ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ ᠬᠦᠴᠢᠷᠳᠡᠯᠲᠡᠢ | ᠣᠯᠠᠨ ᠲᠦᠮᠡᠨ ᠤ ᠠᠮᠤᠷ ᠲᠦᠪᠰᠢᠨ ᠡᠪᠦᠯᠵᠢᠵᠦ᠂ ᠬᠠᠯᠠᠭᠤᠨ ᠳᠤᠯᠠᠭᠠᠨ ᠰᠢᠨᠡᠯᠡᠬᠦ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠮᠦᠨᠡᠬᠡᠨ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢ 56.2 | ᠳ᠋ᠦᠩᠰᠢᠭᠤᠷ ᠲᠥᠭᠦᠷᠢᠭ ᠪᠠᠭᠤᠯᠭᠠᠪᠠ᠃ ᠲᠣᠰ ᠤᠳᠠᠭᠠᠨ ᠤ ᠪᠠᠭᠤᠯᠭᠠᠭᠰᠠᠨ ᠪᠡᠯᠡ ᠮᠥᠩᠭᠦ ᠨᠢ ᠪᠥᠬᠦ ᠣᠷᠣᠨ ᠤ | ᠡᠯ᠎ᠡ ᠭᠠᠵᠠᠷ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ | ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠬᠤ ᠪᠣᠯᠣᠨ ᠲᠦᠷ ᠴᠠᠭ ᠲᠡᠩᠬᠡᠷᠡᠭᠦᠯᠦᠨ ᠲᠤᠰᠠᠯᠠᠬᠤ ᠪᠠ | ᠲᠡᠨᠦᠭᠦᠯᠴᠢᠳ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ᠂ ᠥᠨᠥᠴᠢᠨ ᠬᠡᠦᠬᠡᠳ ︵ᠠᠶᠢᠽ ᠡᠪᠡᠳᠴᠢᠨ ᠲᠠᠢ | ᠬᠡᠦᠬᠡᠳ ᠢ ᠪᠠᠭᠲᠠᠭᠠᠨ᠎ᠠ︶ ᠵᠢᠴᠢ ᠠᠰᠠᠷᠠᠭᠴᠢ ᠦᠭᠡᠢ ᠬᠡᠦᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ | ᠠᠵᠢᠯ ᠥᠷᠨᠢᠭᠦᠯᠬᠦ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠴᠠᠭ | ᠲᠤᠬᠠᠢ ᠳᠤ ᠨᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠬᠤᠲᠠ ᠬᠥᠳᠡᠭᠡ ᠶᠢᠨ | ᠣᠯᠠᠨ ᠲᠦᠮᠡᠨ ᠤ ᠭᠡᠨᠡᠳᠲᠡ ᠶᠢᠨ ᠴᠢᠨᠠᠷᠲᠠᠢ᠂ ᠲᠤᠯᠭᠠᠮ᠎ᠠ ᠴᠢᠨᠠᠷᠲᠠᠢ ᠠᠮᠢᠳᠤᠷᠠᠯ ᠤᠨ ᠬᠦᠴᠢᠷᠳᠡᠯ ᠢ ᠨᠢ ᠴᠠᠭ | ᠲᠤᠬᠠᠢ ᠳᠤ ᠨᠢ ᠲᠣᠬᠢᠲᠠᠢ ᠰᠢᠢᠳᠪᠦᠷᠢᠯᠡᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠪᠥᠬᠦ | ᠣᠷᠣᠨ ᠤ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦᠲᠡᠢ ᠠᠷᠭ᠎ᠠ ᠬᠡᠮᠵᠢᠶ᠎ᠡ ᠠᠪᠴᠤ | ᠪᠠᠶᠢᠭᠠᠳ ᠪᠠᠶᠠᠷ ᠤᠨ ᠡᠳᠦᠷ ᠤᠨ ᠬᠤᠭᠤᠴᠠᠭᠠᠨ ᠳᠠᠬᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ | ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠲᠠᠷᠬᠠᠭᠠᠵᠤ᠂ ᠡᠯ᠎ᠡ ᠲᠥᠷᠥᠯ ᠤᠨ ᠪᠠᠲᠤᠯᠠᠭ᠎ᠠ ᠶᠢᠨ | ᠡᠲᠡᠭᠡᠳ ᠤᠨ ᠬᠠᠯᠠᠭᠤᠨ ᠳᠤᠯᠠᠭᠠᠨ ᠡᠪ ᠨᠠᠶᠢᠷᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠲᠥᠯᠥᠭᠡ᠂ | ᠲᠣᠰ ᠤᠳᠠᠭᠠᠨ ᠤ ᠪᠠᠭᠤᠯᠭᠠᠭᠰᠠᠨ ᠪᠡᠯᠡ ᠮᠥᠩᠭᠦ ᠶᠢ ᠪᠦᠬᠦᠨ ᠢ ᠰᠢᠭᠤᠳ ᠬᠦᠷᠬᠦ ᠪᠡᠯᠡ ᠮᠥᠩᠭᠦ ᠶᠢᠨ ᠬᠢᠨᠠᠨ | ᠡᠵᠡᠮᠳᠡᠬᠦ ᠰᠢᠰᠲ᠋ᠧᠮ ᠳᠤ ᠣᠷᠣᠭᠤᠯᠵᠤ᠂ ᠪᠡᠯᠡ ᠮᠥᠩᠭᠦ ᠬᠤᠪᠢᠶᠠᠷᠢᠯᠠᠨ ᠥᠭᠬᠦ ᠶᠢ ᠮᠥᠷᠳᠡᠵᠦ ᠪᠣᠯᠬᠤ᠂ ᠬᠢᠨᠠᠨ | ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠨᠢ ᠪᠥᠬᠦ ᠣᠷᠣᠨ ᠤ ᠡᠯ᠎ᠡ ᠭᠠᠵᠠᠷ ᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ | ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠤᠷᠢᠳᠴᠢᠯᠠᠨ ᠲᠠᠷᠬᠠᠭᠠᠵᠤ᠂ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠦᠴᠢᠷᠳᠡᠯ ᠢ | ᠰᠢᠢᠳᠪᠦᠷᠢᠯᠡᠬᠦ ᠴᠢᠬᠤᠯᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ |