ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2024/4/8
    —— 2024 ᠣᠨ ᠤ 1 ᠰᠠᠷ᠎ᠠ ᠶᠢᠨ 24 ᠤ ᠡᠳᠦᠷ ᠤᠨ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ                                                                ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                                                                                                                    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠴᠢᠨ ᠬᠤᠸᠠᠢ ᠳ᠋ᠦᠩᠲᠦᠯᠦᠭᠡᠯᠡᠭᠴᠢᠳ ᠡ᠄    ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠣᠷᠤᠯᠴᠠᠭᠰᠠᠨ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠰᠤᠯᠠ  ᠣᠷᠤᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃     ᠨᠢᠭᠡ᠂ 2023 ᠣᠨ ᠤ ᠠᠵᠢᠯ ᠤᠨ ᠡᠷᠭᠢᠴᠡᠭᠦᠯᠦᠯᠥᠩᠭᠡᠷᠡᠭᠰᠡᠨ ᠨᠢᠭᠡ ᠵᠢᠯ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠢ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ  ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠳᠣᠬᠢᠶᠠᠯᠳᠤᠭᠤᠯᠤᠨ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠪᠦᠲᠦᠴᠡ ᠶᠢ ᠲᠣᠬᠢᠷᠠᠭᠤᠯᠬᠤ᠂ ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ ᠵᠢᠴᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠬᠦᠴᠦ ᠣᠷᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ 2023 ᠣᠨ ᠳᠤ᠂ ᠪᠦᠬᠦ ᠬᠤᠰᠢᠭᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠵᠦ᠂ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 161.8 ᠳ᠋ᠦᠩᠰᠢᠭᠤᠷ ᠲᠥᠭᠦᠷᠢᠭ ᠬᠦᠷᠴᠦ᠂ 7.1% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 55 ᠳ᠋ᠦᠩᠰᠢᠭᠤᠷ ᠲᠥᠭᠦᠷᠢᠭ  ᠬᠦᠷᠴᠦ᠂ 24.4 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 50.9 ᠳ᠋ᠦᠩᠰᠢᠭᠤᠷ ᠲᠥᠭᠦᠷᠢᠭ ᠲᠤ ᠬᠦᠷᠭᠡᠵᠦ᠂ 7% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9.3% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠣᠯᠭ᠎ᠠ ᠶᠢ ᠲᠣᠰᠪᠣᠷᠢ 37448 ᠲᠥᠭᠦᠷᠢᠭ ᠪᠠ 16285 ᠲᠥᠭᠦᠷᠢᠭ ᠪᠡᠶᠡᠯᠡᠭᠦᠯᠵᠦ᠂ ᠲᠣᠰᠪᠣᠷᠢ 5.6 % ᠪᠠ 8.4 % ᠨᠡᠮᠡᠭᠳᠡᠪᠡ᠃      ᠨᠢᠭᠡ ᠵᠢᠯ ᠤᠨ ᠲᠤᠷᠰᠢ᠂ ᠪᠢᠳᠡ ᠣᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ ᠠᠳᠬᠤᠨ᠂ ᠨᠡᠮᠡᠭᠳᠡᠯ ᠢ ᠲᠣᠭᠲᠠᠪᠦᠷᠢᠵᠢᠭᠤᠯᠵᠤ᠂ ᠠᠵᠤ ᠠᠬᠤᠢ   ᠶᠢᠨ ᠲᠣᠭᠲᠠᠭᠤᠨ ᠤ ᠳᠤᠮᠳᠠ ᠰᠠᠶᠢᠵᠢᠷᠠᠬᠤ ᠶᠢ ᠪᠠᠲᠤᠯᠠᠪᠠ ᠃ ᠤᠯᠤᠰ ᠤᠨ ᠠᠵᠤ ᠠᠬᠤᠶ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠢᠳ ᠬᠤᠵᠢᠳ ᠬᠤᠳᠠᠯᠳᠤᠭᠠᠴᠢᠨ ᠤᠷᠢᠵᠤ ᠬᠤᠳᠠᠯᠳᠤᠭ᠎ᠠ ᠡᠵᠡᠩᠨᠡᠬᠦ ᠬᠠᠷᠠᠭᠠᠯᠵᠠᠯᠲᠤ ᠲᠥᠷᠥ ᠶᠢᠨ ᠪᠣᠳᠣᠯᠭ᠎ᠠ 38 ᠵᠤᠷᠪᠤᠰ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠳᠡᠮᠵᠢᠬᠦ ᠲᠥᠷᠥ ᠶᠢᠨ ᠪᠣᠳᠣᠯᠭ᠎ᠠ 22 ᠵᠤᠷᠪᠤᠰ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ 28 ᠵᠤᠷᠪᠤᠰ ᠵᠢᠴᠢ ᠮᠥᠩᠭᠦᠨ ᠭᠦᠢᠯᠭᠡᠭᠡᠨ ᠢᠶᠠᠷ ᠬᠤᠰᠢᠭᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠲᠥᠷᠥ ᠶᠢᠨ ᠪᠣᠳᠣᠯᠭ᠎ᠠ 7 ᠵᠤᠷᠪᠤᠰ ᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠰᠦᠢᠳᠬᠡᠯ  ᠨᠤᠭᠤᠳ ᠢ ᠨᠡᠶᠢᠲᠡ 3.5 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠬᠦ ᠪᠣᠶᠤ ᠬᠤᠶᠢᠰᠢᠯᠠᠭᠤᠯᠵᠤ᠂ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ 3388 ᠲᠦᠮᠡᠨ ᠲᠥᠭᠦᠷᠢᠭ ᠨᠠᠶᠢᠳᠠᠪᠦᠷᠢᠵᠢᠭᠤᠯᠪᠠ᠃ ᠵᠠᠬ᠎ᠠ ᠳᠡᠯᠭᠡᠭᠦᠷ ᠤᠨ ᠭᠤᠤᠯ ᠴᠣᠭᠴᠠ 3463 ᠡᠷᠦᠬᠡ ᠰᠢᠨ᠎ᠡ ᠪᠠᠷ ᠨᠡᠮᠡᠵᠦ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠭ᠎ᠠ 2.3 ᠲᠦᠮᠡᠨ ᠡᠷᠦᠬᠡ ᠶᠢ ᠳᠠᠪᠠᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠤ ᠠᠬᠤᠢ ᠶᠢᠨ ᠠᠵᠢᠯᠯᠠᠭᠠᠨ ᠤ ᠨᠢᠭᠡᠴᠡ ᠶᠢ ᠪᠦᠷᠢᠳᠬᠡᠨ ᠪᠠᠶᠢᠴᠠᠭᠠᠬᠤ ᠠᠵᠢᠯ ᠢ ᠠᠮᠵᠢᠯᠲᠠ ᠲᠠᠢ ᠪᠡᠶᠡᠯᠡᠭᠦᠯᠪᠡ᠃ ᠰᠢᠯᠵᠢᠭᠦᠯᠦᠨ ᠥᠭᠬᠦ᠂ ᠳᠡᠭᠡᠳᠦ ᠱᠠᠲᠤᠨ ᠤ ᠲᠤᠰᠬᠠᠶ ᠵᠦᠢᠯ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠵᠢᠴᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠵᠢᠭᠡᠯᠡᠯᠭᠡ ᠵᠡᠷᠭᠡ ᠪᠠᠯᠠ ᠮᠥᠩᠭᠦ ᠶᠢ 41.6 ᠳ᠋ᠦᠩᠰᠢᠭᠤᠷ ᠲᠥᠭᠦᠷᠢᠭ ᠬᠠᠷᠢᠴᠠᠨ ᠣᠯᠵᠤ᠂ ᠠᠳᠠᠯᠢ ᠬᠤᠭᠤᠴᠠᠭᠠᠨ ᠤ ᠬᠢ ᠠᠴᠠ 7.3 % ᠪᠠᠷ ᠨᠡᠮᠡᠭᠳᠡᠭᠦᠯᠪᠡ᠃ ᠰᠤᠯᠠ ᠪᠠᠶᠢᠭ᠎ᠠ ᠤᠯᠤᠰ ᠤᠨ ᠦᠮᠴᠢᠯᠡᠯᠲᠦ ᠡᠳ᠋ ᠬᠦᠷᠦᠩᠭᠡ ᠪᠠ ᠳᠠᠷᠤᠭᠳᠠᠵᠤ ᠪᠠᠶᠢᠭ᠎ᠠ ᠪᠡᠯᠡ ᠮᠥᠩᠭᠦ ᠶᠢ 2.3 ᠳ᠋ᠦᠩᠰᠢᠭᠤᠷ ᠲᠥᠭᠦᠷᠢᠭ ᠠᠰᠢᠭᠯᠠᠵᠤ᠂ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ 15.52 ᠳ᠋ᠦᠩᠰᠢᠭᠤᠷ ᠲᠥᠭᠦᠷᠢᠭ ᠢ ᠰᠢᠢᠳᠪᠦᠷᠢᠯᠡᠪᠡ᠃ ᠬᠤᠲᠠ ᠶᠢᠨ ᠱᠠᠲᠤᠨ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠦᠯ ᠵᠦᠢᠯ 56 ᠶᠢ ᠨᠠᠶᠢᠳᠠᠪᠦᠷᠢᠵᠢᠭᠤᠯᠵᠤ᠂ 50.7 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠭᠤᠣᠯᠳᠠᠯᠭ᠎ᠠ ᠲᠠᠢ ᠲᠥᠷᠦᠯ ᠵᠦᠢᠯ ᠤᠨ ᠪᠡᠯᠡ ᠣᠷᠣᠭᠤᠯᠤᠯᠲᠠ ᠶᠢ 113% ᠳᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 5.3 ᠵᠠᠭᠤᠨ ᠤ ᠬᠤᠪᠢ ᠳᠡᠭᠡᠭᠰᠢᠯᠡᠵᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ 834 ᠤᠳᠠᠭ᠎ᠠ ᠦᠷᠨᠢᠭᠦᠯᠵᠦ᠂ ᠪᠦᠬᠦ ᠵᠢᠯ ᠳᠤ 23.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠭᠦᠯᠪᠡ᠃ ᠡᠳ᠋ ᠤᠨ ᠵᠠᠰᠠᠭ ᠤᠨ ᠬᠦᠰᠢᠭᠦᠷᠭᠡ ᠪᠠᠷ ᠪᠠᠩᠬᠢ ᠠᠴᠠ ᠠᠵᠤ ᠠᠬᠤᠶᠢᠯᠠᠯ ᠢ ᠬᠠᠪᠰᠤᠷᠤᠨ ᠲᠡᠳᠬᠦᠬᠦ ᠪᠠᠯᠠ ᠮᠥᠩᠭᠦ ᠶᠢ 1.4 ᠢᠯᠡᠭᠦᠦ ᠳ᠋ᠦᠩᠰᠢᠭᠤᠷ ᠲᠥᠭᠦᠷᠢᠭ ᠬᠡᠷᠡᠭᠯᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠲᠡ 52.3 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠪᠥᠬᠦ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ᠲᠣᠰ ᠲᠣᠰ 12.5 % ᠪᠠ 19.5 % ᠨᠡᠮᠡᠭᠳᠡᠵᠦ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ ᠨᠢ 106 % ᠬᠥᠷᠪᠡ᠃ᠨᠢᠭᠡ ᠵᠢᠯ ᠤᠨ ᠲᠤᠷᠰᠢ᠂ ᠪᠢᠳᠠ ᠭᠤᠣᠯ ᠬᠠᠷᠠᠯᠲᠠ ᠪᠠᠨ ᠪᠠᠷᠢᠮᠲᠠᠯᠠᠵᠤ᠂  ᠪᠦᠯᠦᠭᠯᠡᠯ ᠢ ᠠᠳᠬᠤᠨ᠂ ᠬᠡᠯᠬᠢᠶ᠎ᠡ ᠶᠢ ᠴᠢᠩᠭᠠᠷᠠᠭᠤᠯᠵᠤ᠂ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠨᠡᠩ ᠪᠠᠬᠢᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ ᠵᠢᠯ ᠳᠤ 6.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ 4 ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠠᠮᠵᠢᠵᠤ᠂ ᠲᠣᠭᠤᠷᠢᠭ ᠤᠨ ︽1 + 3 + 3︾ ᠴᠢᠳᠠᠮᠵᠢ ᠠᠩᠬ᠎ᠠ ᠠᠯᠬᠤᠮ ᠪᠦᠷᠢᠯᠳᠦᠪᠡ᠃ ᠣᠳᠣ ᠦᠶ᠎ᠡ ᠶᠢᠨ ᠦᠬᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠬᠦᠯᠢ ᠴᠤᠭᠴᠠ ᠶᠢ ᠪᠠᠶᠢᠭᠤᠯᠵᠤ᠂ ᠦᠬᠡᠷ ᠤᠨ ᠠᠵᠤ ᠦᠢᠯᠡᠰ ᠤᠨ ᠬᠡᠯᠬᠢᠶᠡᠵᠢᠭᠰᠡᠨ ᠲᠣᠭᠲᠠᠯᠴᠠᠭ᠎ᠠ ᠶᠢ ᠪᠦᠷᠢᠯᠳᠦᠭᠦᠯᠦᠨ᠂ 11.8 ᠺᠢᠯᠦᠮᠧᠲᠷ ᠵᠠᠮ ᠳᠡᠪᠢᠰᠴᠦ᠂ ᠼᠣᠣ ᠳ᠋ᠦ᠋ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ  ᠢ ᠪᠠᠶᠢᠭᠤᠯᠵᠤ ᠳᠠᠭᠤᠰᠬᠠᠨ᠂ ᠪᠦᠸᠧᠬᠠᠢ ᠸᠠᠩ ᠳ᠋ᠠ 10 ᠲᠦᠮᠡᠨ ᠲᠣᠯᠣᠭᠠᠢ ᠠᠯᠠᠰᠢᠨ ᠦᠬᠡᠷ ᠪᠣᠷᠳᠤᠬᠤ ᠪᠠ ᠨᠢᠲᠤᠯᠵᠤ ᠡᠳ᠋ᠰᠢᠭᠦᠯᠬᠦ ᠲᠥᠷᠦᠯ ᠵᠦᠢᠯ ᠢ ᠡᠬᠢᠯᠡᠨ ᠪᠠᠶᠢᠭᠤᠯᠵᠤ᠂ ᠪᠦᠬᠦ ᠬᠤᠰᠢᠭᠤᠨ ᠤ ᠠᠯᠠᠰᠢᠨ ᠦᠬᠡᠷ 4 ᠲᠦᠮᠡᠨ ᠲᠣᠯᠣᠭᠠᠢ ᠰᠢᠨ᠎ᠡ ᠪᠠᠷ ᠨᠡᠮᠡᠭᠳᠡᠪᠡ᠃ ᠰᠦ ᠶᠢᠨ ᠦᠢᠯᠡᠰ ᠢ ᠲᠡᠳᠬᠦᠬᠦ ᠪᠡᠯᠡ ᠮᠥᠩᠭᠦ 1.9 ᠳ᠋ᠦᠩᠰᠢᠭᠤᠷ ᠲᠥᠭᠦᠷᠢᠭ ᠨᠠᠶᠢᠳᠠᠪᠦᠷᠢᠵᠢᠭᠤᠯᠤᠨ᠂ ᠱᠧᠩ ᠾᠦᠢ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭ᠎ᠠ ᠶᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠫᠢᠩ ᠶᠤᠸᠠᠨ ᠮᠠᠯ ᠠᠵᠤ ᠠᠬᠤᠢ ᠶᠢᠨ ᠲᠦᠮᠡᠨ ᠲᠣᠯᠤᠭᠠᠢ ᠰᠠᠭᠠᠯᠢ ᠶᠢᠨ ᠦᠨᠢᠶ᠎ᠡ ᠲᠡᠵᠢᠭᠡᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠢᠨᠵᠧᠨᠧᠷᠢᠩ ᠢ 60% ᠠᠴᠠ ᠳᠡᠭᠡᠭᠰᠢ ᠪᠠᠶᠢᠭᠤᠯᠵᠤ ᠳᠠᠭᠤᠰᠬᠠᠨ᠂ ᠪᠦᠬᠦ ᠬᠤᠰᠢᠭᠤᠨ ᠤ ᠰᠠᠭᠠᠯᠢ ᠶᠢᠨ ᠦᠨᠢᠶ᠎ᠡ ᠶᠢ 3.2 ᠲᠦᠮᠡᠨ ᠲᠣᠯᠣᠭᠠᠢ ᠳᠤ ᠬᠦᠷᠦᠭᠦᠯᠵᠦ᠂ ᠰᠠᠭᠠᠯᠢ ᠶᠢᠨ ᠦᠨᠢᠶ᠎ᠡ ᠶᠢᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 65% ᠠᠴᠠ ᠳᠡᠭᠡᠭᠰᠢ ᠪᠣᠯᠭᠠᠨ᠂ ᠴᠠᠭᠠᠨ ᠢᠳᠡᠭᠡᠨ ᠪᠣᠯᠪᠠᠰᠤᠷᠠᠭᠤᠯᠬᠤ ᠭᠠᠵᠠᠷ ᠢ 61 ᠪᠣᠯᠭᠠᠨ ᠨᠡᠮᠡᠭᠳᠡᠭᠦᠯᠵᠦ᠂ ᠵᠢᠯ ᠤᠨ ᠦᠢᠯᠡᠳᠬᠦᠨ ᠤ ᠦᠷᠳᠡᠭ ᠨᠢ 4200 ᠲᠦᠮᠡᠨ ᠲᠥᠭᠦᠷᠢᠭ ᠬᠦᠷᠪᠡ᠃ ᠪᠦᠬᠦ ᠬᠤᠰᠢᠭᠤᠨ ᠤ ᠠᠯᠠᠰᠢᠨ ᠡᠯᠵᠢᠭᠡ ᠲᠡᠵᠢᠭᠡᠬᠦ ᠶᠡᠷᠦᠩᠬᠡᠢ ᠬᠡᠮᠵᠢᠶ᠎ᠡ ᠶᠢ ᠦᠷᠭᠦᠯᠵᠢᠯᠡᠨ 10 ᠲᠦᠮᠡ ᠠᠴᠠ ᠳᠡᠭᠡᠭᠰᠢ ᠪᠠᠶᠢᠯᠭᠠᠪᠠ᠃ ᠹᠦ᠋ ᠴᠧᠩ ᠰᠢᠶᠠᠩ ᠮᠠᠯ ᠠᠵᠤ ᠠᠬᠤᠶ ᠨᠢ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠪᠠ᠃ 15 ᠲᠦᠮᠡᠨ ᠮᠥ ᠲᠠᠯᠠᠪᠠᠢ ᠱᠦᠭᠦᠷ ᠡᠪᠡᠰᠦ ᠳᠠᠷᠢᠬᠤ ᠳᠠᠭᠠᠳᠬᠠᠯ ᠣᠷᠤᠭᠤᠯᠵᠤ᠂ ᠱᠦᠭᠦᠷ ᠡᠪᠡᠰᠦ ᠵᠢᠴᠢ ᠲᠡᠭᠦᠨ ᠤ ᠪᠦᠲᠦᠭᠡᠭᠳᠡᠬᠦᠨ ᠨᠢ ᠤᠯᠤᠰ ᠤᠨ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠭᠡᠷᠡᠴᠢᠯᠡᠯ ᠢ ᠣᠯᠵᠤ᠂ ᠠᠷᠪᠠᠨ ᠭᠤᠷᠪᠠᠨ ᠣᠪᠣᠭ᠎ᠠ ᠪᠠᠯᠭᠠᠰᠤ ︵ᠱᠦᠭᠦᠷ ᠡᠪᠡᠰᠦ︶ ᠨᠢ ᠲᠦᠷᠦᠭᠦᠦ ᠪᠦᠯᠦᠭ ᠤᠯᠤᠰ ᠤᠨ ᠲᠠᠷᠢᠶᠠᠯᠠᠩ ᠠᠵᠤ ᠦᠢᠯᠡᠰ ᠤᠨ ᠬᠦᠴᠦᠷᠬᠡᠭ ᠪᠠᠯᠭᠠᠰᠤ ᠪᠠᠷ ᠦᠨᠡᠯᠡᠭᠳᠡᠪᠡ᠃ ᠣᠲᠣ ᠦᠶ᠎ᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠲᠠᠷᠢᠬᠤ ᠲᠠᠯᠠᠪᠠᠶ ᠶᠢ 1.9 ᠲᠦᠮᠡᠨ ᠮᠥ ᠰᠢᠨ᠎ᠡ ᠪᠠᠷ ᠨᠡᠮᠡᠵᠦ᠂ ᠰᠠᠨ ᠱᠠᠨ ᠰᠢᠶᠠᠩ ︵ᠴᠢᠨ᠋ᠸ᠎ᠠ ᠶᠢᠨ ᠬᠠᠯᠲᠠᠷ︶ ᠨᠢ ᠪᠥᠬᠦ ᠤᠯᠤᠰ ᠤᠨ ︽ᠨᠢᠭᠡ ᠲᠣᠰᠬᠤᠨ ᠤ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠰᠢᠶᠠᠩ ᠢᠶᠠᠷ ᠦᠨᠡᠯᠡᠭᠳᠡᠪᠡ᠃ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠪᠣᠯᠭᠠᠬᠤ ᠮᠡᠷᠭᠡᠵᠢᠯ ᠢ 5 ᠲᠦᠮᠡᠨ ᠮᠦ ᠳᠡᠯᠭᠡᠷᠡᠭᠦᠯᠦᠨ᠂ ᠮᠦ ᠪᠦᠷᠢ ᠶᠢᠨ ᠳᠤᠮᠳᠠᠴᠢ ᠤᠨᠠᠯᠲᠠ ᠨᠢ 203 ᠺᠢᠯᠣᠭ᠍ᠷᠠᠮ ᠨᠡᠮᠡᠭᠳᠡᠵᠦ᠂ ᠣᠷᠣᠯᠭ᠎ᠠ ᠨᠢ 500 ᠲᠥᠭᠦᠷᠢᠭ ᠠᠴᠠ ᠳᠡᠭᠡᠭᠰᠢ ᠨᠡᠮᠡᠭᠳᠡᠪᠡ᠃ 15 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠪᠠ 3200 ᠮᠦ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠵᠦ᠂ ᠪᠦᠳᠦᠭᠦᠯᠢᠭ ᠠᠮᠤ ᠪᠤᠷᠴᠠᠭ ᠢ 51 ᠲᠦᠮᠡᠨ ᠮᠦ ᠲᠠᠷᠢᠵᠤ᠂ ᠠᠮᠤ ᠪᠤᠳᠠᠭᠠᠨ ᠤ ᠤᠨᠠᠯᠲᠠ 12.2 ᠳ᠋ᠦᠩᠰᠢᠭᠤᠷ ᠵᠢᠩ ᠢ ᠳᠠᠪᠠᠨ᠂ ︽ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ︾᠃ ᠪᠠᠭᠠᠷᠢᠨ ᠵᠡᠭᠦᠨ ᠬᠤᠰᠢᠭᠤᠨ ᠤ ᠦᠬᠡᠷ ᠤᠨ ᠮᠢᠬ᠎ᠠ ᠪᠣᠯᠤᠨ ᠰᠠᠨ ᠱᠠᠨ ᠤ ᠱᠦᠭᠦᠷᠭᠡᠨ᠎ᠡ ᠨᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠪᠦᠲᠦᠭᠡᠭᠳᠡᠬᠦᠨ ᠢᠶᠠᠷ ᠦᠨᠡᠯᠡᠭᠳᠡᠵᠦ᠂ ︽ᠬᠢᠳᠠᠨ ᠠᠮᠤ︾ ᠡᠷᠳᠡᠨᠢ ᠰᠢᠰᠢ ᠨᠢ ᠪᠥᠬᠦ ᠤᠯᠤᠰ ᠤᠨ ᠣᠨᠴᠠ ᠴᠢᠨᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠨ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠨᠢ ᠥᠪᠡᠷᠲᠡᠭᠡᠨ ᠵᠠᠰᠠᠬᠤ ᠣᠷᠣᠨ ᠤ ︽ᠬᠤᠤᠰ ᠭᠡᠷᠡᠴᠢᠯᠡᠯ︾ ᠢ ᠥᠩᠭᠡᠷᠡᠭᠡᠵᠦ᠂ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠨᠢ 75% ᠠᠴᠠ ᠳᠡᠭᠡᠭᠰᠢ ᠳᠤ ᠬᠦᠷᠴᠦ᠂ ᠪᠣᠷᠤᠯᠠᠭᠤᠯᠭ᠎ᠠ ᠶᠢᠨ ᠣᠷᠣᠯᠭ᠎ᠠ ᠨᠢ 22 ᠳ᠋ᠦᠩᠰᠢᠭᠤᠷ ᠲᠥᠭᠦᠷᠢᠭ ᠢ ᠳᠠᠪᠠᠪᠠ᠃ ᠠᠵᠤ ᠦᠢᠯᠡᠳᠪᠦᠷᠢ ᠶᠢᠨ ᠠᠵᠤ ᠠᠬᠤᠶ ᠳᠡᠰ ᠳᠠᠪᠰᠢᠨ ᠬᠡᠯᠪᠡᠷᠢ ᠪᠠᠨ ᠬᠤᠪᠢᠷᠠᠭᠤᠯᠪᠠ᠃ ᠸᠠᠨ ᠰᠢᠩ ᠳᠠᠬᠢᠯᠲᠠ ᠡᠬᠢ ᠪᠠᠶᠠᠯᠢᠭ ᠤᠨ ᠪᠠᠷᠢᠯᠭ᠎ᠠ ᠶᠢᠨ ᠰᠡᠯᠪᠢᠭ ᠲᠣᠨᠤᠭ᠂ ᠽᠦᠨ ᠵᠦ ᠵᠢᠪᠡᠷᠡᠬᠦ ᠥᠬᠡᠶ ᠪᠣᠯᠣᠳ ᠤᠨ ᠰᠡᠯᠪᠢᠭ ᠲᠣᠨᠤᠭ ᠵᠢᠴᠢ ᠬᠤᠸᠠ ᠯᠦ ᠸᠠᠨ ᠵᠢᠶᠠ ᠣᠷᠴᠢᠨ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠵᠤ᠂ ᠱᠠᠨ ᠶᠢᠨ ᠬᠤᠩ ᠯᠢᠩ ᠤᠨ ᠡᠳᠦᠷ ᠲᠤ 5000 ᠲᠣᠨ ᠬᠦᠳᠡᠷ ᠰᠢᠯᠢᠨ ᠥᠷᠭᠡᠳᠬᠡᠨ ᠪᠠᠶᠢᠭᠤᠯᠬᠤ᠂ ᠫᠧᠩ ᠹᠧᠩ ᠬᠢᠮᠢ ᠶᠢᠨ ᠠᠵᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠵᠢᠯ ᠳᠤ 5 ᠲᠦᠮᠡᠨ ᠲᠣᠨ ᠤᠰᠤ ᠥᠬᠡᠶ ᠹᠯᠣᠷᠲᠤ ᠤᠰᠤᠲᠥ᠋ᠷᠥᠭᠴᠢ ᠦᠢᠯᠡᠳᠪᠦᠷᠢᠯᠡᠬᠦ ᠵᠢᠴᠢ ᠺᠠᠶ ᠶᠤᠸᠠᠨ ᠠᠭᠤᠷᠬᠠᠶ ᠶᠢᠨ ᠡᠮᠬᠢᠯᠡᠨ ᠨᠡᠶᠢᠯᠡᠭᠦᠯᠬᠦ ᠰᠠᠭᠤᠷᠢ ᠪᠥᠲᠥᠭᠡᠨ ᠪᠠᠶᠢᠭᠤᠯᠤᠯᠲᠠ ᠵᠡᠷᠭᠡ 16 ᠲᠥᠷᠥᠯ ᠵᠦᠢᠯ ᠢ ᠲᠦᠷᠭᠡᠳᠬᠡᠨ᠂ ᠽᠢ ᠴᠤᠸᠠᠨ ᠨᠡᠭᠦᠷᠡᠰᠦᠨ ᠰᠢᠷᠬᠡᠭᠯᠢᠭ ᠪᠠ ᠬᠤᠸᠠ ᠯᠦ ᠸᠠᠨ ᠵᠢᠶᠠ 2 ᠠᠵᠤ ᠠᠬᠤᠶᠢᠯᠠᠯ ᠢ ᠬᠡᠪᠴᠢᠶᠡᠵᠢᠯ ᠤᠨ ᠪᠠᠷᠢᠮᠵᠢᠶ᠎ᠠ  ᠳᠤ ᠬᠦᠷᠴᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠨ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠰᠢᠨ᠎ᠡ ᠡᠨᠧᠷᠭᠢ ᠶᠢᠨ ᠠᠵᠤ ᠦᠢᠯᠡᠰ ᠠᠯᠬᠤᠮ ᠳᠠᠪᠰᠢᠵᠤ᠂ ᠶᠡᠷᠦᠩᠬᠡᠶ ᠪᠠᠯᠠ ᠣᠷᠣᠭᠤᠯᠤᠯᠲᠠ ᠨᠢ 54 ᠳ᠋ᠦᠩᠰᠢᠭᠤᠷ ᠲᠥᠭᠦᠷᠢᠭ  ᠤᠨ ᠮᠧᠩ ᠨᠧᠩ ᠪᠦᠯᠦᠭᠯᠡᠯ ᠤᠨ 100 ᠲᠦᠮᠡᠨ ᠬᠢᠯᠦᠸᠠᠲ ᠤᠨ ᠬᠡᠷᠡᠯ ᠤᠨ ᠡᠨᠧᠷᠭᠢ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠵᠦᠪᠰᠢᠶᠡᠷᠡᠭᠳᠡᠪᠡ᠃ ᠲᠣᠭᠤᠷᠢᠭ ᠤᠨ ᠳᠠᠭᠠᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ 25.5 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠤᠨ᠂ ᠹᠧᠩ ᠬᠤᠸᠠᠩ ᠱᠠᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠦᠭᠡᠷᠡᠴᠢᠯᠡᠬᠦ ᠲᠥᠷᠥᠯ ᠵᠦᠢᠯ ᠪᠣᠯᠤᠨ ᠬᠤᠩ ᠱᠢ ᠯᠠ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ᠂ ᠪᠠᠴᠢᠮ ᠪᠠᠶᠢᠳᠠᠯ ᠢ ᠠᠷᠭᠠᠴᠠᠭᠠᠬᠤ ᠪᠣᠬᠢᠷ ᠤᠰᠤ ᠰᠢᠢᠳᠪᠦᠷᠢᠯᠡᠬᠦ ᠭᠠᠵᠠᠷ ᠵᠢᠴᠢ ᠠᠶᠤᠯᠲᠠᠢ ᠬᠢᠮᠢ ᠶᠢᠨ ᠪᠣᠳᠠᠰ ᠤᠨ ᠲᠡᠷᠭᠡᠨ ᠵᠣᠭᠰᠣᠭᠠᠯ ᠵᠡᠷᠭᠡ ᠲᠥᠷᠥᠯ ᠵᠦᠢᠯ ᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠤᠨ ᠬᠢᠨᠠᠨ ᠲᠣᠭᠲᠠᠭᠠᠯᠲᠠ ᠶᠢᠨ 65 ᠵᠦᠢᠯ ᠤᠨ ᠪᠠᠷᠢᠮᠵᠢᠶ᠎ᠠ ᠳᠤ ᠪᠦᠬᠦᠨ ᠢ ᠬᠦᠷᠭᠡᠪᠡ᠃ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ︽ᠡᠷᠲᠡᠨ ᠤ ᠬᠤᠲᠠ ᠶᠢᠨ ᠪᠣᠯᠵᠤᠭ᠎ᠠ᠂ ᠠᠭᠠᠬᠢᠮ᠎ᠠ ᠵᠤᠨ ᠤ ᠨᠠᠷᠭᠢᠶ᠎ᠠ︾ ᠦᠳᠡᠰᠢ ᠶᠢᠨ ᠠᠵᠤ ᠠᠬᠤᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 100 ᠭᠠᠷᠤᠢ ᠤᠳᠠᠭ᠎ᠠ ᠦᠷᠨᠢᠭᠦᠯᠦᠨ᠂ 2400 ᠭᠠᠷᠤᠢ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠰᠢᠭᠤᠳ ᠨᠡᠪᠲᠡᠷᠡᠭᠦᠯᠭᠡ ᠶᠢᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠂ ᠪᠦᠬᠦ ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠢᠯᠲᠠᠨ 4000 ᠬᠦᠷᠴᠦ᠂ ᠠᠷᠠᠯᠵᠢᠶᠠᠨ ᠤ ᠶᠡᠷᠦᠩᠬᠡᠢ ᠲᠤᠭ᠎ᠠ ᠨᠢ 4.8 ᠳ᠋ᠦᠩᠰᠢᠭᠤᠷ ᠲᠥᠭᠦᠷᠢᠭ ᠢ ᠳᠠᠪᠠᠪᠠ᠃ ᠶᠡᠷᠦᠩᠬᠡᠶ ᠪᠠᠯᠠ ᠣᠷᠣᠭᠤᠯᠤᠯᠲᠠ ᠨᠢ 8.9 ᠳ᠋ᠦᠩᠰᠢᠭᠤᠷ ᠲᠥᠭᠦᠷᠢᠭ ᠤᠨ ᠵᠢᠶᠠ ᠶᠤᠸᠠᠨ ᠶᠡᠷᠦᠩᠬᠡᠶᠢᠯᠡᠭᠰᠡᠨ ᠲᠠᠷᠢᠶᠠᠯᠠᠩ ᠤᠨ ᠠᠷᠠᠯᠵᠢᠶᠠᠨ ᠤ ᠲᠥᠪ ᠤᠨ ᠲᠥᠷᠥᠯ ᠵᠦᠢᠯ ᠤᠨ ᠡᠮᠦᠨ᠎ᠡ ᠲᠣᠭᠤᠷᠢᠭ ᠤᠨ ᠭᠤᠤᠯ ᠴᠣᠭᠴᠠ ᠪᠠᠷᠢᠯᠭ᠎ᠠ ᠳᠠᠭᠤᠰᠴᠤ᠂ 283 ᠬᠤᠳᠠᠯᠳᠤᠭᠠᠴᠢᠨ ᠡᠷᠦᠬᠡ ᠣᠷᠣᠵᠤ ᠰᠠᠭᠤᠷᠢᠰᠢᠬᠤ ᠭᠡᠷ᠎ᠡ ᠲᠣᠭᠲᠠᠪᠠ᠃ ᠵᠢᠩ ᠭᠠᠩ ᠪᠤᠳᠠᠰ ᠤᠨ ᠭᠦᠢᠯᠭᠡᠭᠡᠨ ᠤ ᠲᠥᠷᠥᠯ ᠵᠦᠢᠯ ᠢ ᠠᠰᠢᠭᠯᠠᠯᠲᠠ ᠳᠤ ᠣᠷᠤᠭᠤᠯᠤᠨ᠂ ᠪᠡᠭᠡᠵᠢᠩ ᠤᠨ ᠱᠦᠨ ᠢ ᠪᠤᠳᠠᠰ ᠤᠨ ᠭᠦᠢᠯᠭᠡᠭᠡᠨ ᠤ ᠳᠠᠮᠵᠢᠭᠤᠯᠬᠤ ᠬᠥᠮᠥᠷᠭᠡ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠬᠤᠰᠢᠭᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ︽ᠲᠤᠷᠰᠢᠯᠲᠠ ᠶᠢᠨ ᠬᠤᠰᠢᠭᠤ︾ ᠪᠠᠷ ᠵᠢᠭᠰᠠᠭᠠᠭᠳᠠᠪᠠ᠃ ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠣᠷᠳᠣᠨ ᠤ ᠬᠤᠳᠠ ᠶᠢᠨ ᠡᠮᠦᠨ᠎ᠡ ᠡᠭᠦᠳᠡ ᠶᠢ ᠬᠠᠮᠠᠭᠠᠯᠠᠬᠤ ᠦᠵᠡᠭᠦᠯᠭᠡ ᠶᠢᠨ ᠲᠥᠰᠦᠯ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ  ᠳᠤ ᠵᠦᠪᠰᠢᠶᠡᠷᠡᠭᠳᠡᠵᠦ᠂ ᠭᠢᠳᠠᠨ ᠰᠣᠶᠣᠯ ᠵᠢᠭᠤᠯᠴᠢᠯᠠᠯ ᠤᠨ ᠰᠠᠭᠤᠷᠢ ᠵᠢᠴᠢ ᠢᠵᠢ ᠪᠦᠷᠢᠳᠦᠬᠦᠯᠬᠦ ᠲᠥᠬᠦᠭᠡᠷᠦᠮᠵᠢ ᠶᠢᠨ ᠲᠦᠷᠦᠯ ᠵᠦᠢᠯ ᠨᠢ ᠭᠤᠣᠯ ᠴᠣᠭᠴᠠ ᠪᠠ ᠭᠠᠳᠠᠷ ᠬᠦᠷᠢᠶᠡᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠳᠣᠯᠤᠭᠠᠨ ᠲᠣᠭᠤᠭ᠎ᠠ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠨᠢ ᠫᠠᠶᠢᠰᠠ ᠡᠯᠭᠦᠨ ᠡᠭᠦᠳᠡ ᠪᠠᠨ ᠨᠡᠭᠡᠭᠡᠵᠦ᠂ ᠭᠢᠳᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ︽2023 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠰᠦᠯᠵᠢᠶᠡᠨ ᠣᠳᠣ ᠦᠷᠭᠦᠯᠵᠢ ᠣᠴᠢᠳᠠᠭ ᠭᠠᠵᠠᠷ ᠤᠨ ᠨᠡᠷᠡᠰ︾ ᠲᠤ ᠠᠮᠵᠢᠯᠲᠠ ᠲᠠᠢ ᠰᠣᠩᠭᠤᠭᠳᠠᠪᠠ᠃ 4 ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠨᠢ ᠬᠤᠲᠠ ᠶᠢᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠣᠨᠴᠠᠯᠢᠭᠲᠤ ᠲᠣᠰᠬᠤᠨ ᠢ ᠠᠮᠵᠢᠯᠲᠠ ᠲᠠᠢ ᠡᠭᠦᠳᠦᠪᠡ᠃ ᠮᠦᠩᠭᠦᠨ ᠡᠪᠦᠯ ᠤᠨ ᠰᠣᠶᠣᠯ ᠤᠨ ᠨᠠᠶᠢᠷ᠂ ᠰᠣᠶᠣᠯ ᠵᠢᠭᠤᠯᠴᠢᠯᠠᠯ ᠤᠨ ᠬᠠᠮ ᠲᠡᠷᠭᠡ ᠶᠢᠨ ᠪᠡᠭᠡᠵᠢᠩ ᠳᠠᠬᠢ ᠲᠣᠭᠤᠷᠢᠨ ᠲᠣᠭᠯᠠᠯᠲᠠ᠂ ᠭᠢᠳᠠᠨ ᠰᠣᠶᠣᠯ ᠤᠨ ᠨᠠᠶᠢᠷ ᠵᠢᠴᠢ ᠲᠠᠯ᠎ᠠ ᠨᠤᠲᠤᠭ ᠤᠨ ᠨᠠᠭᠠᠳᠤᠮ ᠵᠡᠷᠭᠡ ᠵᠢᠭᠤᠯᠴᠢᠯᠠᠯ ᠤᠨ ᠠᠵᠢᠯᠯᠠᠭ᠎ᠠ ᠨᠤᠭᠤᠳ ᠢ ᠠᠮᠵᠢᠯᠲᠠ ᠲᠠᠢ ᠡᠷᠬᠢᠯᠡᠵᠦ᠂ ᠪᠦᠬᠦ ᠬᠤᠰᠢᠭᠤᠨ ᠤ ᠬᠦᠯᠢᠶᠡᠨ ᠠᠪᠤᠭᠰᠠᠨ ᠵᠢᠭᠤᠯᠴᠢᠯᠠᠭᠰᠠᠳ ᠤᠨ ᠶᠡᠷᠦᠩᠬᠡᠢ ᠲᠤᠭ᠎ᠠ 182.7 ᠲᠦᠮᠡᠨ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 22.8 ᠳ᠋ᠦᠩᠰᠢᠭᠤᠷ ᠲᠥᠭᠦᠷᠢᠭ ᠲᠤ ᠬᠦᠷᠪᠡ᠃     ᠨᠢᠭᠡ ᠵᠢᠯ ᠤᠨ ᠲᠤᠷᠰᠢ᠂ ᠪᠢᠳᠡ ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠵᠠᠰᠠᠯᠲᠠ ᠶᠢ ᠠᠳᠬᠤᠨ᠂ ᠳᠡᠰ ᠳᠡᠪᠰᠢᠬᠦ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠦᠷ᠎ᠡ ᠪᠦᠲᠦᠮᠵᠢ ᠤᠯᠠᠮ ᠢᠯᠡᠷᠬᠡᠶ ᠪᠣᠯᠪᠠ᠃ ︽ᠭᠤᠷᠪᠠᠨ ᠣᠷᠤᠨ ᠵᠠᠢ ᠭᠤᠷᠪᠠᠨ ᠱᠤᠭᠤᠮ︾ ᠪᠠ ︽ᠭᠤᠷᠪᠠᠨ ᠱᠤᠭᠤᠮ ᠨᠢᠭᠡ ᠨᠠᠷᠢᠨ ᠳᠠᠩᠰᠠ︾ ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠵᠦ᠂ ︽ᠣᠶᠤᠨᠴᠢ ᠣᠶ ᠰᠢᠭᠤᠶ ᠪᠠ ᠨᠣᠲᠤᠭ ᠪᠡᠯᠴᠢᠭᠡᠷ ᠤᠨ  ᠳᠠᠷᠤᠭ᠎ᠠ︾ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠥᠬᠦ ᠣᠷᠣᠨ ᠪᠦᠰᠡ ᠳᠤ ᠳᠡᠯᠭᠡᠷᠡᠭᠦᠯᠦᠨ᠂ 670 ᠲᠦᠮᠡᠨ ᠮᠥ ᠣᠶ ᠰᠢᠭᠤᠶ ᠨᠤᠲᠤᠭ ᠪᠡᠯᠴᠢᠭᠡᠷ ᠢ ᠪᠦᠬᠦᠨ ᠢ ᠬᠢᠨᠠᠨ ᠬᠠᠮᠢᠶᠠᠷᠪᠠ᠃ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ᠂ ᠲᠦ᠋ ᠯᠦᠩ ᠭᠠᠩ ᠤᠨ ᠡᠯᠡᠰᠦᠷᠬᠡᠭ ᠭᠠᠵᠠᠷ᠂ ᠰᠢ ᠹᠧᠩ ᠺᠧᠦ ᠶᠢᠨ ᠡᠯᠡᠰᠦᠷᠬᠡᠭ ᠭᠠᠵᠠᠷ ᠤᠨ ᠣᠶ ᠰᠢᠭᠤᠶ ᠡᠪᠡᠰᠦ ᠪᠡᠯᠴᠢᠭᠡᠷ ᠤᠨ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠡᠯᠡᠰᠦᠷᠬᠡᠭᠵᠢᠭᠰᠡᠨ ᠦᠭᠡᠢ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠵᠡᠷᠭᠡ ᠭᠤᠷᠪᠠᠨ ᠶᠡᠭᠡ ᠲᠣᠭᠤᠷᠢᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ 5.1 ᠲᠦᠮᠡᠨ ᠮᠦ ᠡᠯᠡᠰᠦᠷᠬᠡᠭ ᠭᠠᠵᠠᠷ ᠢ ᠵᠠᠰᠠᠪᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠠᠬᠢᠭᠤᠯᠤᠨ᠂ 8.1 ᠲᠦᠮᠡᠨ ᠮᠦ ᠣᠢ ᠰᠢᠭᠤᠢ ᠶᠢᠨ ᠠᠮᠢ ᠠᠬᠤᠢ ᠶᠢ ᠪᠦᠲᠦᠭᠡᠨ ᠪᠠᠶᠢᠭᠤᠯᠤᠭᠰᠠᠨ ᠪᠠ 33 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠵᠦ᠂ 217.3 ᠲᠦᠮᠡᠨ ᠮᠦ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ 66.1% ᠳᠤ ᠬᠦᠷᠪᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠪᠠᠶᠢᠬᠤ ᠡᠳᠦᠷ ᠤᠨ ᠲᠤᠭ᠎ᠠ ᠶᠢᠨ ᠬᠠᠷᠢᠴᠠᠯ ᠢ 96% ᠠᠴᠠ ᠳᠡᠭᠡᠭᠰᠢ ᠪᠣᠯᠭᠠᠨ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠴᠢᠨᠠᠷ ᠰᠠᠶᠢᠲᠠᠶ ᠤᠰᠤᠨ ᠤ ᠬᠠᠷᠢᠴᠠᠯ ᠢ 100% ᠳᠤ ᠬᠦᠷᠦᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠪᠠ᠃ ᠵᠢᠵᠢᠭ ᠤᠷᠤᠰᠬᠠᠯ ᠢ 20 ᠲᠡᠭᠰᠢ ᠳᠥᠷᠪᠡᠯᠵᠢᠨ ᠺᠢᠯᠦᠮᠧᠲᠷ ᠵᠠᠰᠠᠵᠤ᠂ 15.4  ᠺᠢᠯᠦᠮᠧᠲᠷ 7 ᠵᠤᠷᠪᠤᠰ ᠭᠤᠣᠯ ᠤᠨ ᠭᠤᠯᠳᠤᠷᠢᠯ ᠢ ᠴᠡᠪᠡᠷᠯᠡᠨ᠂ 12.9 ᠲᠦᠮᠡᠨ ᠪᠣᠰᠤᠭ᠎ᠠ ᠳᠥᠷᠪᠡᠯᠵᠢᠨ ᠮᠧᠲᠷ ᠬᠠᠶᠢᠷ ᠴᠢᠯᠠᠭᠤ ᠭᠠᠷᠭᠠᠪᠠ᠃ ᠠᠭᠤᠷᠬᠠᠶ ᠮᠠᠯᠲᠠᠬᠤ ᠡᠷᠬᠡ ᠶᠢ ᠶᠡᠷᠦᠩᠬᠡᠶᠢᠯᠡᠨ ᠵᠠᠰᠠᠬᠤ 58 ᠲᠥᠷᠥᠯ ᠢ ᠪᠡᠶᠡᠯᠡᠭᠦᠯᠵᠦ᠂ ᠲᠡᠦᠬᠡ ᠶᠢᠨ ᠦᠯᠡᠳᠡᠭᠳᠡᠯ ᠪᠠ ᠡᠵᠡᠨ ᠥᠬᠡᠶ ᠠᠭᠤᠷᠬᠠᠶ 25 ᠶᠢ ᠰᠡᠷᠭᠦᠭᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 5 ᠶᠢ ᠰᠢᠨ᠎ᠡ ᠪᠠᠷ ᠲᠣᠭᠲᠠᠭᠠᠪᠠ᠃ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠶ᠂ ᠰᠢᠨ᠎ᠡ ᠬᠤᠲᠠ ᠶᠢᠨ ᠢᠯᠴᠢ ᠶᠢᠨ ᠬᠦᠴᠦᠨ ᠵᠡᠷᠭᠡ 6 ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠳ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠨᠡᠭᠦᠷᠡᠰᠦ ᠬᠤᠷᠤᠭᠳᠠᠭᠤᠯᠬᠤ ᠪᠠᠨ 3600 ᠲᠣᠨ ᠪᠠᠭᠠᠰᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠠᠴᠠ ᠪᠠᠭᠤᠯᠭᠠᠭᠰᠠᠨ ᠡᠨᠧᠷᠭᠢ ᠬᠤᠷᠣᠭᠳᠠᠭᠤᠯᠬᠤ ᠡᠷᠴᠢᠮ ᠤᠨ ᠬᠠᠷᠠᠯᠲᠠ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ︽ᠲᠠᠪᠤ ᠶᠢ ᠡᠴᠦᠰ ᠲᠤᠨᠢ ᠲᠤᠯᠲᠠᠯ᠎ᠠ ᠬᠢᠬᠦ︾ ᠠᠵᠢᠯᠯᠠᠭ᠎ᠠ ᠶᠢ ᠥᠨᠳᠥᠷ ᠪᠦᠲᠦᠮᠵᠢᠲᠡᠶ ᠠᠬᠢᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ 723.8 ᠮᠥ ᠭᠠᠵᠠᠷ ᠰᠢᠷᠣᠶ ᠶᠢ  ᠰᠢᠢᠳᠪᠦᠷᠢᠯᠡᠨ᠂ ᠣᠨ ᠤ ᠡᠭᠦᠷᠭᠡ ᠪᠠᠨ 176% ᠪᠠᠷ ᠪᠡᠶᠡᠯᠡᠭᠦᠯᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠡᠬᠡᠪᠡᠷ ᠳᠡᠭᠡᠭᠰᠢᠯᠡᠪᠡ᠃    ᠨᠢᠭᠡ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠥᠭᠡᠷᠡᠴᠢᠯᠡᠯᠲᠡ ᠶᠢ ᠠᠳᠬᠤᠨ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠢ ᠬᠤᠷᠠᠮᠳᠤᠵᠤ ᠴᠢᠩᠭᠠᠷᠠᠪᠠ᠃ ᠤᠯᠤᠰ ᠤᠨ ᠦᠮᠴᠢᠯᠡᠯᠲᠦ ᠠᠵᠤ ᠠᠬᠤᠢᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠹᠦ᠋ ᠽᠧ ᠲᠦᠭᠡᠭᠡᠯ ᠤᠰᠤᠨ ᠤ ᠺᠣᠮᠫᠠᠨᠢ ᠪᠣᠯᠤᠨ ᠴᠢᠩ ᠶᠤᠸᠠᠨ ᠪᠣᠬᠢᠷ ᠤᠰᠤ ᠰᠢᠢᠳᠪᠦᠷᠢᠯᠡᠬᠦ ᠭᠠᠵᠠᠷ  ᠢ ᠨᠡᠶᠢᠯᠡᠭᠦᠯᠦᠨ ᠳᠠᠬᠢᠨ ᠪᠠᠶᠢᠭᠤᠯᠵᠤ᠂ ᠺᠠᠢ ᠷᠦᠨ ᠹᠦ᠋ ᠰᠧ ᠤᠮᠳᠠᠭᠠᠨ ᠤ ᠬᠢᠵᠠᠭᠠᠷᠲᠤ ᠺᠣᠮᠫᠠᠨᠢ ᠶᠢᠨ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ 751 ᠲᠦᠮᠡᠨ ᠲᠥᠭᠦᠷᠢᠭ ᠲᠤ ᠬᠦᠷᠴᠦ᠂ 1500 ᠲᠦᠮᠡᠨ ᠲᠥᠭᠦᠷᠢᠭ ᠤᠨ ᠵᠠᠬᠢᠶᠠᠯᠠᠭ᠎ᠠ ᠲᠣᠰᠤᠨ᠂ ᠱᠠᠩ ᠵᠢᠩ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠺᠣᠮᠫᠠᠨᠢ ᠶᠢᠨ 14 ᠭᠤᠣᠯᠳᠠᠯᠭ᠎ᠠ ᠲᠠᠢ ᠲᠥᠷᠦᠯ ᠵᠦᠢᠯ ᠤᠨ ᠪᠡᠯᠡ ᠣᠷᠣᠭᠤᠯᠤᠯᠲᠠ ᠨᠢ 10.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠵᠢᠯ ᠤᠨ ᠶᠡᠷᠦᠩᠬᠡᠢ ᠡᠵᠡᠩᠨᠡᠯᠲᠡ ᠶᠢᠨ ᠣᠷᠣᠯᠭ᠎ᠠ ᠨᠢ 9500 ᠲᠦᠮᠡᠨ ᠲᠥᠭᠦᠷᠢᠭ ᠲᠤ ᠬᠦᠷᠴᠡᠢ᠃ ᠣᠢ ᠰᠢᠭᠤᠢ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠤᠷᠤᠭᠰᠢᠲᠠᠢ ᠶᠠᠪᠤᠭᠳᠠᠵᠤ᠂ ᠬᠤᠰᠢᠭᠤ ᠱᠠᠲᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠱᠠᠯᠠᠪᠳᠠᠨ ᠪᠠᠶᠢᠴᠠᠭᠠᠬᠤ ᠪᠠᠲᠤᠯᠠᠭ᠎ᠠ ᠶᠢᠨ ᠲᠥᠪ ᠢ ᠪᠠᠶᠢᠭᠤᠯᠤᠨ᠂ ᠪᠦᠬᠦ ᠵᠢᠯ ᠳᠤ 78 ᠤᠳᠠᠭᠠᠨ ᠤ ᠣᠢ ᠰᠢᠭᠤᠢ ᠶᠢᠨ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠪᠦᠬᠦ ᠬᠤᠰᠢᠭᠤ ᠬᠡᠪᠴᠢᠶᠡᠨ  ᠤ ᠪᠡᠯᠴᠢᠭᠡᠷᠯᠡᠭᠦᠯᠬᠦ ᠶᠢ ᠬᠤᠷᠢᠭᠯᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ 4432 ᠮᠠᠰᠢᠨ ᠴᠠᠬᠢᠯᠭᠠᠨ ᠬᠤᠳᠳᠤᠭ ᠤᠨ ︽ᠴᠠᠬᠢᠯᠭᠠᠨ ᠢᠶᠠᠷ ᠤᠰᠤ ᠬᠡᠷᠡᠭᠯᠡᠭᠰᠡᠨ ᠬᠡᠮᠵᠢᠶ᠎ᠡ ᠶᠢ ᠨᠤᠭᠤᠯᠤᠨ ᠪᠤᠳᠤᠬᠤ︾ ᠨᠣᠷᠮ᠎ᠠ  ᠶᠢ ᠲᠣᠭᠲᠠᠭᠠᠭᠰᠠᠨ ᠤ ᠰᠠᠭᠤᠷᠢᠨ ᠳᠡᠭᠡᠷ᠎ᠡ 91 ᠮᠠᠰᠢᠨ ᠴᠠᠬᠢᠯᠭᠠᠨ ᠬᠤᠳᠳᠤᠭ ᠢ ᠬᠢᠨᠠᠨ ᠪᠠᠶᠢᠴᠠᠭᠠᠵᠤ᠂ ᠦᠭᠡᠷᠡᠴᠢᠯᠡᠯᠲᠡ  ᠶᠢᠨ ᠲᠠᠯᠠᠪᠠᠢ ᠨᠢ 54 ᠲᠦᠮᠡᠨ ᠮᠥ ᠬᠦᠷᠪᠡ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ 46 ᠭᠠᠴᠠᠭ᠎ᠠ ᠲᠣᠰᠬᠤᠨ ᠤ 3.8 ᠲᠦᠮᠡᠨ ᠮᠠᠯᠴᠢᠨ ᠲᠠᠷᠢᠶᠠᠴᠢᠳ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠳᠡᠮᠵᠢᠨ 8.1 ᠲᠦᠮᠡᠨ ᠬᠤᠪᠢ ᠣᠷᠤᠭᠤᠯᠤᠭᠰᠠᠨ ᠡᠷᠬᠡ ᠶᠢ ᠣᠯᠵᠤ᠂ 2.6 ᠲᠦᠮᠡᠨ ᠮᠥ ᠭᠠᠵᠠᠷ ᠰᠢᠷᠣᠶ ᠶᠢ ᠨᠡᠶᠢᠯᠡᠭᠦᠯᠦᠨ ᠬᠤᠪᠢ ᠣᠷᠣᠭᠤᠯᠵᠤ᠂ 2365 ᠮᠠᠯᠴᠢᠨ ᠲᠠᠷᠢᠶᠠᠴᠢᠳ 657 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠪᠠ᠃ ᠯᠦᠩᠴᠠᠩ ᠪᠠᠯᠭᠠᠰᠤ᠂ ᠠᠷᠪᠠᠨ ᠭᠤᠷᠪᠠᠨ ᠣᠪᠣᠭ᠎ᠠ ᠪᠠᠯᠭᠠᠰᠤ᠂ ᠹᠦ᠋ ᠾᠧ ᠪᠠᠯᠭᠠᠰᠤ ᠵᠡᠷᠭᠡ 5 ︽ᠭᠤᠷᠪᠠ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠨᠢ ᠪᠦᠬᠦᠨ ᠢᠶᠠᠷ ᠢᠶᠠᠨ ᠬᠤᠲᠠ ᠶᠢᠨ ᠲᠡᠰ ᠤᠨ ᠬᠢᠨᠠᠯᠲᠠ ᠶᠢ ᠦᠩᠭᠡᠷᠡᠭᠡᠵᠦ᠂ 3.1 ᠲᠦᠮᠡᠨ ᠮᠦ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠤᠨ᠂ ᠲᠠᠷᠢᠶᠠᠯᠠᠩ ᠤᠨ ᠮᠠᠰᠢᠨᠴᠢᠯᠠᠯᠲᠠ ᠶᠢᠨ ᠲᠠᠯᠠᠪᠠᠢ 10.1ᠲᠦᠮᠡᠨ ᠮᠦ ᠬᠦᠷᠴᠠᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ 32 ᠰᠠᠯᠠᠭ᠎ᠠ ᠮᠥᠴᠢᠷ ᠤᠨ 1631 ᠵᠦᠢᠯ ᠤᠨ ᠲᠣᠰ ᠱᠠᠲᠤᠨ ᠤ ᠬᠠᠮᠢᠶᠠᠷᠤᠯᠲᠠ ᠶᠢᠨ ᠵᠦᠢᠯᠡᠰ ᠤᠨ 1705 ᠬᠢᠨᠠᠨ ᠵᠥᠪᠰᠢᠶᠡᠷᠡᠬᠦ ᠭᠤᠭᠴᠤᠭ᠎ᠠ ᠶᠢ ᠬᠦᠴᠦᠨ ᠥᠬᠡᠶ ᠪᠣᠯᠭᠠᠭᠰᠠᠨ ᠪᠠ ᠳᠥᠭᠦᠮᠴᠢᠯᠡᠵᠦ᠂ 1579 ᠬᠤᠪᠢ ᠮᠠᠲ᠋ᠧᠷᠢᠶᠠᠯ ᠢ ᠴᠣᠮᠬᠠᠳᠬᠠᠨ᠂ ᠭᠦᠢᠴᠡᠳᠬᠡᠬᠦ ᠴᠠᠭ ᠢ 1.5 ᠲᠦᠮᠡᠨ ᠡᠳᠦᠷ ᠪᠣᠭᠤᠨᠢᠰᠬᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠢᠨᠠᠨ ᠦᠨᠡᠯᠡᠬᠦ ᠠᠵᠢᠯ ᠢ ᠤᠷᠤᠭᠰᠢᠲᠠᠶ ᠪᠡᠶᠡᠯᠡᠭᠦᠯᠪᠡ᠃ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠱᠠᠲᠤ ᠬᠤᠪᠢᠶᠠᠨ ᠭᠦᠢᠴᠡᠳᠬᠡᠬᠦ ᠠᠷᠭ᠎ᠠ ᠬᠢᠳᠡᠯ ᠨᠢ ᠪᠥᠬᠦ ᠣᠷᠣᠨ ᠤ ᠨᠡᠶᠢᠲᠡᠯᠢᠭ ᠵᠢᠱᠢᠶ᠎ᠡ ᠪᠣᠯᠤᠭᠰᠠᠨ ᠪᠥᠭᠡᠳ ᠪᠥᠬᠦ ᠬᠤᠲᠠ ᠳᠤ ᠳᠡᠯᠭᠡᠷᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠴᠠᠭ ᠢ ᠨᠡᠶᠢᠳᠡᠮ ᠳᠡᠭᠡᠨ 15 ᠡᠳᠦᠷ ᠠᠴᠠ ᠳᠡᠭᠡᠭᠰᠢ ᠪᠣᠭᠤᠨᠢᠰᠬᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 1.5 ᠳ᠋ᠦᠩᠰᠢᠭᠤᠷ ᠭᠠᠷᠤᠶ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 9 ᠵᠢᠴᠢ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 4 ᠶᠢ ᠰᠢᠨ᠎ᠡ ᠪᠠᠷ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ 1 ᠬᠦᠷᠲᠡᠵᠦ᠂ ᠳ᠋ᠣᠺᠲ᠋ᠣᠷ ᠤᠨ ᠠᠵᠢᠯ ᠤᠨ ᠥᠷᠲᠡᠭᠡ 4 ᠶᠢ ᠰᠢᠨ᠎ᠡ ᠪᠠᠷ ᠪᠠᠶᠢᠭᠤᠯᠤᠨ᠂ ᠮᠠᠨ ᠤ ᠬᠤᠰᠢᠭᠤ ᠨᠢ ᠤᠯᠤᠰ ᠤᠨ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠰᠢᠭᠤ ︵ᠬᠤᠲᠠ︶ ᠶᠢ ᠡᠭᠦᠳᠦᠨ ᠪᠠᠶᠢᠭᠤᠯᠬᠤ ᠡᠩᠨᠡᠭᠡᠨ ᠳᠤ ᠵᠢᠭᠰᠠᠭᠠᠭᠳᠠᠪᠠ᠃     ᠨᠢᠭᠡ ᠵᠢᠯ ᠤᠨ ᠲᠤᠷᠰᠢ᠂ ᠪᠢᠳᠡ ᠪᠦᠬᠦ ᠣᠷᠣᠨ ᠪᠦᠰᠡ ᠶᠢ ᠨᠢᠭᠡᠳᠦᠯᠲᠡᠢ ᠲᠦᠯᠦᠪᠵᠢᠭᠦᠯᠵᠦ᠂ ᠰᠠᠭᠤᠷᠢ ᠶᠢ ᠠᠳᠬᠤᠨ ᠂ ᠳᠤᠲᠠᠭᠤᠳᠠᠯ ᠢᠶᠠᠨ ᠨᠦᠬᠦᠪᠦᠷᠢᠯᠡᠵᠦ᠂ ᠬᠤᠳᠠ ᠬᠥᠳᠡᠭᠡ ᠶᠢ ᠨᠢᠭᠡ ᠴᠤᠬᠴᠠᠵᠢᠭᠤᠯᠬᠤ ᠪᠠᠶᠢᠭᠤᠯᠤᠯᠲᠠ ᠯᠠᠪᠳᠠᠭᠤᠨ ᠠᠯᠬᠤᠮ ᠢ ᠠᠯᠬᠤᠪᠠ᠃ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 5 ᠬᠤᠲᠠ ᠶᠢᠨ ᠶᠠᠪᠤᠳᠠᠯ ᠤᠨ ᠲᠥᠷᠦᠯ ᠵᠦᠢᠯ ᠢ ᠨᠠᠶᠢᠳᠠᠪᠦᠷᠢᠵᠢᠭᠤᠯᠤᠨ᠂ ᠪᠧᠢ ᠲᠠ ᠵᠠᠮ ᠪᠠ ᠥᠯᠵᠡᠶ ᠵᠠᠮ ᠵᠡᠷᠭᠡ 9 ᠵᠤᠷᠪᠤᠰ ᠬᠤᠲᠠ ᠲᠣᠭᠤᠷᠢᠭ ᠤᠨ ᠵᠠᠮ ᠤᠨ ᠢᠨᠵᠧᠨᠧᠷᠢᠩ ᠢ ᠡᠬᠢᠯᠡᠭᠦᠯᠪᠡ᠃ ᠰᠢᠷᠭ᠎ᠠ ᠵᠡᠭᠡᠯᠢ ᠪᠠ ᠵᠢᠩᠽᠢ ᠭᠸᠦ ᠨᠢᠭᠡᠳᠦᠭᠡᠷ ᠳᠤᠭᠤᠶᠢᠯᠠᠩ ᠵᠡᠷᠭᠡ 5 ᠬᠡᠰᠡᠭ ᠤᠨ 135 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ᠂ 44 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 2593 ᠡᠷᠦᠬᠡ ᠳᠤ ᠠᠰᠢᠭ ᠬᠦᠷᠲᠡᠭᠡᠪᠡ᠃ ᠲᠤᠭᠤᠷ ᠤᠨ ᠬᠦᠷᠢᠶᠡᠯᠡᠩ᠂ ᠲᠤᠭᠤᠷ ᠤᠨ ᠴᠡᠴᠡᠭ ᠬᠤᠷᠢᠶᠠᠯᠠᠯ᠂ ᠮᠢᠩ ᠶᠤᠸᠠᠨ ᠶᠦᠨ ᠵᠢᠩ ᠵᠡᠷᠭᠡ 6 ᠬᠤᠷᠢᠶᠠᠯᠠᠯ ᠢ ᠤᠷᠢᠳᠴᠢᠯᠠᠨ ᠬᠤᠳᠠᠯᠳᠤᠬᠤ ᠠᠵᠢᠯ ᠢ ᠡᠬᠢᠯᠡᠭᠦᠯᠵᠦ᠂ ᠬᠤᠳᠠᠯᠳᠤᠭᠠᠨ ᠤ ᠪᠠ ᠣᠷᠣᠨ ᠰᠠᠭᠤᠴᠠ ᠶᠢᠨ ᠨᠡᠭᠡᠭᠡᠨ ᠠᠰᠢᠭᠯᠠᠬᠤ ᠲᠠᠯᠠᠪᠠᠢ ᠶᠢ 17.5 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠠᠷᠠᠯᠵᠢᠶᠠᠨ ᠤ ᠲᠠᠯᠠᠪᠠᠢ ᠨᠢ 11 ᠲᠦᠮᠡᠨ ᠲᠡᠭᠰᠢ ᠳᠥᠷᠪᠡᠯᠵᠢᠨ ᠮᠧᠲᠷ ᠬᠦᠷᠪᠡ᠃ ᠵᠠᠰᠠᠮᠠᠯ ᠵᠠᠮ ᠤᠨ 12 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠵᠢᠯ ᠤᠨ ᠳᠣᠲᠣᠷ᠎ᠠ 3.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 463 ᠺᠢᠯᠦᠮᠧᠲᠷ ᠵᠠᠮ ᠳᠡᠪᠢᠰᠦᠨ᠂ G5511 ᠦᠨᠳᠦᠷ ᠬᠤᠷᠳᠤᠴᠠᠲᠤ ᠵᠠᠰᠠᠮᠠᠯ ᠵᠠᠮ ᠪᠣᠯᠤᠨ ᠤᠯᠤᠰ ᠤᠨ ᠵᠠᠮ 305 ᠱᠤᠭᠤᠮ ᠤᠨ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠯᠢᠨᠳᠦ᠋ᠩ ᠤᠨ ᠭᠠᠯᠲᠤ ᠲᠡᠷᠭᠡᠨ ᠥᠷᠲᠡᠭᠡ ᠶᠢ ᠥᠭᠡᠷᠡᠴᠢᠯᠡᠨ ᠪᠠᠶᠢᠭᠤᠯᠬᠤ ᠪᠠ ᠯᠢᠨᠳᠦ᠋ᠩ ᠬᠠᠩᠭᠠᠯᠲᠠ ᠶᠢᠨ ᠥᠷᠲᠡᠭᠡ ᠶᠢᠨ 220 ᠬᠢᠯᠦᠸᠠᠲ ᠤᠨ ᠭᠠᠳᠠᠭᠰᠢ ᠴᠠᠬᠢᠯᠭᠠᠨ ᠬᠠᠩᠭᠠᠬᠤ ᠢᠨᠵᠧᠨᠧᠷᠢᠩ ᠢ ᠲᠦᠷᠭᠡᠳᠬᠡᠨ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠬᠦᠯᠢᠶᠡᠵᠦ᠂ ᠮᠠᠨ ᠤ ᠬᠤᠰᠢᠭᠤ ᠨᠢ ᠪᠦᠬᠦ ᠤᠯᠤᠰ ᠤᠨ ᠭᠤᠷᠪᠠᠳᠤᠭᠠᠷ ᠪᠦᠯᠦᠭ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ ᠡᠭᠦᠳᠦᠨ  ᠪᠠᠶᠢᠭᠤᠯᠬᠤ ᠬᠤᠰᠢᠭᠤ ᠪᠠᠷ ᠦᠨᠡᠯᠡᠭᠳᠡᠪᠡ᠃ ᠰᠢᠷᠭ᠎ᠠ ᠶᠢᠨ ᠭᠤᠣᠯ ᠢ ᠵᠠᠰᠠᠬᠤ ᠪᠠ ᠬᠤᠩ ᠰᠢᠩ ᠤᠰᠤᠯᠠᠯᠲᠠ ᠶᠢᠨ ᠣᠷᠣᠨ ᠢ ᠦᠷᠭᠦᠯᠵᠢᠯᠡᠨ   ᠪᠠᠶᠢᠭᠤᠯᠵᠤ ᠢᠵᠢ ᠪᠦᠷᠢᠳᠦᠭᠦᠯᠬᠦ ᠪᠣᠯᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ ᠶᠡᠷᠦᠩᠬᠡᠢ ᠪᠡᠯᠡ ᠣᠷᠣᠭᠤᠯᠤᠯᠲᠠ ᠨᠢ 8 ᠳ᠋ᠦᠩᠰᠢᠭᠤᠷ ᠲᠥᠭᠦᠷᠢᠭ ᠤᠨ ᠬᠦᠪ ᠤᠨ ᠭᠤᠤ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠨᠢ ᠶᠡᠷᠦᠩᠬᠡᠢ ᠢᠨᠵᠧᠨᠧᠷᠢᠩ ᠤᠨ 80 % ᠠᠴᠠ ᠳᠡᠭᠡᠭᠰᠢᠬᠢ ᠶᠢ ᠪᠡᠶᠡᠯᠡᠭᠦᠯᠵᠦ᠂ ᠤᠯᠤᠰ ᠤᠨ ᠴᠠᠭ ᠠᠭᠤᠷ ᠤᠨ ᠷᠠᠳᠠᠷ ᠥᠷᠲᠡᠭᠡ ᠶᠢ ᠠᠰᠢᠭᠯᠠᠯᠲᠠ ᠳᠤ ᠣᠷᠣᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠪᠠᠯᠠ ᠮᠥᠩᠭᠦ ᠪᠠ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠲᠥᠪ ᠤᠨ ᠨᠢᠭᠡᠴᠡ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠡᠯ᠎ᠡ ᠲᠥᠷᠥᠯ ᠤᠨ ᠪᠠᠯᠠ ᠮᠥᠩᠭᠦ ᠶᠢ 6.2 ᠳ᠋ᠦᠩᠰᠢᠭᠤᠷ ᠲᠥᠭᠦᠷᠢᠭ ᠨᠢᠭᠡᠳᠦᠯᠲᠡᠶ ᠲᠥᠯᠥᠪᠵᠢᠭᠦᠯᠦᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 165 ᠲᠥᠷᠥᠯ ᠵᠦᠢᠯ ᠢ ᠨᠠᠶᠢᠳᠠᠪᠦᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠬᠦ ᠢᠨᠵᠧᠨᠧᠷᠢᠩ 15 ᠶᠢ ᠪᠠᠶᠢᠭᠤᠯᠵᠤ᠂ 110 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ᠂ 5096 ᠡᠷᠦᠬᠡ ᠶᠢᠨ ᠵᠣᠷᠯᠣᠩ ᠢ ᠵᠠᠰᠠᠪᠠ᠃ ᠯᠢ ᠮᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠤᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠢᠯᠡᠭᠦᠲᠡᠢ ᠬᠤᠭ ᠨᠣᠪᠰᠢ ᠶᠢ ᠰᠢᠢᠳᠪᠦᠷᠢᠯᠡᠬᠦ ᠭᠠᠵᠠᠷ ᠤᠨ ᠲᠦᠷᠦᠯ ᠵᠦᠢᠯ ᠢ ᠡᠬᠢᠯᠡᠭᠦᠯᠦᠨ᠂ ᠬᠤᠲᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠪᠡ᠃ 7 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠢ 4233 ᠮᠥ ᠨᠠᠶᠢᠳᠠᠪᠦᠷᠢᠵᠢᠭᠤᠯᠵᠤ᠂ 2126 ᠮᠥ ᠭᠠᠵᠠᠷ ᠬᠠᠭᠠᠯᠪᠦᠷᠢᠯᠠᠨ᠂ ᠹᠦ᠋ ᠾᠧ ᠪᠠᠯᠭᠠᠰᠤ ᠶᠢᠨ ᠤᠯᠠᠭᠠᠨᠳᠠᠪᠠᠭ᠎ᠠ ᠲᠣᠰᠬᠤᠨ ᠳᠤ ᠲᠥᠪᠬᠢᠨᠡᠭᠦᠯᠬᠦ ᠲᠣᠭᠤᠷᠢᠭ ᠰᠢᠨ᠎ᠡ ᠪᠠᠷ ᠪᠠᠶᠢᠭᠤᠯᠵᠤ᠂ 394 ᠡᠷᠦᠬᠡ ᠮᠠᠯᠴᠢᠨ ᠲᠠᠷᠢᠶᠠᠴᠢᠨ ᠢ ᠰᠢᠨ᠎ᠡ ᠣᠷᠣᠨ ᠰᠠᠭᠤᠴᠠ ᠳᠤ ᠨᠡᠭᠦᠯᠭᠡᠪᠡ᠃ ᠭᠤᠷᠪᠠᠨ ᠬᠠᠪᠴᠢᠯ ᠪᠦᠯᠦᠭᠯᠡᠯ ᠤᠨ ᠬᠤᠷᠢᠨ ᠵᠢᠯ ᠤᠨ ᠬᠠᠪᠰᠤᠷᠤᠨ ᠲᠡᠳᠬᠦᠭᠰᠡᠨ ᠳᠤ ᠲᠠᠯᠠᠷᠬᠠᠬᠤ ᠰᠢᠷᠢᠰ ᠠᠵᠢᠯᠯᠠᠭ᠎ᠠ ᠶᠢ ᠦᠪᠡᠳᠡᠭᠰᠢ ᠶᠡᠭᠡ ᠪᠠᠷ ᠡᠷᠬᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠣᠭᠤᠷᠢᠭ ᠤᠨ ᠭᠤᠣᠯ ᠴᠣᠭᠴᠠ ᠶᠢ ᠪᠠᠶᠢᠭᠤᠯᠤᠨ᠂ ︽ᠭᠤᠷᠪᠠᠨ ᠬᠠᠪᠴᠢᠯ ᠤᠨ e ᠬᠤᠳᠠᠯᠳᠤᠭ᠎ᠠ︾ ᠪᠠ ᠵᠢᠩ ᠮᠧᠩ ᠬᠡᠷᠡᠭᠯᠡᠭᠡᠨ ᠤ ᠲᠠᠪᠴᠠᠩ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠶᠡᠷᠦᠩᠬᠡᠢ ᠬᠡᠮᠵᠢᠶ᠎ᠡ 2.3 ᠳ᠋ᠦᠩᠰᠢᠭᠤᠷ ᠲᠥᠭᠦᠷᠢᠭ ᠲᠤ ᠬᠦᠷᠪᠡ᠃ ︽ᠤᠯᠠᠭᠠᠨᠬᠠᠳᠠ ᠶᠢᠨ ᠰᠠᠶᠢᠨ ᠪᠠᠷᠠᠭ᠎ᠠ ᠶᠢ ᠪᠡᠭᠡᠵᠢᠩ ᠳᠤ ᠣᠷᠣᠭᠤᠯᠬᠤ︾ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠵᠤ᠂ 3.2 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬᠢᠶᠠᠯᠠᠭ᠎ᠠ ᠶᠢ ᠲᠤᠰᠪᠠ᠃ ᠪᠥᠬᠦ ᠬᠤᠰᠢᠭᠤᠨ ᠤ 4.8 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 18523 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6 % ᠨᠡᠮᠡᠭᠳᠡᠪᠡ᠃ ︽︿ᠲᠥᠷᠥ ᠶᠢᠨ ᠪᠣᠳᠣᠯᠭ᠎ᠠ ᠶᠢᠨ ᠵᠢᠯᠤᠭᠤᠳᠤᠯᠭ᠎ᠠ + ᠮᠥᠩᠭᠦᠨ ᠭᠦᠢᠯᠭᠡᠭᠡᠨ ᠤ ᠲᠤᠰᠠᠯᠠᠮᠵᠢ﹀ ᠪᠠᠷ ᠦᠬᠡᠷ ᠤᠨ ᠠᠵᠤ ᠦᠢᠯᠡᠰ ᠢ ᠬᠦᠭᠵᠢᠭᠦᠯᠬᠦ︾ ᠭᠡᠬᠦ ᠰᠡᠳᠦᠪ ᠢᠶᠠᠷ ᠶᠠᠳᠠᠭᠤ ᠶᠢ ᠪᠠᠭᠠᠰᠬᠠᠭᠰᠠᠨ ᠬᠡᠷᠡᠭ ᠤᠨ ᠵᠢᠱᠢᠶ᠎ᠡ ᠨᠢ ᠳᠥᠷᠪᠡᠳᠦᠭᠡᠷ ᠬᠤᠭᠤᠴᠠᠭᠠᠨ ᠤ ︽ᠪᠥᠬᠦ ᠪᠥᠮᠪᠥᠷᠴᠡᠭ ᠤᠨ ᠶᠠᠳᠠᠭᠤ ᠶᠢ ᠪᠠᠭᠠᠰᠬᠠᠭᠰᠠᠨ ᠬᠡᠷᠡᠭ ᠤᠨ ᠵᠢᠱᠢᠶ᠎ᠡ ᠡᠯᠰᠡᠬᠦ ᠠᠵᠢᠯᠯᠠᠭ᠎ᠠ︾ ᠳᠤ ᠠᠮᠵᠢᠯᠲᠠ ᠲᠠᠢ ᠰᠣᠩᠭᠤᠭᠳᠠᠪᠠ᠃     ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠨ᠂ ᠪᠣᠳᠠᠲᠤ ᠶᠠᠪᠤᠳᠠᠯ ᠠᠴᠠ ᠭᠠᠷᠳᠠᠵᠤ᠂ ᠰᠠᠶᠢᠨ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠪᠡ᠃ ᠪᠦᠬᠦ ᠬᠤᠰᠢᠭᠤᠨ ᠤ ᠡᠳ᠋ ᠤᠨ ᠵᠠᠰᠠᠭ  ᠤᠨ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ 27.7 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 75% ᠶᠢ ᠡᠵᠡᠯᠡᠪᠡ᠃ ᠠᠷᠰᠠᠷ ᠠᠵᠢᠯ ᠤᠨ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠵᠤ᠂ 5 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠳᠤ 1000 ᠬᠥᠮᠦᠨ ᠰᠢᠨ᠎ᠡ ᠪᠠᠷ ᠠᠵᠢᠯ ᠣᠯᠵᠤ᠂ ᠬᠤᠲᠠ ᠪᠠᠯᠭᠠᠰᠤ ᠳᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ 3.7 % ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 90 % ᠠᠴᠠ ᠳᠡᠭᠡᠭᠰᠢ ᠪᠣᠯᠵᠤ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 1.5% ᠨᠡᠮᠡᠭᠳᠡᠪᠡ᠃ ᠦᠨᠳᠦᠰᠦᠨ ᠡᠮᠨᠡᠯᠭᠡ ᠶᠢᠨ ᠳᠠᠭᠠᠳᠬᠠᠯ ᠤᠨ  ᠬᠠᠮᠤᠷᠤᠭᠰᠠᠨ ᠬᠡᠮᠵᠢᠶ᠎ᠡ ᠶᠢ 96 % ᠠᠴᠠ ᠳᠡᠭᠡᠭᠰᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ  ᠳᠠᠬᠢ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ 1  ᠭᠠᠷᠭᠠᠵᠤ᠂ ︽ᠡᠮᠨᠡᠯᠭᠡ  ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠢ ᠦᠨᠳᠦᠰᠦᠨ ᠳᠡᠭᠡᠨ ᠪᠠᠶᠢᠭᠤᠯᠪᠠ᠃ ︽ᠢᠨᠲ᠋ᠧᠷ ᠰᠦᠯᠵᠢᠶ᠎ᠡ + ᠨᠡᠶᠢᠭᠡᠮ ᠤᠨ ᠲᠤᠰᠠᠯᠠᠮᠵᠢ︾ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ 198 ᠥᠷᠲᠡᠭᠡ ᠴᠡᠭ ᠢ ᠠᠰᠢᠭᠯᠠᠯᠲᠠ ᠳᠤ ᠣᠷᠣᠭᠤᠯᠤᠨ᠂ 3.2 ᠲᠦᠮᠡ ᠭᠠᠷᠤᠢ ᠬᠦᠴᠢᠷᠳᠡᠯᠲᠡᠢ ᠣᠯᠠᠨ ᠲᠦᠮᠡᠨ ᠢ ᠱᠠᠲᠤ ᠲᠥᠷᠥᠯ ᠬᠤᠪᠢᠶᠠᠨ ᠠᠪᠤᠷᠠᠨ ᠲᠤᠰᠠᠯᠠᠪᠠ᠃ ᠴᠢᠶᠠᠨ ᠢ ᠶᠤᠸᠠᠨ ᠡᠷᠡᠭᠦᠯᠵᠢᠯ ᠰᠤᠪᠢᠯᠠᠯᠲᠠ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠤᠤᠯ ᠴᠣᠭᠴᠠ ᠶᠢ ᠪᠠᠶᠢᠭᠤᠯᠤᠨ᠂ ᠦᠨᠳᠦᠰᠦᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ 37 ᠶᠢ ᠠᠰᠢᠭᠯᠠᠯᠲᠠ ᠳᠤ ᠣᠷᠣᠭᠤᠯᠵᠤ᠂ ᠨᠠᠰᠤᠲᠠᠨ ᠤ ᠵᠢᠷᠭᠠᠯᠠᠩᠲᠤ ᠬᠦᠷᠢᠶᠡᠯᠡᠩ 10 ᠶᠢ ᠥᠭᠡᠷᠡᠴᠢᠯᠡᠨ ᠵᠠᠰᠠᠵᠤ᠂ ᠨᠠᠰᠤᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠪᠡ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠤᠨ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠪᠡᠭᠡᠵᠢᠩ ᠤᠨ ᠬᠤᠶᠠᠳᠤᠭᠠᠷ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ ᠵᠢᠴᠢ ᠴᠧᠨ ᠵᠢᠩ ᠯᠦᠨ ᠳᠤᠮᠳᠠᠳᠤ ᠰᠤᠷᠭᠠᠭᠤᠯᠢ ᠵᠡᠷᠭᠡ ᠨᠠᠷᠠᠲᠤ ᠰᠤᠷᠭᠠᠭᠤᠯᠢ  ᠨᠤᠭᠤᠳ ᠲᠠᠢ ᠬᠠᠮᠲᠤᠷᠠᠨ ᠯᠢᠨᠳᠦ᠋ᠩ ᠤᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ︽ᠵᠢᠩ ᠯᠦᠨ ᠲᠤᠷᠰᠢᠯᠲᠠ ᠶᠢᠨ ᠠᠩᠭᠢ︾ ᠶᠢ ᠪᠠᠶᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ︽ᠬᠤᠤᠰ ᠣᠳᠣᠨ︾ ᠤ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ 1.37 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠥᠷᠭᠡᠳᠬᠡᠨ ᠪᠠᠶᠢᠭᠤᠯᠬᠤ ᠲᠥᠷᠥᠯ ᠵᠦᠢᠯ 8 ᠶᠢ ᠨᠠᠶᠢᠳᠠᠪᠦᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ 10 ᠰᠤᠷᠭᠠᠭᠤᠯᠢ ᠶᠢᠨ ᠳᠤᠯᠠᠭᠠᠯᠠᠭ᠎ᠠ ᠶᠢᠨ ᠴᠡᠪᠡᠷ ᠡᠨᠧᠷᠭᠢ ᠶᠢᠨ ᠦᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠯᠢᠨᠳᠦ᠋ᠩ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠨ᠂ ᠬᠤᠰᠢᠭᠤᠨ ᠤ ᠰᠢᠭᠤᠳ ᠬᠠᠷᠢᠶ᠎ᠠ ᠶᠢᠰᠦᠳᠦᠭᠡᠷ ᠬᠡᠦᠬᠡᠳ ᠤᠨ ᠴᠡᠴᠡᠷᠯᠢᠭ ᠪᠠ ᠯᠢᠨᠳᠦ᠋ᠩ ᠤᠨ ᠳᠦᠷᠪᠡᠳᠦᠭᠡᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠲᠥᠷᠥᠯ ᠵᠦᠢᠯ ᠢ ᠠᠬᠢᠭᠤᠯᠪᠠ᠃ ᠠᠷᠪᠠᠨ ᠭᠤᠷᠪᠠᠨ ᠣᠪᠣᠭ᠎ᠠ ᠪᠠᠯᠭᠠᠰᠤ ᠪᠠ ᠬᠠᠳ᠋ᠬᠠᠩᠭᠡᠷ ᠦᠨᠳᠦᠰᠦᠨ ᠱᠠᠲᠤᠨ ᠤ 2 ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠢ ᠠᠰᠢᠭᠯᠠᠯᠲᠠ ᠳᠤ ᠣᠷᠣᠭᠤᠯᠵᠤ᠂ ᠪᠦᠬᠦ ᠬᠤᠲᠠ ᠶᠢᠨ ᠠᠩᠬᠠᠳᠠᠭᠴᠢ ᠬᠤᠰᠢᠭᠤ ᠰᠢᠶᠠᠨ ᠲᠣᠭᠤᠷᠢᠭ ᠲᠠᠬᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠭᠰᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠢᠩᠬᠢᠨᠢ ᠪᠠᠷ  ᠪᠠᠶᠢᠭᠤᠯᠤᠭᠳᠠᠨ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠦᠨᠡᠯᠡᠯᠲᠡ ᠳᠤ ᠬᠢᠷᠢ ᠲᠡᠩᠴᠡᠪᠡ᠃ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠭᠤᠤᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠶᠢ ᠠᠮᠵᠢᠯᠲᠠ ᠲᠠᠢ ᠳᠠᠭᠠᠭᠠᠨ ᠡᠷᠭᠢᠯᠡᠵᠦ᠂ ᠠᠩᠬᠠᠳᠤᠭᠠᠷ ᠬᠤᠭᠤᠴᠠᠭᠠᠨ ᠤ ᠬᠠᠭᠠᠰ ᠵᠠᠶᠢᠲᠤ ᠮᠠᠷᠠᠽᠤᠨ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠴᠠᠭᠠᠰᠤᠨ ᠰᠢᠪᠠᠭᠤ ᠶᠢᠨ ᠨᠠᠶᠢᠷ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠢᠷᠢᠰ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠡᠷᠬᠢᠯᠡᠨ᠂ ᠠᠷᠠᠳ ᠢ ᠲᠣᠬᠤᠨᠢᠭᠤᠯᠬᠤ ᠲᠣᠭᠯᠠᠯᠲᠠ ᠶᠢ 50 ᠭᠠᠷᠤᠶ ᠤᠳᠠᠭ᠎ᠠ ᠥᠷᠨᠢᠭᠦᠯᠵᠦ᠂ ᠨᠡᠶᠢᠲᠡ 5 ᠲᠦᠮᠡᠨ ᠬᠥᠮᠦᠨ ᠤᠳᠠᠭ᠎ᠠ ᠣᠷᠣᠯᠴᠠᠪᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠪᠠ ᠪᠧᠢ ᠱᠠᠨ ᠲᠠᠮᠢᠷ ᠤᠨ ᠣᠷᠳᠣᠨ ᠤ ᠰᠤᠷᠠᠭ ᠵᠠᠩᠭᠢᠴᠢᠯᠠᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠨᠣᠮ ᠤᠨ ᠰᠠᠩ ᠨᠢ ᠤᠯᠤᠰ ᠤᠨ ᠨᠢᠭᠡᠳᠦᠭᠡᠷ ᠳᠡᠰ ᠤᠨ ᠨᠣᠮ ᠤᠨ ᠰᠠᠩ ᠪᠣᠯᠪᠠ᠃     ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠯᠡᠨ ᠨᠡᠶᠢᠳᠡᠮ ᠬᠠᠷᠠᠭᠠᠯᠵᠠᠵᠤ᠂ ᠬᠢᠵᠠᠭᠠᠷᠯᠠᠯ ᠢ ᠠᠳᠬᠤᠨ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠬᠤᠲᠠ ᠪᠠᠯᠭᠠᠰᠤᠨ ᠤ ᠰᠢᠲᠠᠮᠠᠬᠠᠶ ᠬᠡᠶ ᠵᠡᠷᠭᠡ 9 ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ ᠠᠶᠤᠯ ᠥᠬᠡᠶ ᠦᠢᠯᠡᠳᠪᠦᠷᠢᠯᠡᠯ ᠤᠨ 97 ᠵᠤᠷᠪᠤᠰ ᠬᠠᠲᠠᠭᠤ ᠠᠷᠭ᠎ᠠ ᠬᠡᠮᠵᠢᠶ᠎ᠡ ᠪᠠ ᠲᠤᠰᠬᠠᠶ ᠵᠦᠢᠯ ᠤᠨ ᠲᠥᠬᠦᠷ ᠲᠥᠰᠦᠯ ᠢ ᠲᠣᠭᠲᠠᠭᠠᠨ ᠨᠡᠶᠢᠲᠡᠯᠡᠵᠦ᠂ ᠠᠮᠤᠷ ᠲᠦᠪᠰᠢᠨ ᠤ ᠬᠡᠮ ᠰᠣᠭᠤᠭ ᠪᠠ ᠬᠦᠨᠳᠦ ᠶᠡᠭᠡ ᠠᠳᠡᠯ ᠤᠨ ᠬᠡᠮ ᠰᠣᠭᠤᠭ ᠢ ᠪᠠᠶᠢᠴᠠᠭᠠᠵᠤ ᠵᠠᠰᠠᠬᠤ ᠠᠵᠢᠯᠯᠠᠭ᠎ᠠ ᠦᠷᠨᠢᠭᠦᠯᠦᠨ᠂ ᠢᠯᠡᠷᠡᠭᠦᠯᠦᠭᠰᠡᠨ 20 ᠵᠦᠢᠯ ᠤᠨ ᠬᠦᠨᠳᠦ ᠶᠡᠭᠡ ᠬᠡᠮ ᠰᠣᠭᠤᠭ ᠪᠠ 7753 ᠵᠦᠢᠯ ᠤᠨ ᠡᠩ ᠤᠨ ᠬᠡᠮ ᠰᠣᠭᠤᠭ ᠢ ᠪᠦᠬᠦᠨ ᠢ ᠴᠡᠭᠴᠡᠯᠡᠨ ᠵᠠᠰᠠᠪᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ︽ᠳᠣᠯᠣᠭᠠᠨ ᠠᠯᠬᠤᠮ ᠤᠨ ᠠᠵᠢᠯᠯᠠᠬᠤ ᠠᠷᠭ᠎ᠠ︾ ᠶᠢ ᠬᠡᠷᠡᠭᠵᠢᠭᠦᠯᠦᠨ ᠂ ᠪᠦᠬᠦ ᠬᠤᠰᠢᠭᠤᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠦᠷᠭᠦᠯᠵᠢᠯᠡᠨ ᠲᠣᠭᠲᠠᠭᠤᠨ ᠪᠠᠶᠢᠪᠠ᠃ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠶᠢ ᠨᠡᠶᠢᠳᠡᠮ ᠳᠡᠯᠭᠡᠷᠡᠭᠦᠯᠵᠦ᠂ ᠳᠡᠭᠡᠳᠦ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ 54 ᠬᠤᠪᠢ  ᠵᠠᠬᠢᠳᠠᠯ ᠰᠣᠷᠪᠤᠯᠵᠢᠯᠠᠯ ᠤᠨ ᠵᠦᠢᠯᠡᠰ ᠢ ᠪᠦᠬᠦᠨ ᠢ ᠰᠢᠢᠳᠪᠦᠷᠢᠯᠡᠨ᠂ ᠵᠠᠬᠢᠳᠠᠯ ᠰᠣᠷᠪᠤᠯᠵᠢᠯᠠᠯ ᠤᠨ ︽ᠭᠤᠷᠪᠠᠨ ᠨᠤᠷᠮ᠎ᠠ︾ ᠨᠢ ᠪᠦᠬᠦ ᠬᠤᠳᠠ ᠳᠤ ᠲᠡᠷᠢᠭᠦᠨ ᠳᠤ ᠣᠷᠣᠵᠤ᠂ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠠᠵᠢᠯ ᠰᠢᠨ᠎ᠡ ᠰᠢᠪᠲᠤᠯᠤᠯᠲᠠ ᠲᠠᠢ ᠪᠣᠯᠵᠣ᠂ ᠪᠥᠬᠦ ᠣᠷᠣᠨ ᠤ  ᠪᠢᠷᠮᠠ ᠶᠢᠨ ᠤᠮᠠᠷᠠᠲᠤ ᠬᠡᠰᠡᠭ ᠠᠴᠠ ᠪᠤᠴᠠᠵᠤ ᠢᠷᠡᠭᠰᠡᠳ ᠤᠨ ᠴᠠᠬᠢᠯᠭᠠᠨ ᠬᠤᠯᠪᠤᠭᠠᠨ ᠤ ᠮᠡᠬᠡᠯᠡᠯ ᠳᠤ ᠴᠣᠬᠢᠯᠲᠠ ᠥᠭᠬᠦ ᠠᠩᠬᠠᠳᠠᠭᠴᠢ ᠳᠠᠶᠢᠯᠠᠯᠳᠤᠭᠠᠨ ᠢ ᠡᠬᠢᠯᠡᠭᠦᠯᠵᠦ᠂ ᠬᠡᠷᠡᠭ ᠲᠤ ᠬᠤᠯᠪᠣᠭᠳᠠᠭᠰᠠᠨ ᠪᠠᠯᠠ ᠮᠥᠩᠭᠦ 4000 ᠭᠠᠷᠤᠶ ᠲᠦᠮᠡᠨ ᠲᠥᠭᠦᠷᠢᠭ ᠲᠤ ᠬᠦᠷᠴᠡᠶ᠃ 16 ᠵᠢᠯ ᠤᠨ ᠡᠮᠦᠨᠡᠬᠢ ︽8.07︾ ᠠᠮᠢᠨ ᠬᠡᠷᠡᠭ ᠢ ᠢᠯᠡᠷᠡᠭᠦᠯᠵᠦ᠂ ᠳᠠᠷᠤᠭᠳᠠᠮᠠᠯ ᠠᠮᠢᠨ ᠬᠡᠷᠡᠭ ᠢ ᠪᠦᠬᠦᠨ ᠢ ᠰᠢᠢᠳᠪᠦᠷᠢᠯᠡᠪᠡ᠃ ᠬᠤᠰᠢᠭᠤ ᠱᠠᠲᠤᠨ ᠤ ᠨᠡᠶᠢᠭᠡᠮ ᠤᠨ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠤᠮᠤ ᠰᠢᠶᠠᠩ ᠪᠠᠯᠭᠠᠰᠤ ᠶᠢᠨ ︽ᠨᠢᠭᠡ ᠲᠥᠪ ᠳᠥᠷᠪᠡᠨ ᠲᠤᠰᠬᠠᠢ ᠠᠩᠭᠢ︾ ᠶᠢ ᠪᠠᠶᠢᠭᠤᠯᠤᠨ᠂ ᠪᠦᠬᠦ ᠵᠢᠯ ᠳᠤ ᠵᠥᠷᠢᠴᠡᠯ ᠵᠢᠭᠤᠷᠠᠭᠠᠨ ᠢ 2799 ᠬᠤᠪᠢ ᠰᠢᠢᠳᠪᠦᠷᠢᠯᠡᠵᠦ᠂ ᠠᠵᠤ ᠠᠬᠤᠢ ᠶᠢᠨ ᠬᠤᠬᠢᠷᠠᠯ ᠢ 1.3 ᠳ᠋ᠦᠩᠰᠢᠭᠤᠷ ᠲᠥᠭᠦᠷᠢᠭ ᠪᠤᠴᠠᠭᠠᠨ ᠠᠪᠴᠢᠷᠠᠵᠤ ᠂ ᠠᠷᠠᠳ ᠤᠨ ᠡᠶᠡᠳᠡᠭᠦᠯᠦᠭᠡ ᠶᠢᠨ ᠠᠮᠵᠢᠯᠲᠠ ᠣᠯᠤᠭᠰᠠᠨ ᠨᠣᠷᠮ᠎ᠠ 97% ᠠᠴᠠ ᠳᠡᠭᠡᠭᠰᠢ ᠳᠤ ᠬᠦᠷᠪᠡ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ ᠦᠷᠭᠦᠯᠵᠢᠯᠡᠨ 100 % ᠶᠢ ᠪᠠᠲᠤᠯᠠᠪᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ 1.7 ᠳ᠋ᠦᠩᠰᠢᠭᠤᠷ ᠲᠥᠭᠦᠷᠢᠭ ᠤᠨ ᠡᠷᠡᠭᠦᠯ ᠪᠤᠰᠤ ᠵᠢᠭᠡᠯᠡᠯᠭᠡ ᠶᠢ ᠬᠤᠷᠢᠶᠠᠨ ᠠᠪᠤᠪᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ 6 ᠰᠤᠷᠭᠠᠭᠤᠯᠢ ᠳᠤ 45 ᠲᠤᠰᠬᠠᠢ ᠪᠠᠭᠰᠢ ᠳᠣᠬᠢᠷᠠᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号