ᠲᠦᠷᠦᠭᠦᠬᠡᠨ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ 2023 ᠣᠨ ᠤ ᠤᠯᠤᠰ ᠤᠨ | ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠢᠱᠢᠶᠡᠴᠢ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠥᠪᠥᠷ | ᠮᠣᠩᠭᠤᠯ ᠤᠨ ᠮᠧᠩ ᠨᠢᠦ ᠰᠦᠨ ᠤ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠰᠣᠩᠭᠤᠭᠳᠠᠪᠠ᠃ 2009 ᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ | ᠮᠡᠷᠭᠡᠵᠢᠯ ᠤᠨ ᠲᠥᠪ ᠢᠶᠠᠷ ᠦᠨᠡᠮᠰᠢᠭᠳᠡᠭᠰᠡᠨ ᠥᠪᠥᠷ ᠮᠣᠩᠭᠤᠯ ᠤᠨ ᠮᠧᠩ ᠨᠢᠦ ᠰᠦᠨ ᠤ ᠦᠢᠯᠡᠰ ᠤᠨ ︵ᠪᠦᠯᠦᠭᠯᠡᠯ | ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠲᠥᠪ ᠨᠢ ᠣᠶᠢᠷ᠎ᠠ ᠶᠢᠨ ᠭᠤᠷᠪᠠᠨ | ᠵᠢᠯ ᠳᠤ ᠰᠤᠳᠤᠯᠤᠨ ᠨᠡᠭᠡᠭᠡᠯᠲᠡ ᠳᠤ ᠪᠠᠨ 11.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠥᠬᠦ | ᠳᠡᠯᠡᠬᠡᠢ ᠶᠢᠨ ᠲᠡᠷᠢᠭᠦᠨ ᠤ ︽1344︾ ᠰᠢᠮ᠎ᠡ ᠲᠡᠵᠢᠭᠡᠯ ᠡᠷᠡᠭᠦᠯ ᠮᠡᠨᠳᠦ ᠶᠢᠨ ᠺᠣᠮᠫᠠᠨᠢ ᠶᠢᠨ ᠰᠢᠯᠭᠠᠷᠠᠭᠰᠠᠨ | ᠰᠢᠨ᠎ᠡ ᠶᠢ ᠡᠭᠦᠳᠦᠭᠰᠡᠨ ᠲᠣᠭᠲᠠᠯᠴᠠᠭ᠎ᠠ ᠶᠢ ᠪᠦᠷᠢᠯᠳᠦᠭᠦᠯᠵᠦ᠂ ᠰᠦᠨ ᠤ ᠦᠢᠯᠡᠰ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ︽ᠪᠣᠭᠤᠮᠢᠯᠠᠭᠳᠠᠭᠰᠠᠨ︾ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠤ ᠰᠢᠪᠲᠤᠯᠤᠯᠲᠠ ᠶᠢ | ᠥᠷᠨᠢᠭᠦᠯᠦᠨ᠂ ᠥᠪᠡᠷ ᠢᠶᠠᠨ ᠰᠤᠳᠤᠯᠤᠭᠰᠠᠨ HMO ᠶᠢ ᠣᠯᠣᠭᠰᠠᠨ ᠪᠥᠭᠡᠳ ᠠᠵᠤ ᠦᠢᠯᠡᠰᠵᠢᠭᠦᠯᠦᠨ | ᠬᠡᠷᠡᠭᠯᠡᠬᠦ ᠶᠢ ᠪᠡᠶᠡᠯᠡᠭᠦᠯᠦᠭᠰᠡᠨ ᠵᠡᠷᠭᠡ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠦᠲᠦᠭᠡᠯ ᠢ | ᠣᠯᠪᠠ᠃ ᠳᠠᠷᠠᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠢᠱᠢᠶᠡᠴᠢ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠠᠵᠢᠯ ᠢ ᠤᠯᠠᠮ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠠᠵᠤ | ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ |