ᠲᠥᠯᠥᠭᠡᠯᠡᠭᠴᠢᠳ ᠡ︕ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠡᠯ᠎ᠡ ᠭᠤᠭᠴᠤᠭ᠎ᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠤᠯᠤᠰ ᠲᠥᠷᠥ ᠶᠢᠨ ᠰᠠᠬᠢᠯᠭ᠎ᠠ | ᠪᠠᠲᠤ ᠪᠠ ᠶᠣᠰᠣ ᠲᠦᠷᠢᠮ ᠢ ᠴᠢᠩᠭ᠎ᠠ ᠰᠠᠬᠢᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠠᠷᠠᠭᠠᠯᠠᠯ ᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ 116 ᠪᠢᠴᠢᠭ | ᠮᠠᠲ᠋ᠧᠷᠢᠶᠠᠯ ᠢ ᠬᠠᠤᠯᠢ ᠲᠣᠭᠲᠠᠭᠠᠯ ᠶᠣᠰᠣᠭᠠᠷ ᠴᠡᠪᠡᠷᠯᠡᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ | ᠰᠢᠨᠵᠢᠯᠡᠬᠦ ᠤᠬᠠᠭᠠᠨᠴᠢᠯᠠᠬᠤ᠂ ᠬᠠᠤᠯᠢᠵᠢᠭᠤᠯᠬᠤ᠂ ᠵᠢᠷᠤᠮᠵᠢᠭᠤᠯᠬᠤ᠂ ᠠᠷᠠᠳᠴᠢᠯᠠᠬᠤ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠠᠵᠢᠯ ᠤᠨ | ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠨ ᠭᠦᠢᠴᠡᠳᠬᠡᠭᠰᠡᠨ 70 ᠬᠤᠪᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 64 ᠬᠤᠪᠢ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠬᠠᠷᠢᠭᠤ ᠥᠭᠴᠦ᠂ ᠵᠠᠰᠠᠭ ᠤᠨ | ᠣᠷᠳᠣᠨ ᠤ ᠭᠦᠢᠴᠡᠳᠬᠡᠬᠦ ᠴᠢᠳᠠᠪᠦᠷᠢ ᠢᠯᠡᠳᠲᠡ ᠴᠢᠩᠭᠠᠷᠠᠪᠠ᠃ ᠭᠤᠤᠯᠳᠠᠯᠭ᠎ᠠ ᠲᠠᠢ ᠠᠵᠢᠯ ᠪᠠ ᠲᠥᠷᠥᠯ ᠵᠦᠢᠯ ᠢ | ᠱᠠᠯᠠᠪᠳᠠᠨ ᠪᠠᠶᠢᠴᠠᠭᠠᠵᠤ ᠬᠢᠨᠠᠨ ᠦᠨᠡᠯᠡᠵᠦ᠂ ᠨᠡᠶᠢᠲᠡᠯᠡᠭᠰᠡᠨ ᠲᠥᠷᠥ ᠶᠢᠨ ᠪᠣᠳᠣᠯᠭ᠎ᠠ᠂ ᠠᠮᠠᠯᠠᠭᠰᠠᠨ ᠵᠦᠢᠯᠡᠰ᠂ | ᠲᠣᠭᠲᠠᠭᠰᠠᠨ ᠬᠡᠯᠡᠯᠴᠡᠭᠡᠷ ᠢ ᠢᠳᠡᠪᠬᠢᠲᠡᠶ ᠪᠤᠲᠠᠲᠠᠶᠢᠵᠢᠭᠤᠯᠤᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ 3292 ᠬᠤᠪᠢ | ᠭᠥᠯᠢᠶᠡᠨ ᠠᠪᠴᠤ ᠰᠢᠢᠳᠪᠦᠷᠢᠯᠡᠨ᠂ ᠬᠠᠨᠤᠮᠵᠢᠲᠠᠶ ᠪᠠᠶᠢᠬᠤ ᠨᠣᠷᠮ᠎ᠠ 99.4 % ᠳᠤ ᠬᠦᠷᠴᠦ᠂ ᠵᠠᠰᠠᠭ ᠤᠨ ᠣᠷᠳᠣᠨ ᠤ | ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠲᠥᠪ ᠤᠨ ᠨᠠᠢᠮᠠᠨ ᠵᠣᠷᠪᠤᠰ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ | ᠵᠠᠯᠠᠷᠠᠭᠤᠯᠤᠨ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠪᠠ ᠠᠵᠢᠯ ᠬᠢᠵᠦ ᠦᠢᠯᠡᠰ ᠪᠤᠰᠬᠠᠬᠤ ᠠᠭᠤᠷ | ᠠᠮᠢᠰᠬᠤᠯ ᠢ ᠨᠡᠩ ᠥᠳᠬᠡᠨ ᠵᠤᠵᠠᠭᠠᠨ ᠪᠣᠯᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ᠂ ᠦᠵᠡᠯ ᠤᠬᠠᠮᠰᠠᠷ ᠤᠨ | ᠬᠡᠯᠪᠡᠷᠢ᠂ ᠭᠠᠳᠠᠭᠠᠳᠤ ᠶᠠᠪᠤᠳᠠᠯ ᠤᠨ ᠨᠢᠭᠤᠴᠠ ᠶᠢ ᠬᠠᠮᠠᠭᠠᠯᠠᠬᠤ᠂ ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ | ᠪᠠᠲᠤᠯᠠᠨ ᠬᠠᠮᠠᠭᠠᠯᠠᠯᠲᠠ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠭᠠᠯ ᠰᠡᠷᠭᠡᠶᠢᠯᠡᠯᠲᠡ᠂ ᠬᠢᠨᠠᠨ | ᠪᠣᠳᠤᠬᠤ ᠪᠠ ᠲᠤᠭ᠎ᠠ ᠪᠦᠷᠢᠳᠬᠡᠯ᠂ ᠪᠠᠶᠢᠭᠤᠯᠤᠯᠭ᠎ᠠ ᠶᠢᠨ ᠶᠠᠪᠤᠳᠠᠯ᠂ ᠳᠠᠩᠰᠠ ᠡᠪᠬᠡᠮᠡᠯ ᠪᠣᠯᠤᠨ ᠲᠡᠦᠬᠡ ᠣᠶᠢᠯᠠᠯᠭ᠎ᠠ᠂ | ᠭᠠᠵᠠᠷ ᠬᠥᠳᠡᠯᠦᠯᠲᠡ ᠪᠣᠯᠤᠨ ᠴᠠᠭ ᠠᠭᠤᠷ ᠵᠡᠷᠭᠡ ᠠᠵᠢᠯ ᠰᠢᠨ᠎ᠡ ᠠᠮᠵᠢᠯᠲᠠ ᠣᠯᠪᠠ᠃ | ᠲᠥᠯᠥᠭᠡᠯᠡᠭᠴᠢᠳ ᠡ︕ ᠦᠯᠡᠮᠵᠢ ᠪᠡᠷᠬᠡ ᠲᠣᠬᠢᠶᠠᠯᠳᠤᠪᠠᠰᠤ ᠦᠢᠯᠡᠰ ᠪᠦᠲᠦᠭᠡᠬᠦᠢ ᠳᠤᠷ ᠲᠤᠰᠠ ᠪᠣᠯᠤᠮᠤᠢ᠃ | ᠥᠩᠭᠡᠷᠡᠭᠰᠡᠨ ᠨᠢᠭᠡ ᠵᠢᠯ ᠳᠤ᠂ ᠪᠢᠳᠡ ᠡᠷᠴᠢ ᠵᠣᠷᠢᠭ ᠢᠶᠠᠨ ᠬᠥᠪᠴᠢᠯᠡᠨ᠂ ᠴᠥᠬᠦᠷᠡᠰᠢ ᠥᠬᠡᠶ ᠴᠢᠷᠮᠠᠶᠢᠨ ᠠᠵᠢᠯᠯᠠᠬᠤ | ᠣᠶᠤᠨ ᠰᠠᠨᠠᠭᠠᠨ ᠤ ᠳᠦᠷᠢ ᠳᠦᠷᠬᠦ ᠪᠠᠷ ᠬᠦᠴᠢᠷ ᠪᠡᠷᠬᠡᠰᠢᠶᠡᠯ ᠲᠤᠯᠭᠠᠷᠠᠪᠠᠯ ᠤᠬᠤᠷᠢᠬᠤ ᠥᠬᠡᠶ᠂ ᠵᠥᠷᠢᠴᠡᠯ | ᠮᠦᠷᠭᠦᠯᠳᠦᠭᠡᠨ ᠤᠴᠠᠷᠠᠪᠠᠯ ᠵᠠᠶᠢᠯᠠᠬᠤ ᠥᠬᠡᠶ ᠲᠡᠮᠡᠴᠡᠵᠦ᠂ ᠤᠷᠤᠭᠰᠢᠯᠠᠯᠲᠠ ᠶᠢᠨ ᠶᠠᠪᠤᠴᠠ ᠳᠤ ᠬᠦᠴᠢᠷ ᠪᠡᠷᠭᠡᠰᠢᠶᠡᠯ ᠢᠶᠠᠷ | ᠳᠦᠭᠦᠷᠦᠨ᠂ ᠣᠯᠤᠭᠰᠠᠨ ᠠᠮᠵᠢᠯᠲᠠ ᠪᠦᠲᠦᠮᠵᠢ ᠮᠠᠨᠢ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ | ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ | ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ | ᠳ᠋ᠦᠩ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠤᠨ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠯᠭᠡ ᠦᠵᠡᠭᠦᠯᠦᠭᠰᠡᠨ ᠤ | ᠦᠷ᠎ᠡ ᠳ᠋ᠦᠩ ᠮᠥᠨ᠃ ᠪᠠᠰᠠ ᠴᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠨ᠂ ᠬᠠᠮᠲᠤᠪᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ | ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠵᠢᠴᠢ ᠪᠠᠭᠠᠷᠢᠨ ᠵᠡᠭᠦᠨ ᠬᠤᠰᠢᠭᠤᠨ ᠤ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦᠶᠢᠯᠡ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ | ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠨᠢᠭᠡ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠵᠦ ᠦᠵᠡᠪᠡᠯ᠂ ᠮᠠᠨ ᠤ | ᠬᠤᠰᠢᠭᠤᠨ ᠤ ᠤᠷᠲᠤ ᠬᠤᠭᠤᠴᠠᠭᠠᠨ ᠤ ᠲᠤᠷᠰᠢ ᠬᠤᠷᠠᠮᠳᠤᠭᠰᠠᠨ ᠪᠦᠲᠦᠴᠡ ᠶᠢᠨ ᠴᠢᠨᠠᠷᠲᠠᠢ ᠵᠥᠷᠢᠴᠡᠯ ᠪᠠ ᠭᠦᠨ | ᠳᠠᠪᠬᠤᠷᠭ᠎ᠠ ᠶᠢᠨ ᠠᠰᠠᠭᠤᠳᠠᠯ ᠮᠥᠨ ᠬᠦ ᠲᠤᠪᠤᠶᠢᠮ᠎ᠠ ᠪᠠᠶᠢᠵᠤ᠂ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠴᠥᠭᠡᠨ ᠪᠤᠰᠤ | ᠬᠦᠴᠢᠷᠳᠡᠯ ᠪᠠ ᠦᠷᠢᠰᠦᠯᠳᠦᠭᠡᠨ ᠳᠤ ᠲᠤᠯᠭᠠᠷᠠᠵᠤ ᠪᠠᠶᠢᠬᠤ ᠶᠢ ᠪᠢᠲᠠ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ | ᠡᠨᠡ ᠨᠢ ᠭᠤᠣᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠣᠳᠠᠲᠤ ᠬᠦᠴᠦᠨ ᠴᠢᠩᠭ᠎ᠠ ᠪᠢᠰᠢ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠨᠢ ᠤᠳᠠᠭᠠᠨ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠤᠮᠤ | ᠲᠦᠷᠦᠯ ᠵᠦᠢᠯ ᠪᠠ ᠰᠠᠶᠢᠨ ᠲᠦᠷᠦᠯ ᠵᠦᠢᠯ ᠴᠥᠭᠡᠨ᠂ ᠬᠥᠭᠵᠢᠯᠲᠡ ᠶᠢᠨ ᠨᠥᠭᠡᠴᠡ ᠬᠦᠴᠦᠨ ᠬᠦᠷᠦᠯᠴᠡᠬᠦ ᠦᠭᠡᠢ︔ | ᠠᠵᠤ ᠠᠬᠤᠢ ᠳᠠᠷᠤᠯᠲᠠ ᠶᠢ ᠰᠦᠷᠦᠨ ᠤᠷᠤᠭᠰᠢᠯᠠᠵᠤ᠂ ᠬᠡᠷᠡᠭᠯᠡᠭᠡᠨ ᠤ ᠪᠦᠲᠦᠴᠡ ᠰᠢᠯᠢᠳᠡᠭᠵᠢᠭᠡᠳᠦᠢ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ︔ ᠬᠤᠰᠢᠭᠤ ᠬᠡᠪᠴᠢᠶᠡᠨ ᠤ ᠠᠵᠤ ᠠᠬᠤᠶ ᠶᠢᠨ ᠪᠦᠬᠦᠯᠢ ᠴᠣᠭᠴᠠ ᠶᠢᠨ | ᠬᠢᠷᠢ ᠲᠦᠪᠰᠢᠨ ᠥᠨᠳᠥᠷ ᠪᠢᠰᠢ᠂ ᠠᠵᠤ ᠠᠬᠤᠶᠢᠯᠠᠯ ᠤᠨ ᠬᠥᠭᠵᠢᠯᠲᠡ ᠳᠤ ᠨᠡᠯᠢᠶᠡᠳ ᠣᠯᠠᠨ ᠬᠦᠴᠢᠷᠳᠡᠯ ᠲᠤᠯᠭᠠᠷᠠᠵᠤ᠂ | ᠬᠡᠰᠡᠭ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠨᠡᠮᠡᠭᠳᠡᠯ ᠵᠢᠱᠢᠯᠲᠡ ᠳᠤ ᠪᠠᠨ ᠬᠦᠷᠬᠦ ᠦᠭᠡᠶ︔ ᠠᠷᠠᠳ ᠤᠨ | ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠳᠤ ᠪᠠᠭ᠎ᠠ ᠪᠤᠰᠤ ᠵᠥᠷᠢᠶ᠎ᠡ ᠣᠷᠣᠰᠢᠵᠤ ᠪᠠᠶᠢᠨ᠎ᠠ︔ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠬᠦ | ᠴᠢᠬᠤᠯᠠᠲᠠᠶ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠰᠢᠯᠢᠳᠡᠭᠵᠢᠭᠦᠯᠬᠦ ᠴᠢᠬᠤᠯᠠᠲᠠᠶ︔ ᠵᠠᠷᠢᠮ ᠺᠠᠳ᠋ᠷ ᠤᠨ | ᠦᠵᠡᠯ ᠰᠠᠨᠠᠭ᠎ᠠ ᠦᠵᠡᠯᠲᠡ ᠲᠠᠨᠢᠯᠲᠠ᠂ ᠠᠵᠢᠯ ᠤᠨ ᠰᠤᠷᠲᠠᠯ᠂ ᠭᠦᠢᠴᠡᠳᠬᠡᠬᠦ ᠴᠢᠳᠠᠪᠤᠷᠢ ᠨᠢ ᠰᠢᠨ᠎ᠡ ᠪᠠᠶᠢᠳᠠᠯ ᠲᠠᠢ ᠪᠠᠰᠠ | ᠵᠣᠬᠢᠴᠠᠬᠤ ᠦᠭᠡᠢ ᠪᠠᠶᠢᠬᠤ ᠵᠡᠷᠭᠡ ᠲᠠᠯ᠎ᠠ ᠳᠡᠭᠡᠷ᠎ᠡ ᠢᠯᠡᠷᠡᠵᠦ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ | ᠬᠡᠷᠡᠭᠲᠡᠢ᠃ | ᠬᠤᠶᠠᠷ᠂ 2024 ᠣᠨ ᠤ ᠠᠵᠢᠯ ᠤᠨ ᠭᠤᠣᠯᠳᠠᠯᠭ᠎ᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂ ᠪᠠᠰᠠᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠮᠥᠨ᠂ ᠦᠨᠦ ᠵᠢᠯ ᠤᠨ ᠠᠵᠢᠯ ᠢ ᠰᠠᠶᠢᠲᠤᠷ | ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠤᠯ ᠰᠢᠵᠢᠮ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ | ᠶᠢ ᠬᠢᠨᠠᠮᠠᠭᠠᠢ ᠨᠠᠶᠢᠳᠠᠪᠦᠷᠢᠵᠢᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ | ᠲᠦᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠨ᠂ ᠳᠤᠮᠳᠠᠴᠢ ᠲᠦᠪᠰᠢᠨ ᠳᠤ ᠬᠦᠷᠬᠦ︾ ᠪᠠ | ᠤᠯᠠᠭᠠᠨᠬᠠᠳᠠ ᠬᠤᠲᠠ ᠶᠢᠨ ︽ᠲᠡᠷᠢᠭᠦᠨ ᠤ ᠬᠢ ᠪᠣᠯᠬᠤ ᠪᠠᠷ ᠴᠢᠷᠮᠠᠶᠢᠬᠤ︾ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ | ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠣᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ ᠵᠢᠴᠢ | ᠬᠠᠭᠤᠴᠢᠨ ᠵᠠᠭᠪᠤᠷ ᠢ ᠡᠪᠳᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠰᠲ᠋ᠧᠮᠲᠦ ᠣᠶᠢᠯᠠᠭᠠᠭᠳᠠᠬᠤᠨ᠂ ᠰᠢᠨ᠎ᠡ ᠶᠢ | ᠡᠭᠦᠳᠬᠦ ᠰᠡᠳᠬᠢᠬᠦᠶ ᠵᠢᠴᠢ ᠠᠭᠤᠰᠤᠯᠴᠠᠬᠤᠢ ᠬᠦᠭᠵᠢᠯᠲᠡ ᠶᠢ ᠪᠠᠷᠢᠮᠲᠠᠯᠠᠨ᠂ ᠳᠠᠪᠠᠭᠤᠯᠢᠭ ᠢᠶᠠᠨ ᠪᠠᠳᠠᠷᠠᠭᠤᠯᠬᠤ᠂ | ᠳᠤᠲᠠᠭᠤᠳᠠᠯ ᠢ ᠨᠥᠬᠦᠪᠥᠷᠢᠯᠡᠬᠦ ᠵᠢᠴᠢ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠨᠢᠭᠡᠳᠦᠯᠲᠡᠢ ᠲᠦᠯᠦᠪᠵᠢᠭᠦᠯᠦᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠦᠯᠦᠪᠵᠢᠭᠦᠯᠵᠦ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ | ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠭᠦᠯᠦᠨ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠵᠦ᠂ ᠠᠵᠤ ᠦᠢᠯᠡᠰ ᠢ ᠳᠡᠰ ᠳᠡᠪᠰᠢᠭᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠠᠵᠤ ᠠᠬᠤᠢ ᠶᠢᠨ | ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ᠂ ᠠᠵᠤ ᠠᠬᠤᠶ ᠶᠢᠨ ᠶᠠᠰᠤ ᠴᠢᠨᠠᠷ ᠤᠨ | ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠶ ᠨᠡᠮᠡᠭᠳᠡᠯ ᠢ ᠠᠬᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠰᠢᠨ᠎ᠡ ᠠᠶᠠᠨ ᠵᠠᠮ ᠳᠡᠭᠡᠷ᠎ᠡ ᠰᠢᠨ᠎ᠡ | ᠠᠮᠵᠢᠯᠲᠠ ᠪᠦᠲᠦᠮᠵᠢ ᠭᠠᠷᠭᠠᠨ᠂ ᠰᠢᠨ᠎ᠡ ᠦᠷ᠎ᠡ ᠪᠦᠲᠦᠮᠵᠢ ᠣᠯᠤᠶ᠎ᠠ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.5% ᠠᠴᠠ ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 7% ᠣᠷᠴᠢᠮ ᠨᠡᠮᠡᠭᠳᠡᠭᠦᠯᠦᠨ᠎ᠡ︔ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ | ᠰᠠᠭᠤᠭᠠᠯᠢ ᠠᠷᠠᠳ ᠤᠨ ᠬᠥᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠣᠯᠭ᠎ᠠ ᠶᠢ ᠲᠣᠰ ᠲᠣᠰ 7 % | ᠪᠠ 9 % ᠣᠷᠴᠢᠮ ᠨᠡᠮᠡᠭᠳᠡᠭᠦᠯᠦᠨ᠎ᠡ᠃ |