᠰ ᠤᠨ ᠵᠢᠭᠤᠯᠴᠢᠯᠠᠯ ᠤᠨ ᠴᠠᠰᠤᠨ ᠳᠤ ᠭᠤᠯᠭᠤᠬᠤ ᠠᠮᠠᠷᠠᠯᠲᠠ ᠶᠢᠨ ᠭᠠᠵᠠᠷ ᠢ | ᠨᠢᠭᠡ ᠤᠳᠠᠭ᠎ᠠ ᠶᠢᠨ ᠴᠢᠨᠠᠷᠲᠠᠶ ᠪᠠᠷ 300 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠪᠠᠶᠢᠭᠤᠯᠤᠭᠰᠠᠨ | 5C ᠲᠠᠰ᠂ 4C ᠲᠠᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠪᠠᠭᠤᠳᠠᠯᠯᠠᠬᠤ ᠭᠠᠵᠠᠷ ᠢ ᠨᠢᠭᠡ | ᠤᠳᠠᠭ᠎ᠠ ᠶᠢᠨ ᠴᠢᠨᠠᠷᠲᠠᠶ ᠪᠠᠷ ᠲᠣᠰ ᠲᠣᠰ 200 ᠲᠦᠮᠡᠨ ᠲᠥᠭᠦᠷᠢᠭ᠂ 100 ᠲᠦᠮᠡᠨ ᠲᠥᠭᠦᠷᠢᠭ ᠢᠶᠠᠷ ᠱᠠᠩᠨᠠᠨ᠎ᠠ | ︔ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ᠂ ᠲᠣᠰᠬᠤᠨ ᠢᠶᠠᠷ | ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ ᠲᠣᠰ ᠲᠣᠰ 200 ᠲᠦᠮᠡᠨ ᠲᠥᠭᠦᠷᠢᠭ | ᠂ 100 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ | ᠂ ᠨᠢᠭᠡ ᠤᠳᠠᠭ᠎ᠠ ᠳᠤ 30 ᠲᠦᠮᠡᠨ | 2. ᠰᠢᠨ᠎ᠡ ᠪᠠᠷ ᠪᠠᠶᠢᠭᠤᠯᠤᠭᠰᠠᠨ ᠤᠯᠤᠰ ᠤᠨ ᠲᠠᠰ ᠤᠨ ᠰᠣᠶᠣᠯ ᠤᠨ ᠠᠵᠤ ᠦᠶ᠋ᠯᠡᠰ ᠤᠨ ᠬᠦᠷᠢᠶᠡᠯᠡᠩ | ᠲᠣᠭᠤᠷᠢᠭ ︵ᠵᠢᠱᠢᠶ᠎ᠡ ᠦᠵᠡᠭᠦᠯᠬᠦ ᠰᠠᠭᠤᠷᠢᠨ ᠭᠠᠵᠠᠷ︶᠂ ᠤᠯᠤᠰ ᠤᠨ ᠲᠠᠰ ᠤᠨ ᠰᠣᠶᠣᠯ ᠪᠠ ᠵᠢᠭᠤᠯᠴᠢᠯᠠᠯ ᠤᠨ | ᠰᠥᠨᠢ ᠶᠢᠨ ᠬᠡᠷᠡᠭᠯᠡᠭᠡᠨ ᠤ ᠲᠥᠪᠯᠡᠷᠡᠭᠰᠡᠨ ᠣᠷᠣᠨ ᠳᠤ ᠲᠣᠰ ᠲᠣᠰ 500 ᠲᠦᠮᠡᠨ ᠲᠥᠭᠦᠷᠢᠭ ᠤᠨ ᠨᠢᠭᠡ | ᠤᠳᠠᠭ᠎ᠠ ᠶᠢᠨ ᠴᠢᠨᠠᠷᠲᠠᠶ ᠪᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ | ᠦᠶ᠋ᠯᠡᠰ ᠤᠨ ᠬᠦᠷᠢᠶᠡᠯᠡᠩ ᠲᠣᠭᠤᠷᠢᠭ ︵ᠵᠢᠱᠢᠶ᠎ᠡ ᠦᠵᠡᠭᠦᠯᠬᠦ ᠰᠠᠭᠤᠷᠢᠨ ᠭᠠᠵᠠᠷ︶ ᠪᠣᠯᠭᠠᠨ ᠰᠢᠨ᠎ᠡ ᠪᠠᠷ ᠡᠭᠦᠳᠦᠨ | ᠪᠠᠶᠢᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠪᠠ ᠵᠢᠭᠤᠯᠴᠢᠯᠠᠯ ᠤᠨ ᠰᠥᠨᠢ ᠶᠢᠨ | ᠬᠡᠷᠡᠭᠯᠡᠭᠡᠨ ᠤ ᠲᠥᠪᠯᠡᠷᠡᠭᠰᠡᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ | ᠵᠡᠭᠡᠯᠢ ᠲᠣᠭᠤᠷᠢᠭ ᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠢᠶᠠᠷ ᠱᠠᠩᠨᠠᠨ᠎ᠠ᠃ | 3. ᠰᠢᠨ᠎ᠡ ᠪᠠᠷ ᠪᠠᠶᠢᠭᠤᠯᠤᠭᠰᠠᠨ ᠲᠠᠪᠤᠨ ᠣᠳᠣᠨ ᠲᠠᠰ᠂ ᠳᠥᠷᠪᠡᠨ ᠣᠳᠣᠨ ᠲᠠᠰ᠂ ᠭᠤᠷᠪᠠᠨ ᠣᠳᠣᠨ | ᠲᠠᠰ ᠤᠨ ᠪᠠᠭᠤᠳᠠᠯ ᠢ ᠲᠣᠰ ᠲᠣᠰ ᠨᠢᠭᠡ ᠤᠳᠠᠭ᠎ᠠ ᠳᠤ 200 ᠲᠦᠮᠡᠨ ᠲᠥᠭᠦᠷᠢᠭ᠂ 100 ᠲᠦᠮᠡᠨ ᠲᠥᠭᠦᠷᠢᠭ᠂ | 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠪᠠᠶᠢᠭᠤᠯᠤᠭᠰᠠᠨ ᠬᠥᠬᠡ ᠲᠠᠰ᠂ ᠬᠥᠬᠡᠭᠴᠢᠨ ᠲᠠᠰ᠂ | ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠨᠢᠭᠡ ᠤᠳᠠᠭ᠎ᠠ ᠳᠤ ᠲᠣᠰ ᠲᠣᠰ 300 | ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ | ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ᠂ ᠳᠥᠷᠪᠡᠨ ᠣᠳᠣᠨ ᠲᠠᠰ᠂ ᠭᠤᠷᠪᠠᠨ | ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢ | ᠨᠢᠭᠡ ᠤᠳᠠᠭ᠎ᠠ ᠶᠢᠨ ᠴᠢᠨᠠᠷᠲᠠᠶ ᠪᠠᠷ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 | ᠲᠦᠮᠡᠨ ᠲᠥᠭᠦᠷᠢᠭ ᠢᠶᠠᠷ ᠱᠠᠩᠨᠠᠨ᠎ᠠ᠃ | 4. ᠰᠢᠨ᠎ᠡ ᠪᠠᠷ ᠪᠠᠶᠢᠭᠤᠯᠤᠭᠰᠠᠨ 5A ᠲᠠᠰ᠂ 4A ᠲᠠᠰ ᠤᠨ ᠵᠢᠭᠤᠯᠴᠢᠯᠠᠯ ᠤᠨ ᠺᠣᠮᠫᠠᠨᠢ ᠶᠢ ᠲᠣᠰ ᠲᠣᠰ | ᠨᠢᠭᠡ ᠤᠳᠠᠭ᠎ᠠ ᠳᠤ 5 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠲᠠᠰ ᠤᠨ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠶᠢ | ᠰᠢᠨ᠎ᠡ ᠪᠠᠷ ᠭᠥᠷᠳᠡᠪᠡᠯ᠂ ᠲᠣᠰ ᠲᠣᠰ ᠨᠢᠭᠡ ᠤᠳᠠᠭ᠎ᠠ ᠳᠤ 20 ᠲᠦᠮᠡᠨ ᠲᠥᠭᠦᠷᠢᠭ᠂ 10 ᠲᠦᠮᠡᠨ | ᠲᠥᠭᠦᠷᠢᠭ ᠢᠶᠠᠷ ᠱᠠᠩᠨᠠᠨ᠎ᠠ︔ ᠤᠯᠤᠰ ᠤᠨ ᠠᠯᠲᠠᠨ ᠮᠧᠳᠠᠯ ᠤᠨ ᠵᠠᠮᠴᠢᠯᠠᠭᠴᠢ ᠶᠢᠨ ᠴᠣᠯᠠ ᠶᠢ ᠰᠢᠨ᠎ᠡ ᠪᠠᠷ | ᠣᠯᠤᠭᠰᠠᠨ ᠪᠠᠶᠢᠪᠠᠯ᠂ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ︔ ᠰᠣᠶᠣᠯ ᠪᠠ ᠵᠢᠭᠤᠯᠴᠢᠯᠠᠯ | ᠤᠨ ᠲᠠᠸᠠᠷ ᠪᠤᠶᠤ ᠵᠢᠷᠤᠭ ᠲᠥᠯᠥᠪᠯᠡᠭᠡ ᠶᠢᠨ ᠤᠷᠤᠯᠳᠤᠭᠠᠨ ᠤ ᠤᠯᠤᠰ ᠤᠨ ᠳᠡᠰ ᠤᠨ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠰᠢᠨ᠎ᠡ ᠪᠠᠷ ᠣᠯᠤᠭᠰᠠᠨ ᠪᠣᠯ ᠲᠤᠰ ᠲᠤᠰ 5 ᠲᠦᠮᠡᠨ | ᠲᠥᠭᠦᠷᠢᠭ᠂ 3 ᠲᠦᠮᠡᠨ ᠲᠥᠭᠦᠷᠢᠭ᠂ 2 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠨᠢᠭᠡ ᠤᠳᠠᠭ᠎ᠠ ᠶᠢᠨ ᠴᠢᠨᠠᠷᠲᠠᠶ ᠱᠠᠩᠨᠠᠵᠤ᠂ ᠲᠤᠰ | ᠲᠤᠰ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ᠂ ᠬᠤᠳᠠ ᠶᠢᠨ ᠳᠡᠰ ᠤᠨ | ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠨᠢᠭᠡ ᠤᠳᠠᠭ᠎ᠠ ᠶᠢᠨ ᠴᠢᠨᠠᠷᠲᠠᠶ ᠱᠠᠩᠨᠠᠵᠤ᠂ ᠲᠤᠰ | ᠲᠤᠰ 1 ᠲᠦᠮᠡᠨ ᠲᠥᠭᠦᠷᠢᠭ᠂ 5000 ᠲᠥᠭᠦᠷᠢᠭ᠂ 3000 ᠲᠥᠭᠦᠷᠢᠭ ᠢ ᠨᠢᠭᠡ ᠤᠳᠠᠭ᠎ᠠ ᠶᠢᠨ ᠴᠢᠨᠠᠷᠲᠠᠶ | ᠱᠠᠩᠨᠠᠨ᠎ᠠ᠃ | 5. ᠬᠤᠰᠢᠭᠤᠨ ᠰᠣᠶᠣᠯ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ | ᠮᠥᠩᠭᠦ ᠶᠢ ᠬᠤᠰᠢᠭᠤᠨ ᠵᠠᠰᠠᠭ ᠤᠨ ᠣᠷᠳᠣᠨ ᠠᠴᠠ ᠤᠯᠠᠭᠠᠨᠬᠠᠳᠠ ᠬᠤᠲᠠ ᠳᠤ ᠮᠡᠳᠡᠭᠦᠯᠬᠦ ᠶᠢᠨ ᠬᠠᠮᠲᠤ᠂ ᠬᠤᠲᠠ᠂ | ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ ᠤᠨ 4᠄ 6 ᠶᠢᠨ ᠬᠠᠷᠢᠴᠠᠯ ᠢᠶᠠᠷ ᠬᠠᠮᠢᠶ᠎ᠠ ᠪᠥᠬᠦᠶ ᠱᠠᠩᠨᠠᠯ ᠢ | ᠰᠠᠯᠭᠠᠨ ᠥᠭᠴᠦ ᠣᠯᠭᠤᠨ᠎ᠠ᠃ | ᠳᠥᠷᠪᠡ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠵᠢᠴᠢ ᠶᠡᠷᠦᠩᠬᠡᠶ ᠬᠡᠯᠲᠡᠰ ᠤᠨ | ᠠᠵᠤ ᠠᠬᠤᠶ ᠶᠢᠨ ᠲᠥᠷᠥ ᠶᠢᠨ ᠪᠣᠳᠣᠯᠭ᠎ᠠ | ︵ᠨᠢᠭᠡ︶ ᠳᠠᠩᠰᠠᠯᠠᠭᠤᠯᠤᠭᠰᠠᠨ ᠭᠠᠵᠠᠷ ᠨᠢ ᠮᠠᠨ ᠤ ᠬᠤᠰᠢᠭᠤᠨ ᠳᠤ ᠪᠠᠶᠢᠭ᠎ᠠ ᠠᠵᠤ ᠠᠬᠤᠶᠢᠯᠠᠯ ᠤᠨ ᠫᠠᠶᠢᠰᠠ | ᠡᠯᠭᠦᠨ ᠵᠠᠬ᠎ᠠ ᠳᠡᠯᠭᠡᠭᠦᠷ ᠲᠤ ᠭᠠᠷᠤᠭᠰᠠᠨ ᠢ ︽ᠤᠯᠠᠭᠠᠨᠬᠠᠳᠠ ᠬᠤᠲᠠ ᠶᠢᠨ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠤᠭᠰᠠᠨ ᠢ ᠱᠠᠩᠨᠠᠬᠤ ᠠᠷᠭ᠎ᠠ︾ ᠶᠣᠰᠣᠭᠠᠷ ᠱᠠᠩᠨᠠᠨ᠎ᠠ᠃ | ︵ᠬᠤᠶᠠᠷ︶ ᠬᠤᠲᠠ ᠶᠢᠨ ᠭᠠᠳᠠᠨᠠᠬᠢ ᠠᠵᠤ ᠠᠬᠤᠶᠢᠯᠠᠯ ᠮᠠᠨ ᠤ ᠬᠤᠰᠢᠭᠤᠨ ᠳᠤ ᠢᠷᠡᠵᠦ ᠶᠡᠷᠦᠩᠬᠡᠶ ᠬᠡᠯᠲᠡᠰ | ᠪᠠᠶᠢᠭᠤᠯᠵᠤ᠂ ᠵᠢᠯ ᠤᠨ ᠭᠠᠶᠢᠯᠢ ᠲᠤᠰᠢᠶᠠᠬᠤ ᠲᠤᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ | ᠭᠤᠷᠪᠠᠨ ᠵᠢᠯ ᠤᠨ ᠳᠣᠲᠣᠷ᠎ᠠ ᠲᠣᠰ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢ ᠪᠡᠶᠡᠯᠡᠭᠦᠯᠦᠭᠡᠳ ᠪᠣᠶ ᠪᠣᠯᠤᠭᠰᠠᠨ | ᠬᠤᠰᠢᠭᠤᠨ ᠱᠠᠲᠤᠨ ᠤ ᠡᠳ᠋ ᠤᠨ ᠵᠠᠰᠠᠭ ᠤᠨ ᠬᠤᠪᠢᠳᠠᠨ ᠦᠯᠡᠳᠡᠭᠡᠭᠰᠡᠨ ᠬᠡᠰᠡᠭ ᠤᠨ 80% ᠶᠢ ᠠᠵᠤ | ᠠᠬᠤᠶᠢᠯᠠᠯ ᠳᠤ ᠱᠠᠩᠨᠠᠨ᠎ᠠ᠃ | ᠲᠠᠪᠤ᠂ ︽ᠨᠢᠭᠡ ᠬᠡᠷᠡᠭ ᠢ ᠨᠢᠭᠡ ᠵᠥᠪᠯᠡᠬᠦ︾ ᠲᠥᠷᠥ ᠶᠢᠨ ᠪᠣᠳᠣᠯᠭ᠎ᠠ | ᠳᠠᠶᠢᠴᠢᠯᠠᠬᠤ ᠴᠢᠨᠠᠷ ᠢᠶᠠᠷ ᠴᠢᠩᠭ᠎ᠠ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠠᠬᠢᠭᠤᠯᠬᠤ᠂ | ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠳᠤ ᠬᠤᠪᠢ ᠨᠡᠮᠡᠷᠢ | ᠶᠡᠬᠡᠲᠡᠶ ᠭᠤᠣᠯᠳᠠᠯᠭ᠎ᠠ ᠲᠠᠢ ᠠᠵᠤ ᠦᠢᠯᠡᠰ᠂ ᠴᠢᠬᠤᠯᠠ ᠶᠡᠭᠡ ᠵᠦᠢᠯᠡᠰ ᠪᠠ ︽ᠵᠢᠵᠢᠭ ᠠᠪᠤᠷᠭᠤ ᠬᠥᠮᠦᠨ︾ ᠤ | ᠠᠵᠤ ᠠᠬᠤᠶᠢᠯᠠᠯ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠳᠤ ︽ᠨᠢᠭᠡ ᠬᠡᠷᠡᠭ ᠢ ᠨᠢᠭᠡ ᠵᠥᠪᠯᠡᠬᠦ︾ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ | ᠵᠢᠷᠭᠤᠭ᠎ᠠ᠂ ᠲᠥᠷᠥᠯ ᠵᠦᠢᠯ ᠣᠨ ᠦᠢᠯᠡᠴᠢᠯᠡᠭᠡᠨ ᠤ ᠲᠥᠷᠥ ᠶᠢᠨ ᠪᠤᠳᠤᠯᠭ᠎ᠠ | ︵ᠨᠢᠭᠡ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶ᠋ᠯ ᠤᠨ ᠪᠠᠶᠢᠭ᠎ᠠ ᠭᠠᠵᠠᠷ ᠤᠨ ᠰᠤᠮᠤ | ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠪᠠ ᠲᠥᠷᠥᠯ ᠵᠦᠶ᠋ᠯ ᠤᠨ ᠬᠠᠮᠢᠶ᠎ᠠ ᠪᠥᠬᠦᠶ ᠭᠠᠷᠳᠠᠮ ᠢ ᠭᠦᠶ᠋ᠴᠡᠳᠬᠡᠵᠦ | ᠪᠠᠶᠢᠭ᠎ᠠ ᠬᠢᠨᠠᠨ ᠪᠠᠶᠢᠴᠠᠭᠠᠬᠤ ᠳᠤ ᠬᠤᠯᠪᠣᠭᠳᠠᠬᠤ ᠰᠠᠯᠠᠭ᠎ᠠ ᠮᠥᠴᠢᠷ ᠤᠳ ᠲᠤᠰᠬᠠᠶ ᠠᠩᠭᠢ ᠪᠠᠶᠢᠭᠤᠯᠵᠤ᠂ ᠪᠥᠬᠦ | ᠶᠠᠪᠤᠴᠠ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠤᠨ ︽ᠬᠠᠪᠰᠤᠷᠤᠨ ᠭᠦᠶ᠋ᠴᠡᠳᠬᠡᠬᠦ᠂ | ᠣᠷᠣᠯᠠᠨ ᠭᠦᠶ᠋ᠴᠡᠳᠬᠡᠬᠦ︾ ᠠᠵᠢᠯ ᠢ ᠬᠡᠷᠡᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠬᠦ᠂ ᠡᠮᠦᠨᠡᠰᠢ ᠪᠠᠨ | ᠦᠶ᠋ᠯᠡᠴᠢᠯᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ᠂ | ᠪᠥᠲᠥᠭᠡᠨ ᠪᠠᠶᠢᠭᠤᠯᠬᠤ᠂ ᠡᠵᠡᠩᠨᠡᠬᠦ ᠵᠡᠷᠭᠡ ᠳᠤ ᠪᠥᠬᠦ ᠶᠠᠪᠤᠴᠠ ᠶᠢᠨ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ | ᠬᠠᠩᠭᠠᠨ᠎ᠠ᠃ | ︵ᠬᠤᠶᠠᠷ︶ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠲᠥᠷᠥᠯ ᠵᠦᠶ᠋ᠯ ᠨᠢᠭᠡᠪᠦᠷᠢ ᠳᠤ ᠨᠢᠭᠡ ᠭᠠᠵᠠᠷ ᠤᠨ | ᠲᠠᠰ ᠤᠨ ᠤᠳᠤᠷᠢᠳᠤᠯᠭ᠎ᠠ ᠪᠠ ᠨᠢᠭᠡ ᠰᠠᠯᠠᠭᠠᠨ ᠤ ᠲᠠᠰ ᠤᠨ ᠺᠠᠳ᠋ᠷ ᠢ ᠲᠣᠳᠣᠷᠬᠠᠶᠢᠯᠠᠵᠤ᠂ ︽ᠨᠢᠭᠡ ᠳᠤ ᠨᠢᠭᠡ︾ ᠪᠠᠷ | ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠮᠥᠷᠳᠡᠨ ᠵᠣᠬᠢᠴᠠᠭᠤᠯᠵᠤ | ᠰᠢᠢᠳᠪᠦᠷᠢᠯᠡᠨ᠎ᠡ᠃ | ︵ᠭᠤᠷᠪᠠ︶ ᠮᠠᠨ ᠤ ᠬᠤᠰᠢᠭᠤᠨ ᠳᠤ ᠪᠠᠯᠠ ᠣᠷᠣᠭᠤᠯᠬᠤ ᠪᠠᠷ ᠢᠷᠡᠭᠰᠡᠨ ᠬᠤᠳᠠᠯᠳᠤᠭᠠᠴᠢᠨ ᠤᠷᠢᠬᠤ ᠠᠵᠤ | ᠠᠬᠤᠶᠢᠯᠠᠯ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠵᠦ᠂ ᠣᠷᠴᠢᠨ | ᠲᠣᠭᠤᠷᠢᠨ ᠤ ᠰᠢᠯᠢᠳᠡᠭᠵᠢᠯᠲᠡ ᠶᠢ ᠪᠠᠲᠤᠯᠠᠨ᠂ ᠦᠶ᠋ᠯᠡᠴᠢᠯᠡᠭᠡᠨ ᠤ ᠪᠣᠳᠠᠲᠠᠶᠢᠵᠢᠯᠲᠠ ᠶᠢ ᠠᠬᠢᠭᠤᠯᠵᠤ᠂ ᠠᠵᠤ | ᠠᠬᠤᠶᠢᠯᠠᠯ ᠤᠨ ᠬᠡᠪ ᠤᠨ ᠦᠶ᠋ᠯᠡᠳᠪᠦᠷᠢᠯᠡᠯ ᠢ ᠬᠠᠮᠠᠭᠠᠯᠠᠨ᠎ᠠ᠃ | ᠳᠣᠯᠤᠭ᠎ᠠ᠂ ᠬᠤᠳᠠᠯᠳᠤᠭᠠᠴᠢᠨ ᠤᠷᠢᠬᠤ ᠶᠢ ᠱᠠᠩᠨᠠᠬᠤ ᠲᠥᠷᠥ ᠶᠢᠨ ᠪᠣᠳᠣᠯᠭ᠎ᠠ | ︵ᠨᠢᠭᠡ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠪᠠᠶᠢᠭᠠᠯᠢ ᠬᠥᠮᠦᠨ ᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠳᠤ ᠣᠷᠣᠯᠴᠠᠬᠤ ᠶᠢ ᠵᠣᠷᠢᠭᠵᠢᠭᠤᠯᠵᠤ᠂ ᠮᠠᠨ ᠤ ᠬᠤᠰᠢᠭᠤᠨ ᠤ ᠣᠳᠣ ᠪᠠᠶᠢᠭ᠎ᠠ ᠠᠵᠤ | ᠠᠬᠤᠶᠢᠯᠠᠯ ᠤᠨ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠵᠣᠷᠢᠭᠵᠢᠭᠤᠯᠵᠤ᠂ ᠪᠡᠯᠡ ᠣᠷᠣᠭᠤᠯᠵᠤ | ᠠᠪᠴᠢᠷᠠᠭᠠᠳ ᠠᠮᠵᠢᠯᠲᠠ ᠣᠯᠤᠭᠰᠠᠳ ᠤᠨ ᠳᠠᠩ ᠴᠣᠭᠴᠠᠲᠤ ᠲᠥᠷᠥᠯ ᠵᠦᠢᠯ ᠤᠨ ᠨᠢᠭᠡ ᠤᠳᠠᠭ᠎ᠠ ᠶᠢᠨ ᠴᠢᠨᠠᠷᠲᠠᠶ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2000 ᠲᠦᠮᠡᠨ ᠲᠥᠭᠦᠷᠢᠭ ᠠᠴᠠ 5000 ᠲᠦᠮᠡᠨ | ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠢᠯ ︵2000 ᠲᠦᠮᠡᠨ ᠲᠥᠭᠦᠷᠢᠭ ᠤᠨ ᠠᠷᠠᠳ ᠤᠨ | ᠵᠣᠭᠤᠰ ᠤᠨ ᠲᠥᠷᠥᠯ ᠵᠦᠢᠯ ᠪᠠᠭᠲᠠᠨ᠎ᠠ︶ ᠳᠤ 10 ᠲᠦᠮᠡᠨ ᠲᠥᠭᠦᠷᠢᠭ ᠢᠶᠠᠷ ᠱᠠᠩᠨᠠᠨ᠎ᠠ᠃ ᠲᠠᠩ ᠴᠣᠭᠴᠠᠲᠤ | ᠲᠥᠷᠥᠯ ᠵᠦᠶ᠋ᠯ ᠤᠨ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 5000 | ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠶ᠋ᠯ ︵1 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠶ᠋ᠯ ᠪᠠᠭᠲᠠᠨ᠎ᠠ︶ ᠢ ᠣᠷᠣᠭᠤᠯᠤᠨ ᠠᠪᠴᠢᠷᠠᠵᠤ | 50 ᠲᠦᠮᠡᠨ ᠲᠥᠭᠦᠷᠢᠭ ᠢᠶᠠᠷ ᠱᠠᠩᠨᠠᠨ᠎ᠠ᠃ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 1 ᠳ᠋ᠦᠩᠰᠢᠭᠤᠷ ᠲᠥᠭᠦᠷᠢᠭ ᠠᠴᠠ 5 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ | ᠲᠥᠷᠥᠯ ᠵᠦᠶ᠋ᠯ ︵5 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠶ᠋ᠯ ᠪᠠᠭᠲᠠᠨ᠎ᠠ︶ ᠢ | ᠣᠷᠣᠭᠤᠯᠤᠨ ᠠᠪᠴᠢᠷᠠᠭᠰᠠᠨ ᠢ 100 ᠲᠦᠮᠡᠨ ᠲᠥᠭᠦᠷᠢᠭ ᠢᠶᠠᠷ ᠱᠠᠩᠨᠠᠵᠤ᠂ ᠨᠢᠭᠡ ᠤᠳᠠᠭ᠎ᠠ ᠶᠢᠨ ᠴᠢᠨᠠᠷᠲᠠᠶ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠣᠷᠣᠭᠤᠯᠤᠨ ᠠᠪᠴᠢᠷᠠᠭᠰᠠᠨ ᠢ ᠠᠷᠠᠳ ᠤᠨ ᠵᠣᠭᠤᠰ ᠢᠶᠠᠷ 5 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠢ 200 ᠲᠦᠮᠡᠨ ᠲᠥᠭᠦᠷᠢᠭ ᠢᠶᠠᠷ ᠱᠠᠩᠨᠠᠵᠤ᠂ 50 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠶ᠋ᠯ ᠢ ᠣᠷᠣᠭᠤᠯᠤᠨ ᠠᠪᠴᠢᠷᠠᠭᠰᠠᠨ ᠳᠤ ︽ | ᠨᠢᠭᠡ ᠬᠡᠷᠡᠭ ᠢ ᠨᠢᠭᠡ ᠵᠥᠪᠯᠡᠬᠦ︾ ᠵᠠᠷᠴᠢᠮ ᠶᠣᠰᠣᠭᠠᠷ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ︵ᠬᠤᠶᠠᠷ︶ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠠᠵᠢᠯ ᠳᠤ ᠵᠣᠬᠢᠬᠤ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠪᠠ ᠪᠠᠶᠢᠭᠠᠯᠢ | ᠬᠥᠮᠦᠨ ᠳᠤ ᠪᠠᠯᠠ ᠮᠥᠩᠭᠦ ᠶᠢᠨ ᠱᠠᠩᠨᠠᠯ ᠣᠯᠭᠤᠨ᠎ᠠ᠃ | ︵ᠭᠤᠷᠪᠠ︶ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ | ᠠᠵᠢᠯ ᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠳᠤᠮᠳᠠ ᠲᠣᠪᠤᠶᠢᠮ᠎ᠠ | ᠠᠮᠵᠢᠯᠲᠠ ᠪᠦᠲᠦᠮᠵᠢ ᠣᠯᠤᠭᠰᠠᠨ᠂ ᠵᠣᠬᠢᠬᠤ ᠬᠤᠪᠢ ᠨᠡᠮᠡᠷᠢ ᠦᠵᠡᠭᠦᠯᠦᠭᠰᠡᠨ ᠨᠢᠭᠡᠴᠡ᠂ ᠰᠠᠯᠠᠭ᠎ᠠ ᠮᠥᠴᠢᠷ ᠪᠠ | ᠬᠤᠪᠢ ᠬᠥᠮᠦᠨ ᠳᠤ ᠢᠷᠠᠭᠤ ᠠᠯᠳᠠᠷ ᠤᠨ ᠴᠣᠯᠠ ᠪᠠ ᠪᠠᠯᠠ ᠮᠥᠩᠭᠦ ᠶᠢᠨ ᠱᠠᠩᠨᠠᠯ ᠣᠯᠭᠤᠨ᠎ᠠ᠃ | ᠨᠠᠢᠮᠠ᠂ ᠳᠡᠭᠡᠷᠡᠬᠢ ᠪᠤᠢ ᠪᠥᠬᠦᠢ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠴᠥᠮ ︽ᠥᠨᠳᠥᠷ ᠢ ᠨᠢ | ᠳᠠᠪᠬᠤᠷᠳᠠᠭᠤᠯᠬᠤ ᠥᠭᠡᠢ︾ ᠪᠠᠶᠢᠬᠤ ᠵᠠᠷᠴᠢᠮ ᠤᠨ ᠶᠣᠰᠣᠭᠠᠷ ᠱᠠᠩᠨᠠᠨ ᠬᠥᠬᠢᠭᠦᠯᠦᠨ᠎ᠡ᠃ | ᠶᠢᠰᠦ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠲᠣᠰ | ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠪᠣᠳᠠᠲᠠᠶᠢᠵᠢᠭᠤᠯᠤᠭᠰᠠᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠡᠳᠦᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶ᠋ᠯ ᠢ ᠭᠡᠷ᠎ᠡ ᠲᠣᠭᠲᠠᠬᠤ ᠦᠶ᠎ᠡ ᠶᠢᠨ | ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ | ᠳᠠᠷᠠᠭ᠎ᠠ ᠭᠡᠷ᠎ᠡ ᠲᠣᠭᠲᠠᠨ ᠨᠠᠶᠢᠳᠠᠪᠤᠷᠢᠵᠢᠭᠤᠯᠤᠭᠰᠠᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠲᠥᠷᠥᠯ ᠵᠦᠶ᠋ᠯ ᠢ | ᠲᠣᠰ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠤᠤᠯ ᠤᠨ ᠡᠯ᠎ᠡ ᠬᠤᠳᠠᠯᠳᠤᠭᠠᠴᠢᠨ ᠤᠷᠢᠵᠤ ᠪᠠᠯᠠ | ᠲᠠᠲᠠᠬᠤ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠨ᠎ᠠ᠃ | ᠠᠷᠪᠠ᠂ ᠲᠣᠰ ᠲᠥᠷᠥ ᠶᠢᠨ ᠪᠣᠳᠣᠯᠭ᠎ᠠ ᠶᠢᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠪᠠᠭᠠᠷᠢᠨ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃ |