ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠭᠤᠷᠪᠠ︶
ᠨᠡᠶᠢᠲᠡᠯᠡᠭᠰᠡᠨ ᠴᠠᠭ᠄
2024/4/8
   ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠣᠭᠤᠷᠢᠨ ᠳᠤ᠂ 7 ᠲᠠᠯ᠎ᠠ ᠶᠢᠨ ᠠᠵᠢᠯ ᠢ ᠳᠣᠪᠤᠶᠢᠮ᠎ᠠ ᠰᠠᠶᠢᠲᠤᠷ ᠠᠳᠬᠤᠨ᠎ᠠ᠃     ︵ᠨᠢᠭᠡ︶ ᠤᠷᠤᠭᠰᠢᠯᠠᠯᠲᠠ ᠪᠠᠷ ᠲᠣᠭᠲᠠᠭᠤᠨ ᠢ ᠪᠠᠲᠤᠯᠠᠵᠤ᠂ ᠲᠤᠭᠲᠠᠭᠤᠨ ᠢᠶᠠᠷ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠬᠦᠭᠵᠢᠭᠡᠨ᠎ᠡ      ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ ᠪᠠ ᠠᠵᠢᠯ ᠲᠥᠷᠥᠯ ᠤᠨ ᠬᠥᠭᠵᠢᠯᠲᠡ ᠶᠢᠨ ᠱᠠᠭᠠᠷᠳᠠᠯᠭ᠎ᠠ ᠳᠤ ᠬᠠᠨᠳᠤᠭᠤᠯᠵᠤ᠂ ᠠᠵᠤ ᠠᠬᠤᠶᠢᠯᠠᠯ ᠢ ᠲᠤᠰᠠᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠲᠡᠳᠬᠦᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ ᠠᠵᠤ ᠠᠬᠤᠶᠢᠯᠠᠯ ᠤᠨ ᠵᠢᠭᠡᠯᠡᠯᠭᠡ ᠶᠢ 5% ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 3500 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠴᠢᠯᠡᠭᠡ ᠪᠠ ᠪᠤᠶᠢᠵᠢᠭᠤᠯᠤᠯᠲᠠ ᠶᠢ ᠰᠠᠶᠢᠲᠤᠷ ᠠᠳᠬᠤᠵᠤ᠂ ᠸᠠᠨ ᠰᠢᠩ ᠳᠠᠬᠢᠯᠲᠠ ᠡᠬᠢ ᠪᠠᠶᠠᠯᠢᠭ ᠪᠠ ᠵᠤᠸᠠᠩ ᠳ᠋ᠠ ᠲᠡᠵᠢᠭᠡᠯ ᠪᠣᠷᠳᠤᠭ᠎ᠠ ᠵᠡᠷᠭᠡ 3 ᠠᠵᠤ ᠠᠬᠤᠶᠢᠯᠠᠯ ᠤᠨ ᠬᠡᠪᠴᠢᠶ᠎ᠡ ᠶᠢ ᠨᠢ ᠦᠷᠭᠡᠳᠬᠡᠨ ᠨᠢᠭᠡᠳᠦᠯᠲᠡᠢ ᠬᠠᠮᠢᠶᠠᠷᠴᠤ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠪᠠ ᠱᠠᠨ ᠶᠢᠨ ᠬᠤᠩ ᠯᠢᠩ ᠵᠡᠷᠭᠡ 4 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠦᠢᠯᠡᠳᠪᠦᠷᠢᠯᠡᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠯᠦ ᠮᠧᠩ ᠱᠦᠢᠨᠢ ᠪᠠ ᠶᠢᠨ ᠷᠦᠨ ᠠᠵᠤ ᠦᠢᠯᠡᠳᠪᠦᠷᠢ ᠠᠷᠠᠯᠵᠢᠶ᠎ᠠ ᠵᠡᠷᠭᠡ 10 ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ ᠤᠨ ᠡᠶᠡᠷᠭᠦ ᠪᠣᠯᠬᠤ ᠶᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7% ᠠᠴᠠ ᠳᠡᠭᠡᠭᠰᠢ ᠪᠣᠯᠭᠠᠨ᠎ᠠ᠃ ᠬᠤᠰᠢᠭᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠦᠳᠡᠰᠢ ᠶᠢᠨ ᠠᠵᠤ ᠠᠬᠤᠶ᠂ ᠡᠯᠧᠺᠲᠷᠣᠨ ᠬᠤᠳᠠᠯᠳᠤᠭᠠᠨ ᠤ ᠠᠵᠤ ᠠᠬᠤᠶ᠂ ᠠᠩᠬᠠᠳᠠᠭᠴᠢ ᠳᠡᠯᠭᠡᠭᠦᠷ ᠤᠨ ᠠᠵᠤ ᠠᠬᠤᠶ ᠵᠢᠴᠢ ᠠᠩᠬ᠎ᠠ ᠲᠠᠷᠬᠠᠭᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠷᠠᠭᠤᠯᠤᠨ᠂ ᠬᠢᠳᠠᠨ ᠰᠢᠮᠡᠲᠦ ᠪᠦᠲᠦᠭᠡᠭᠳᠡᠬᠦᠨ᠂ ᠵᠢᠶ ᠶᠠᠩ ᠮᠠᠯᠵᠢᠯ ᠤᠨ ᠦᠢᠯᠡᠰ ᠵᠡᠷᠭᠡ 5 ᠠᠵᠤ ᠠᠬᠤᠶᠢᠯᠠᠯ ᠢ ᠬᠡᠪᠴᠢᠶᠡᠵᠢᠭᠦᠯᠦᠨ᠂ ᠪᠥᠬᠦ ᠵᠢᠯ ᠳᠤ ᠨᠡᠶᠢᠲᠡ 2800 ᠲᠦᠮᠡᠨ ᠲᠥᠭᠦᠷᠢᠭ ᠤᠨ ᠬᠡᠷᠡᠭᠯᠡᠭᠡᠨ ᠢ ᠳᠠᠶᠢᠴᠢᠯᠠᠨ᠎ᠠ᠃     ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠨ᠎ᠡ᠃ ᠴᠢᠨᠠᠷ ᠰᠠᠶᠢᠲᠠᠶ ᠲᠥᠷᠥᠯ ᠵᠦᠢᠯ ᠢᠶᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠵᠤ᠂ ᠰᠢᠨ᠎ᠡ ᠪᠠᠷ ᠪᠠᠶᠢᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠥᠪᠯᠡᠷᠡᠭᠦᠯᠦᠨ ᠬᠢᠵᠦ᠂ ᠵᠢᠯ ᠤᠨ ᠳᠣᠲᠣᠷ᠎ᠠ ᠬᠤᠲᠠ ᠶᠢᠨ ᠳᠡᠰ ᠠᠴᠠ ᠳᠡᠭᠡᠭᠰᠢᠬᠢ 49 ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠦᠷᠢᠵᠢᠭᠤᠯᠤᠨ᠂ ᠪᠠᠷᠢᠯᠭ᠎ᠠ ᠡᠬᠢᠯᠡᠭᠰᠡᠨ ᠨᠣᠷᠮ᠎ᠠ᠂ ᠨᠠᠶᠢᠳᠠᠪᠤᠷᠢᠵᠢᠭᠤᠯᠤᠭᠰᠠᠨ ᠨᠣᠷᠮ᠎ᠠ ᠵᠢᠴᠢ ᠪᠠᠷᠢᠯᠭ᠎ᠠ ᠳᠠᠭᠤᠰᠤᠭᠰᠠᠨ ᠨᠣᠷᠮ᠎ᠠ ︽ᠭᠤᠷᠪᠠᠨ ᠨᠣᠷᠮ᠎ᠠ︾ ᠶᠢ ᠵᠡᠷᠭᠡ ᠪᠠᠷ ᠳᠡᠭᠡᠭᠰᠢᠯᠡᠭᠦᠯᠵᠦ᠂ ᠪᠥᠬᠦ ᠵᠢᠯ ᠳᠤ73.6 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠪᠤᠭᠤᠳᠠᠯ ᠪᠠᠭᠯᠠᠭ᠎ᠠ ᠨᠦᠭᠡᠴᠡ ᠬᠠᠳᠠᠭᠠᠯᠠᠮᠵᠢ ᠶᠢᠨ ᠨᠢᠭᠡ ᠪᠦᠯᠦᠭ ᠴᠢᠬᠤᠯᠠ ᠶᠡᠭᠡ ᠲᠥᠷᠦᠯ ᠵᠦᠢᠯ ᠢ ᠲᠦᠰᠦᠪᠯᠡᠨ᠂ ᠪᠡᠯᠡ ᠮᠥᠩᠭᠦ ᠬᠠᠷᠢᠴᠠᠨ ᠣᠯᠬᠤ ᠡᠷᠴᠢᠮ ᠢᠶᠠᠨ ᠴᠢᠩᠭᠠᠳᠬᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠵᠢᠯ ᠤᠨ ᠳᠣᠲᠣᠷ᠎ᠠ ᠲᠥᠷᠦᠯ ᠵᠦᠢᠯ ᠤᠨ ᠪᠡᠯᠡ ᠮᠥᠩᠭᠦ ᠶᠢ 24 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠰᠤᠯᠠ ᠪᠠᠶᠢᠭ᠎ᠠ ᠡᠳ᠋ ᠬᠥᠷᠥᠩᠭᠡ ᠶᠢ ᠴᠢᠯᠥᠭᠡᠲᠡᠢ ᠪᠣᠯᠭᠠᠬᠤ᠂ ᠭᠠᠵᠠᠷ ᠰᠢᠷᠣᠢ ᠶᠢᠨ ᠠᠷᠠᠯᠵᠢᠶ᠎ᠠ ᠶᠢ ᠠᠬᠢᠭᠤᠯᠬᠤ ᠵᠢᠴᠢ ᠡᠬᠢ ᠪᠠᠶᠠᠯᠢᠭ ᠢ ᠠᠷᠪᠢᠯᠠᠨ ᠠᠰᠢᠭᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠵᠤ᠂ ᠵᠢᠯ ᠤᠨ ᠳᠣᠲᠣᠷ᠎ᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ ᠠᠷᠠᠯᠵᠢᠶ᠎ᠠ ᠶᠢ 7 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠂ ᠡᠳ᠋ ᠤᠨ ᠵᠠᠰᠠᠭ   ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠠᠲᠤᠯᠠᠨ᠎ᠠ᠃      ᠣᠨᠤᠪᠴᠢᠲᠠᠢ ᠪᠠᠷ ᠬᠤᠳᠠᠯᠳᠤᠭᠠᠴᠢᠨ ᠣᠷᠢᠬᠤ ᠬᠦᠴᠦᠯᠡᠴᠡ ᠪᠠᠨ ᠠᠬᠢᠭᠤᠯᠤᠨ᠎ᠠ᠃ ᠬᠡᠯᠬᠢᠶᠡᠵᠢᠭᠰᠡᠨ ᠰᠡᠳᠬᠢᠬᠦᠶ ᠶᠢ ᠪᠠᠷᠢᠮᠲᠠᠯᠠᠵᠤ᠂  ᠪᠦᠯᠦᠭᠯᠡᠯ ᠤᠨ ᠬᠡᠯᠪᠡᠷᠢ ᠪᠠᠷ ᠬᠤᠳᠠᠯᠳᠤᠭᠠᠴᠢᠨ ᠤᠷᠢᠵᠤ᠂ ᠨᠢᠭᠡᠨᠲᠡ ᠨᠠᠶᠢᠷᠠᠭᠤᠯᠤᠭᠰᠠᠨ ᠠᠵᠤ ᠦᠢᠯᠡᠰ ᠤᠨ ᠲᠥᠷᠥᠯ ᠵᠦᠢᠯ ᠤᠨ 11 ᠨᠤᠲᠠᠯᠠᠯ ᠵᠠᠳᠠᠯᠤᠯᠲᠠ ᠶᠢᠨ ᠮᠡᠳᠡᠭᠦᠯᠦᠯᠲᠡ᠂ ᠲᠥᠯᠥᠪᠯᠡᠭᠰᠡᠨ 150 ᠵᠦᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ ᠲᠥᠷᠥᠯ ᠵᠦᠢᠯ᠂ ᠡᠮᠬᠢᠯᠡᠨ ᠳᠢᠭᠯᠡᠭᠰᠡᠨ 400 ᠲᠣᠯᠤᠭᠠᠶᠢᠯᠠᠭᠴᠢ ᠠᠵᠤ ᠠᠬᠤᠶᠢᠯᠠᠯ ᠵᠢᠴᠢ ᠲᠣᠰ ᠭᠠᠵᠠᠷ ᠤᠨ 73 ᠠᠵᠤ ᠠᠬᠤᠶᠢᠯᠠᠯ ᠤᠨ ᠲᠣᠭᠤᠷᠢᠨ ᠳᠤ᠂ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠤᠨ ᠭᠠᠳᠠᠭᠰᠢ ᠭᠠᠷᠴᠤ ᠣᠨᠣᠪᠴᠢᠲᠠᠶ ᠪᠠᠷ ᠵᠣᠯᠭᠠᠭᠤᠯᠬᠤ 11 ᠲᠥᠷᠥᠯ ᠵᠦᠢᠯ ᠢ ᠰᠢᠨ᠎ᠡ ᠪᠠᠷ ᠵᠣᠬᠢᠶᠠᠨ ᠪᠠᠶᠢᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠳᠡᠭᠡᠳᠦ ᠲᠠᠰ ᠤᠨ ᠬᠡᠯᠬᠢᠶ᠎ᠡ ᠶᠢ ᠨᠥᠬᠦᠪᠥᠷᠢᠯᠡᠬᠦ᠂ ᠦᠵᠦᠭᠦᠷ ᠤᠨ ᠬᠡᠯᠬᠢᠶ᠎ᠡ ᠶᠢ ᠤᠷᠲᠤᠳᠬᠠᠬᠤ᠂ ᠪᠦᠬᠦᠯᠢ ᠴᠣᠭᠴᠠ ᠪᠠᠷ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠲᠤᠰᠬᠠᠢ ᠡᠩᠨᠡᠭᠡ ᠪᠠᠷ ᠭᠤᠣᠯᠯᠠᠭᠴᠢ ᠪᠣᠯᠭᠠᠭᠰᠠᠨ᠂ ᠵᠠᠭᠤᠴᠢ ᠵᠣᠬᠢᠶᠠᠨ ᠪᠠᠶᠢᠭᠤᠯᠤᠯᠲᠠ ᠪᠠᠷ ᠬᠠᠪᠰᠤᠷᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠬᠤᠳᠠᠯᠳᠤᠭᠠᠴᠢᠨ ᠤᠷᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠨᠢᠭᠡᠲᠡᠨ ᠤ ᠶᠠᠷᠢᠯᠴᠠᠬᠤ ᠬᠤᠷᠠᠯ ᠪᠠ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠤᠨ᠂ ᠵᠢᠯ ᠤᠨ ᠲᠦᠷᠪᠡᠨ ᠤᠯᠠᠷᠢᠯ ᠳᠤ ᠬᠤᠳᠠᠯᠳᠤᠭᠠᠴᠢᠨ ᠤᠷᠢᠬᠤ ᠠᠵᠢᠯᠯᠠᠭ᠎ᠠ ᠬᠢᠵᠦ᠂ ᠠᠵᠢᠯ ᠲᠦᠷᠦᠯ ᠨᠢᠭᠡᠪᠦᠷᠢ ᠳᠤ ᠴᠥᠮ ᠪᠡᠯᠡ ᠣᠷᠣᠭᠤᠯᠤᠭᠰᠠᠨ ᠦᠷ᠎ᠡ ᠪᠦᠲᠦᠭᠡᠯ ᠲᠠᠢ ᠪᠠᠶᠢᠬᠤ ᠶᠢ ᠪᠠᠲᠤᠯᠠᠨ᠎ᠠ᠃ ᠪᠥᠬᠦ ᠵᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢ 35 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ 50% ᠠᠴᠠ ᠳᠡᠭᠡᠭᠰᠢ ᠨᠡᠮᠡᠭᠳᠡᠭᠦᠯᠦᠨ᠎ᠡ᠃     ︵ᠬᠤᠶᠠᠷ︶ ᠬᠡᠯᠬᠢᠶ᠎ᠡ ᠪᠠᠷ ᠡᠨᠧᠷᠭᠢ ᠶᠢ ᠨᠦᠭᠡᠴᠡᠯᠡᠨ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠣᠳᠣ ᠦᠶ᠎ᠡ ᠶᠢᠨ ᠠᠵᠤ ᠦᠢᠯᠡᠰ ᠤᠨ ᠬᠦᠭᠵᠢᠯᠲᠡ ᠶᠢᠨ ᠰᠢᠨ᠎ᠡ ᠲᠣᠭᠲᠠᠯᠴᠠᠭ᠎ᠠ ᠶᠢ ᠪᠦᠷᠢᠨᠰᠢᠭᠦᠯᠦᠨ᠎ᠡᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠭᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠭᠠᠵᠠᠷ ᠰᠢᠷᠣᠶ᠂ ᠤᠰᠤ᠂ ᠦᠷ᠎ᠡ᠂ ᠠᠮᠤ ᠪᠤᠳᠠᠭ᠎ᠠ᠂ ᠮᠢᠬ᠎ᠠ᠂ ᠰᠦ︾ ᠵᠡᠷᠭᠡ 6 ᠵᠦᠢᠯ ᠢ ᠭᠤᠣᠯᠳᠠᠯᠭ᠎ᠠ ᠲᠠᠢ ᠠᠳᠬᠤᠨ᠂ ︽ᠨᠡᠮᠡᠭᠳᠡᠯ ᠢ ᠥᠷᠭᠡᠳᠬᠡᠬᠦ᠂ ᠬᠠᠳᠠᠭᠠᠯᠠᠯᠲᠠ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠪᠣᠶᠤ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ᠂ ᠳᠠᠭᠠᠭᠤᠯᠢ ᠣᠷᠤᠨ ᠤ ᠵᠢᠷᠤᠭ ᠢᠶᠠᠷ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠲᠣᠯᠪᠤ ᠵᠢᠷᠤᠭ ᠢ ᠵᠠᠰᠠᠨ ᠦᠭᠡᠷᠡᠴᠢᠯᠡᠵᠦ᠂ ᠲᠠᠷᠢᠶᠠᠨ ᠭᠠᠵᠠᠷ ᠠᠴᠠ ᠬᠠᠶᠠᠭᠳᠠᠮᠠᠯ ᠰᠦᠯᠢᠶᠣᠣ ᠪᠦᠷᠬᠦᠪᠴᠢ ᠶᠢ ᠴᠡᠪᠡᠷᠯᠡᠭᠰᠡᠨ ᠨᠣᠷᠮ᠎ᠠ ᠶᠢ 85% ᠠᠴᠠ ᠳᠡᠭᠡᠭᠰᠢ  ᠪᠠᠶᠢᠯᠭᠠᠨ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠪᠠᠲᠤᠯᠠᠭ᠎ᠠ ᠲᠠᠢ᠂ ᠶᠠᠰᠤ ᠴᠢᠨᠠᠷ ᠨᠢ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠤᠰᠤ ᠪᠠᠷ ᠭᠠᠷᠤᠯᠲᠠ ᠶᠢ ᠲᠣᠭᠲᠠᠭᠠᠨ᠂ ᠵᠦᠩ ᠬᠠᠨ ᠰᠢᠩ ᠨᠦᠩ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠤᠨ᠂ ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠶᠢ 5 ᠲᠦᠮᠡᠨ ᠮᠥ ᠠᠴᠠ ᠳᠡᠭᠡᠭᠰᠢ ᠶᠡᠷᠦᠩᠬᠡᠶᠢᠯᠡᠨ ᠵᠠᠰᠠᠵᠤ᠂ ᠬᠦᠷᠦᠰᠦ ᠰᠢᠷᠤᠢ ᠶᠢ ᠰᠠᠶᠢᠵᠢᠷᠠᠭᠤᠯᠬᠤ᠂ ᠲᠠᠷᠢᠶᠠᠯᠠᠩ ᠤᠨ ᠤᠰᠤ ᠠᠷᠪᠢᠯᠠᠬᠤ ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠵᠡᠷᠭᠡ ᠣᠯᠠᠨ ᠳᠠᠪᠬᠤᠷ ᠦᠷ᠎ᠡ ᠠᠰᠢᠭ ᠢ ᠪᠡᠶᠡᠯᠡᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠦᠷᠨᠢᠭᠦᠯᠵᠦ᠂ ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠠᠯᠠᠰᠢᠨ ᠦᠬᠡᠷ ᠤᠨ ᠰᠦᠷᠦᠭ ᠢ ᠥᠷᠭᠡᠳᠬᠡᠨ ᠴᠢᠨᠠᠷ ᠢ ᠳᠡᠭᠡᠭᠰᠢᠯᠡᠭᠦᠯᠵᠦ᠂ 3 ᠮᠠᠯᠵᠢᠬᠤ ᠣᠷᠣᠨ ᠳᠤ ᠬᠦᠪᠦᠷᠡᠯ ᠰᠢᠯᠵᠢᠭᠦᠯᠦᠨ ᠪᠣᠶᠢᠵᠢᠭᠤᠯᠬᠤ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠬᠡᠯᠪᠡᠷᠢ ᠶᠢ ᠳᠡᠯᠭᠡᠷᠡᠭᠦᠯᠦᠨ᠎ᠡ᠃ ᠡᠮᠦᠨᠡᠲᠦ ᠤᠮᠠᠷᠠᠲᠤ ᠬᠡᠰᠡᠭ ᠬᠤᠪᠢᠶᠠᠨ ᠡᠷᠳᠡᠨᠢ ᠰᠢᠰᠢ ᠶᠢᠨ ᠰᠢᠨ᠎ᠡ ᠡᠭᠦᠯᠳᠡᠷ ᠢ 6 — 8 ᠶᠢ ᠳᠡᠯᠭᠡᠷᠡᠭᠦᠯᠵᠦ᠂ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠪᠣᠯᠭᠠᠬᠤ ᠮᠡᠷᠭᠡᠵᠢᠯ ᠢ 20 ᠲᠦᠮᠡᠨ ᠮᠥ ᠠᠴᠠ ᠳᠡᠭᠡᠭᠰᠢ ᠬᠡᠷᠡᠭᠵᠢᠭᠦᠯᠦᠨ᠎ᠡ᠃ ᠱᠦᠭᠦᠷ ᠡᠪᠡᠰᠦᠨ ᠤ ᠴᠢᠨᠠᠷ ᠰᠠᠶᠢᠲᠠᠢ ᠡᠭᠦᠯᠳᠡᠷ ᠢ ᠪᠣᠶᠢᠵᠢᠭᠤᠯᠤᠨ᠂ ᠣᠯᠠᠨ ᠲᠦᠮᠡᠨ ᠤ ᠲᠠᠷᠢᠮᠠᠯ ᠤᠨ ᠠᠰᠢᠭ ᠣᠷᠤᠯᠭ᠎ᠠ  ᠶᠢ ᠳᠡᠭᠡᠭᠰᠢᠯᠡᠭᠦᠯᠦᠨ᠎ᠡ᠃ ᠬᠢᠲᠠᠳ ᠡᠮ ᠤᠨ ᠮᠠᠲ᠋ᠧᠷᠢᠶᠠᠯ ᠤᠨ ᠨᠡᠭᠡᠳᠡᠰᠦ ᠪᠣᠶᠢᠵᠢᠭᠤᠯᠬᠤ᠂ ᠴᠢᠬᠢ ᠪᠣᠯᠪᠠᠰᠤᠷᠠᠭᠤᠯᠬᠤ ᠵᠢᠴᠢ ᠴᠢᠬᠢ ᠪᠤᠶᠢᠵᠢᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠨᠳᠥᠷ ᠤᠨᠠᠯᠲᠠ ᠲᠠᠢ᠂ ᠡᠪᠡᠳᠴᠢᠨ ᠢ ᠡᠰᠡᠷᠭᠦᠴᠡᠬᠦ ᠴᠢᠳᠠᠪᠦᠷᠢ ᠰᠠᠶᠢᠨ᠂ ᠴᠢᠨᠠᠷ ᠰᠠᠶᠢᠲᠠᠶ ᠬᠢᠲᠠᠳ ᠡᠮ ᠤᠨ ᠮᠠᠲ᠋ᠧᠷᠢᠶᠠᠯ ᠤᠨ ᠦᠷ᠎ᠡ ᠴᠢᠬᠢ ᠶᠢ 500 ᠲᠦᠮᠡᠨ ᠰᠠᠭᠤᠷᠢ ᠪᠤᠶᠢᠵᠢᠭᠤᠯᠤᠨ᠎ᠠ᠃ ᠪᠦᠬᠦ ᠬᠤᠰᠢᠭᠤᠨ ᠤ ᠭᠤᠣᠯ ᠪᠣᠯᠬᠤ ᠲᠠᠷᠢᠮᠠᠯ ᠤᠨ ᠵᠦᠢᠯ ᠢ 98% ᠠᠴᠠ ᠳᠡᠭᠡᠭᠰᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠲᠠᠯᠠᠪᠠᠢ ᠶᠢ ᠲᠣᠭᠲᠠᠪᠦᠷᠢᠵᠢᠭᠤᠯᠬᠤ ᠪᠠ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 15 ᠲᠦᠮᠡᠨ ᠮᠤ᠋ ᠰᠢᠨ᠎ᠡ ᠪᠠᠷ ᠪᠠᠶᠢᠭᠤᠯᠤᠨ᠂ ᠶᠡᠷᠦᠩᠬᠡᠢ ᠲᠠᠯᠠᠪᠠᠢ ᠶᠢ 92 ᠲᠦᠮᠡᠨ ᠮᠤ᠋ ᠳᠤ ᠬᠦᠷᠭᠡᠵᠦ᠂ ᠪᠦᠬᠦ ᠬᠤᠰᠢᠭᠤᠨ ᠤ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠶᠢᠨ 40% ᠶᠢ ᠡᠵᠡᠯᠡᠬᠦ ᠪᠣᠯᠭᠠᠨ᠎ᠠ᠃ ᠲᠦᠬᠦᠭᠡᠷᠦᠮᠵᠢᠲᠦ ᠲᠠᠷᠢᠶᠠᠯᠠᠩ ᠢ 2000 ᠮᠤ᠋ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠡᠯᠳᠡᠪ ᠠᠮᠤ ᠪᠤᠷᠴᠠᠭ ᠢ 51 ᠲᠦᠮᠡᠨ ᠮᠤ᠋ ᠠᠴᠠ ᠳᠡᠭᠡᠭᠰᠢ ᠲᠠᠷᠢᠵᠦ᠂ ᠪᠦᠭᠦ ᠬᠤᠰᠢᠭᠤᠨ ᠤ ᠠᠮᠤ ᠪᠤᠳᠠᠭᠠᠨ ᠤ ᠤᠨᠠᠯᠲᠠ ᠶᠢ 12.3 ᠳ᠋ᠦᠩᠰᠢᠭᠤᠷ ᠵᠢᠩ ᠠᠴᠠ ᠳᠡᠭᠡᠭᠰᠢ ᠪᠣᠯᠭᠠᠨ᠎ᠠ᠃ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠵᠦ᠂ ᠵᠢᠯ ᠤᠨ ᠳᠤᠲᠤᠷ᠎ᠠ ᠠᠯᠠᠰᠢᠨ ᠦᠬᠡᠷ 3 ᠲᠦᠮᠡᠨ ᠲᠣᠯᠣᠭᠠᠢ ᠰᠢᠨ᠎ᠡ ᠪᠠᠷ ᠨᠡᠮᠡᠭᠳᠡᠭᠦᠯᠵᠦ᠂ ᠦᠬᠡᠷ ᠤᠨ ᠮᠢᠬᠠᠨ ᠤ ᠭᠠᠷᠤᠯᠲᠠ ᠶᠢ 2 ᠲᠦᠮᠡᠨ ᠲᠣᠨ ᠠᠴᠠ ᠳᠡᠭᠡᠭᠰᠢ ᠪᠣᠯᠭᠠᠨ᠎ᠠ᠃ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠱᠧᠩ ᠾᠦᠢ ᠮᠠᠯᠵᠢᠯ ᠤᠨ ᠦᠢᠯᠡᠰ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠪᠦᠲᠦᠮᠵᠢᠲᠡᠶ ᠡᠵᠡᠩᠨᠡᠨ᠂ ᠫᠢᠩ ᠶᠤᠸᠠᠨ ᠮᠠᠯᠵᠢᠯ ᠤᠨ ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ ᠴᠠᠭᠠᠨ ᠢᠳᠡᠭᠡᠨ ᠪᠣᠯᠪᠠᠰᠤᠷᠠᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ ᠶᠢᠨ ᠲᠤᠭ᠎ᠠ ᠶᠢ 3.5 ᠲᠦᠮᠡ ᠳᠤ ᠬᠦᠷᠭᠡᠨ᠂ ᠰᠦ ᠶᠢᠨ ᠦᠢᠯᠡᠰ ᠤᠨ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ 5000 ᠲᠦᠮᠡᠨ ᠲᠥᠭᠦᠷᠢᠭ ᠠᠴᠠ ᠳᠡᠭᠡᠭᠰᠢ ᠪᠣᠯᠭᠠᠨ᠎ᠠ᠃ ᠲᠣᠭᠤᠷᠢᠭ ᠤᠨ ᠴᠤᠭᠯᠠᠷᠠᠯ ᠤᠨ ᠦᠢᠯᠡᠳᠦᠯ ᠢ ᠴᠢᠩᠭᠠᠳᠬᠠᠵᠤ᠂ ᠣᠳᠣ ᠦᠶ᠎ᠡ ᠶᠢᠨ ᠦᠬᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠵᠠᠮ ᠬᠠᠷᠢᠯᠴᠠᠭ᠎ᠠ᠂ ᠤᠰᠤ ᠵᠢᠴᠢ ᠮᠠᠯ ᠵᠢᠭᠦᠷᠲᠡᠨ ᠤ ᠪᠠᠭᠠᠰᠤ ᠪᠣᠬᠢᠷᠲᠤᠯ ᠢ ᠰᠢᠢᠳᠪᠦᠷᠢᠯᠡᠬᠦ ᠵᠡᠷᠭᠡ ᠲᠥᠷᠦᠯ ᠵᠦᠢᠯ ᠢ ᠠᠬᠢᠭᠤᠯᠵᠤ᠂ ᠼᠤᠤ ᠳ᠋ᠦ᠋ ᠠᠮᠢᠳᠤ ᠮᠠᠯ ᠤᠨ ᠠᠷᠠᠯᠵᠢᠶᠠᠨ ᠤ ᠵᠠᠬ᠎ᠠ᠂ ᠪᠦᠸᠧᠬᠠᠢ ᠸᠠᠩ ᠳ᠋ᠠ ᠶᠢᠨ 10 ᠲᠦᠮᠡᠨ ᠲᠣᠯᠣᠭᠠᠢ ᠠᠯᠠᠰᠢᠨ ᠦᠬᠡᠷ ᠪᠣᠷᠳᠣᠨ ᠲᠠᠷᠭᠤᠯᠠᠭᠤᠯᠬᠤ ᠪᠠ ᠨᠢᠲᠤᠯᠵᠤ ᠡᠳ᠋ᠰᠢᠭᠦᠯᠬᠦ 3 ᠲᠥᠷᠦᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠨ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠠᠶᠢᠭᠤᠯᠬᠤ ᠪᠠᠷ ᠡᠷᠡᠮᠡᠯᠵᠡᠯᠡᠨ᠎ᠡ᠃ ᠲᠢᠶᠠᠨᠵᠢᠨ ᠤ ᠲᠠᠢ ᠳ᠋ᠡ ᠪᠦᠯᠦᠭᠯᠡᠯ ᠢ ᠣᠲᠣ ᠦᠶ᠎ᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠲᠤ ᠰᠠᠭᠤᠷᠢᠰᠢᠭᠤᠯᠤᠨ᠂ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠢᠲᠠᠳ ᠡᠮ ᠤᠨ ᠮᠠᠲ᠋ᠧᠷᠢᠶᠠᠯ ᠳᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠲᠦᠮᠡᠨ ᠮᠥ ᠪᠠᠶᠢᠭᠤᠯᠤᠨ᠂ ᠪᠥᠬᠦ ᠵᠢᠯ ᠳᠤ ᠬᠢᠲᠠᠳ ᠡᠮ ᠤᠨ ᠮᠠᠲ᠋ᠧᠷᠢᠶᠠᠯ ᠳᠠᠷᠢᠬᠤ ᠲᠠᠯᠠᠪᠠᠶ ᠶᠢ 3.2 ᠲᠦᠮᠡᠨ ᠮᠥ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠦᠬᠦ ᠬᠡᠯᠬᠢᠶ᠎ᠡ ᠪᠠᠷ ᠨᠠᠷᠢᠯᠢᠭ ᠡᠳ᠋ᠰᠢᠭᠦᠯᠦᠨ᠂ ᠵᠢᠯ ᠤᠨ ᠳᠣᠲᠣᠷ᠎ᠠ ᠤᠰᠤᠲᠥ᠋ᠷᠥᠭᠴᠢ ᠡᠯᠪᠡᠭ ᠤᠰᠤ ᠪᠠ ᠤᠷᠢᠳᠴᠢᠯᠠᠨ ᠬᠢᠭᠰᠡᠨ ᠨᠣᠭᠤᠭ᠎ᠠ ᠵᠡᠷᠭᠡ 4 ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠤᠨ᠎ᠠ᠃ ︽ᠨᠠᠷᠠᠲᠤ᠂ ᠣᠨᠴᠠ᠂ ᠰᠢᠯᠢᠳᠡᠭ᠂ ᠰᠢᠨ᠎ᠡ︾ ᠪᠠ ︽ᠪᠣᠬᠢᠷᠲᠤᠯ ᠥᠬᠡᠶ ᠢᠳᠡᠭᠡᠨ︾ ᠤ ᠨᠠᠷᠠᠲᠤ ᠲᠡᠮᠳᠡᠭ ᠢ 4 ᠠᠴᠠ ᠳᠡᠭᠡᠭᠰᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠶᠢ 78% ᠠᠴᠠ ᠳᠡᠭᠡᠭᠰᠢ ᠪᠣᠯᠭᠠᠵᠤ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠥᠷᠢᠰᠥᠯᠳᠦᠬᠦ ᠬᠦᠴᠦᠨ ᠪᠠ ᠨᠡᠮᠡᠯᠲᠡ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃        ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ᠎ᠡ᠃  ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ︽ᠨᠢᠭᠡ ᠲᠥᠪ ᠲᠠᠪᠤᠨ ᠬᠡᠯᠬᠢᠶ᠎ᠡ︾ ᠶᠢᠨ ᠵᠢᠷᠭᠤᠭᠠᠨ ᠲᠣᠮᠣ ᠠᠵᠤ ᠦᠢᠯᠡᠰ ᠤᠨ ᠣᠯᠠᠮ ᠢᠶᠠᠷ ᠴᠢᠩᠭᠠᠷᠠᠬᠤ᠂ ᠬᠡᠯᠬᠢᠶᠡᠵᠢᠬᠦ᠂ ᠥᠷᠭᠡᠵᠢᠬᠦ᠂ ᠬᠥᠭᠵᠢᠬᠦ ᠶᠢ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠎ᠠ᠃ ᠤᠯᠤᠰ ᠤᠨ ᠰᠢᠨ᠎ᠡ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠦᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ ᠬᠠᠷᠢᠴᠠᠨ ᠣᠯᠵᠤ᠂ ᠪᠠᠶᠠᠨᠨᠢᠷᠤᠭᠤ᠂ ᠤᠯᠠᠭᠠᠨᠳᠠᠪᠠᠭ᠎ᠠ᠂ ᠹᠦ᠋ ᠾᠧ ᠵᠡᠷᠭᠡ 3 ᠲᠣᠮᠣ ᠠᠭᠤᠷᠬᠠᠶ ᠶᠢᠨ ᠭᠠᠷᠤᠯᠲᠠ ᠲᠥᠪᠯᠡᠷᠡᠭᠰᠡᠨ ᠣᠷᠣᠨ ᠤ ᠲᠣᠭᠤᠷᠢᠨ ᠳᠤ᠂ ᠭᠦᠨ ᠬᠡᠰᠡᠭ ᠵᠢᠴᠢ ᠠᠭᠤᠷᠬᠠᠢ ᠶᠢᠨ ᠣᠶᠢᠷ᠎ᠠ ᠬᠠᠪᠢ ᠶᠢᠨ ᠠᠭᠤᠷᠬᠠᠶ ᠬᠠᠶᠢᠬᠤ ᠠᠵᠢᠯ ᠢ ᠥᠷᠨᠢᠭᠦᠯᠵᠦ᠂ ᠬᠠᠶᠢᠨ ᠰᠢᠨᠵᠢᠯᠡᠬᠦ ᠲᠠᠯᠠᠪᠠᠶ ᠶᠢ 13 ᠲᠡᠭᠰᠢ ᠳᠥᠷᠪᠡᠯᠵᠢᠨ ᠺᠢᠯᠤᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠭᠤᠷᠬᠠᠢ ᠶᠢᠨ ᠡᠬᠢ ᠪᠠᠶᠠᠯᠢᠭ ᠢ ᠨᠢᠭᠡᠳᠬᠡᠨ᠂ ᠠᠭᠤᠷᠬᠠᠢ ᠶᠢᠨ ᠡᠷᠭᠡ 10 ᠶᠢ ᠨᠢᠭᠡᠲᠦᠭᠦᠯᠦᠨ᠂ 4 ᠠᠭᠤᠷᠬᠠᠢ ᠬᠠᠶᠢᠬᠤ ᠡᠷᠬᠡ ᠶᠢ ᠰᠢᠨ᠎ᠡ ᠪᠠᠷ ᠲᠣᠭᠲᠠᠭᠠᠵᠤ᠂ ᠺᠠᠢ ᠶᠤᠸᠠᠨ ᠠᠭᠤᠷᠬᠠᠢ ᠶᠢ ᠱᠠᠨ ᠶᠢᠨ ᠬᠤᠩ ᠯᠢᠩ ᠲᠠᠢ ᠨᠢᠭᠡᠳᠬᠡᠬᠦ ᠶᠢᠨ ᠬᠠᠮᠲᠤ ᠤᠯᠠᠭᠠᠨᠳᠠᠪᠠᠭ᠎ᠠ ᠶᠢᠨ ᠲᠥᠪᠯᠡᠷᠡᠭᠰᠡᠨ ᠣᠷᠣᠨ ᠤ 2 ᠠᠭᠤᠷᠬᠠᠢ ᠬᠠᠶᠢᠬᠤ ᠡᠷᠬᠡ ᠶᠢ ᠰᠢᠨ᠎ᠡ ᠪᠠᠷ ᠠᠵᠢᠯ ᠡᠬᠢᠯᠡᠭᠦᠯᠦᠨ᠂ ᠪᠠᠶᠠᠨᠨᠢᠷᠤᠭᠤ ᠲᠥᠪᠯᠡᠷᠡᠭᠰᠡᠨ ᠣᠷᠣᠨ ᠤ 4 ᠠᠭᠤᠷᠬᠠᠢ ᠶᠢᠨ ᠡᠷᠬᠡ ᠶᠢ ᠬᠤᠳᠠᠯᠳᠤᠨ ᠠᠪᠴᠤ ᠳᠠᠬᠢᠨ  ᠵᠣᠬᠢᠶᠠᠨ ᠪᠠᠶᠢᠭᠤᠯᠵᠤ ᠂ ᠠᠭᠤᠷᠬᠠᠢ ᠶᠢᠨ ᠰᠦᠷᠦᠭᠵᠢᠯ ᠢ ᠪᠠᠶᠢᠭᠤᠯᠤᠨ᠂ ᠲᠣᠮᠣ ᠠᠭᠤᠷᠬᠠᠶ ᠪᠣᠯᠭᠠᠨ ᠶᠡᠭᠡ ᠪᠠᠷ ᠨᠡᠭᠡᠭᠡᠨ᠎ᠡ᠃ ᠭᠠᠷᠤᠯᠲᠠ ᠪᠠᠨ ᠨᠡᠮᠡᠭᠳᠡᠭᠦᠯᠬᠦ ᠬᠦᠴᠦᠯᠡᠴᠠ ᠪᠠᠨ ᠴᠢᠩᠭᠠᠳᠬᠠᠨ᠂ ᠱᠠᠨ ᠶᠢᠨ ᠬᠤᠩ ᠯᠢᠩ ᠠᠭᠤᠷᠬᠠᠢ ᠶᠢᠨ ᠡᠳᠦᠷ ᠤᠨ ᠬᠦᠳᠡᠷ ᠰᠢᠯᠢᠬᠦ ᠬᠡᠮᠵᠢᠶ᠎ᠡ ᠶᠢ 5000 ᠲᠣᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠣ᠂ ᠺᠠᠢ ᠶᠤᠸᠠᠨ ᠠᠭᠤᠷᠬᠠᠶ ᠶᠢᠨ ᠦᠢᠯᠡᠰ ᠤᠨ ᠡᠳᠦᠷ ᠤᠨ ᠬᠦᠳᠡᠷ ᠰᠢᠯᠢᠬᠦ ᠬᠡᠮᠵᠢᠶ᠎ᠡ ᠶᠢ 5000 ᠲᠣᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠳᠦᠷᠭᠡᠳᠬᠡᠨ᠂ ᠵᠢᠯ ᠤᠨ ᠳᠣᠲᠣᠷ᠎ᠠ ᠡᠳᠦᠷ ᠤᠨ ᠬᠦᠳᠡᠷ ᠰᠢᠯᠢᠬᠦ ᠬᠡᠮᠵᠢᠶ᠎ᠡ ᠶᠢ 1000 ᠲᠣᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠠᠰᠢᠬᠯᠠᠯᠳᠠ ᠳᠤ ᠣᠷᠣᠭᠤᠯᠣᠨ᠎ᠠ᠃ ᠢᠦᠢ ᠪᠠᠩ ᠠᠭᠤᠷᠬᠠᠢ ᠶᠢᠨ ᠡᠳᠦᠷ ᠤᠨ ᠮᠥᠩᠭᠦ ᠲᠤᠭᠤᠯᠭ᠎ᠠ ᠰᠢᠯᠢᠬᠦ ᠬᠡᠮᠵᠢᠶ᠎ᠡ ᠶᠢ 2.5 ᠲᠦᠮᠡᠨ ᠲᠣᠨ ᠪᠣᠯᠭᠠᠨ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠲᠥᠷᠦᠯ ᠵᠦᠢᠯ ᠢ ᠠᠵᠢᠯ ᠡᠬᠢᠯᠡᠬᠦᠯᠵᠤ᠂ ᠵᠢᠯ ᠤᠨ ᠳᠣᠳᠣᠷ᠎ᠠ 6 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠳᠠ ᠶᠢ ᠪᠡᠶᠡᠯᠡᠭᠦᠯᠦᠨ᠎ᠡ᠃ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ ᠡᠳᠦᠷ ᠤᠨ ᠬᠦᠳᠡᠷ ᠰᠢᠯᠢᠬᠦ ᠬᠡᠮᠵᠢᠶ᠎ᠡ ᠶᠢ 5000 ᠲᠣᠨ ᠪᠣᠯᠭᠠᠨ ᠥᠷᠭᠡᠳᠬᠡᠨ ᠪᠠᠶᠢᠭᠤᠯᠬᠤ ᠳᠥᠷᠪᠡᠳᠦᠭᠡᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠵᠤ᠂ ᠵᠢᠯ ᠤᠨ ᠳᠣᠳᠣᠷ᠎ᠠ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠤᠭᠤᠯᠤᠯᠳᠠ ᠶᠢ ᠪᠡᠶᠡᠯᠡᠭᠦᠯᠦᠨ᠂ ᠮᠠᠨ ᠤ ᠬᠤᠰᠢᠭᠤ ᠪᠠᠨ ᠳᠤᠮᠳᠠᠳᠤ ᠤᠯᠤᠰ ᠤᠨ ᠤᠮᠠᠷᠠᠲᠤ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢᠨ ᠴᠢᠬᠤᠯᠠ ᠰᠠᠭᠤᠷᠢᠨ ᠪᠣᠯᠭᠠᠨ ᠪᠦᠲᠦᠭᠡᠨ ᠪᠠᠶᠢᠭᠤᠯᠤᠨ᠎ᠠ᠃ ᠬᠡᠯᠬᠢᠶ᠎ᠡ ᠶᠢ ᠤᠷᠲᠤᠳᠬᠠᠨ ᠨᠦᠬᠦᠪᠦᠷᠢᠯᠡᠵᠤ᠂ ᠪᠥᠬᠦ ᠬᠤᠰᠢᠭᠤᠨ ᠤ ᠴᠣᠬᠤᠢ ᠶᠢᠨ ᠴᠢᠯᠠᠭᠤ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠪᠠ ᠴᠢᠨᠠᠷ ᠴᠢᠨᠰᠠᠭ᠎ᠠ ᠶᠢ ᠲᠣᠳᠤᠷᠬᠠᠶᠢᠯᠠᠨ᠂ ᠭᠠᠩ ᠶᠤᠸᠠᠨ ᠬᠢᠮᠢ ᠶᠢᠨ ᠦᠢᠯᠡᠳᠪᠦᠷᠢ ᠶᠢᠨ ᠴᠠᠬᠢᠯᠠᠭᠤᠷ ᠴᠢᠯᠠᠭᠤ ᠪᠣᠯᠤᠨ ᠤᠯᠠᠭᠠᠨᠬᠠᠳᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠪᠤᠭᠤᠳᠠᠯ ᠬᠠᠶᠢᠷᠴᠠᠭ ᠵᠡᠷᠭᠡ 2 ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠠᠭᠤᠷᠬᠠᠶ ᠶᠢᠨ ᠡᠬᠢ ᠪᠠᠶᠠᠯᠢᠭ ᠢ ᠲᠤᠬᠠᠶ ᠶᠢᠨ ᠭᠠᠵᠠᠷ ᠪᠠ ᠣᠶᠢᠷ᠎ᠠ ᠬᠠᠪᠢ ᠳᠤᠨᠢ ᠨᠠᠷᠢᠯᠢᠭ ᠪᠣᠯᠪᠠᠰᠤᠷᠠᠭᠤᠯᠤᠨ ᠶᠡᠷᠦᠩᠬᠡᠶᠢᠯᠡᠨ ᠠᠰᠢᠭᠯᠠᠨ᠎ᠠ᠃ ᠬᠢᠮᠢ ᠶᠢᠨ ᠦᠢᠯᠡᠳᠪᠦᠷᠢ ᠲᠥᠪᠯᠡᠷᠡᠭᠰᠡᠨ ᠣᠷᠣᠨ ᠢ ᠲᠣᠭᠲᠠᠭᠠᠬᠤ ᠪᠠ ᠠᠮᠤᠷ ᠲᠦᠪᠰᠢᠨ ᠤ ᠲᠦᠭᠰᠢᠭᠦᠷᠢ ᠶᠢᠨ ᠲᠠᠰ ᠢ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠫᠧᠩ ᠹᠧᠩ ᠬᠢᠮᠢ ᠶᠢᠨ ᠠᠵᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ᠂ ᠬᠤᠸᠠ ᠹᠦ᠋ ᠰᠢᠨᠵᠢᠯᠡᠬᠦ ᠤᠬᠠᠭᠠᠨ ᠮᠡᠷᠭᠡᠵᠢᠯ ᠤᠨ ᠹᠯᠣᠷ ᠤᠨ ᠰᠢᠷᠢᠰ ᠦᠢᠯᠡᠳᠬᠦᠨ ᠵᠢᠴᠢ ᠷᠧᠨ ᠫᠧᠩ ᠰᠢᠨ᠎ᠡ ᠡᠨᠧᠷᠭᠢ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠲᠣᠭᠤᠷᠢᠭ ᠤᠨ ᠹᠯᠣᠷ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠠᠩᠬ᠎ᠠ ᠠᠯᠬᠤᠮ ᠬᠡᠪᠴᠢᠶᠡᠵᠢᠭᠦᠯᠦᠨ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠮᠧᠩ ᠨᠧᠩ ᠪᠦᠯᠦᠭᠯᠡᠯ ᠤᠨ 100 ᠲᠦᠮᠡᠨ ᠬᠢᠯᠦᠸᠠᠲ ᠤᠨ ᠬᠡᠷᠡᠯ ᠤᠨ ᠡᠨᠧᠷᠭᠢ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ ᠢ ᠠᠵᠢᠯ ᠡᠬᠢᠯᠡᠭᠦᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠂ ᠲᠣᠰ ᠵᠢᠯ ᠳᠡᠭᠡᠨ ᠲᠥᠷᠥᠯ ᠵᠦᠢᠯ ᠪᠠᠶᠢᠭᠤᠯᠬᠤ ᠪᠠᠷ ᠴᠢᠷᠮᠠᠶᠢᠵᠤ᠂ 50 ᠲᠦᠮᠡᠨ ᠬᠢᠯᠦᠸᠠᠲ ᠤᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ᠂ ᠭᠡᠷᠡᠯ ᠢᠶᠠᠷ ᠴᠠᠬᠢᠯᠭᠠᠨ ᠭᠠᠷᠭᠠᠬᠤ ᠨᠡᠭᠡᠭᠡᠨ ᠬᠥᠭᠵᠢᠭᠦᠯᠬᠦ ᠲᠥᠷᠥᠯ ᠵᠦᠢᠯ ᠢ 1000 ᠡᠷᠦᠬᠡ ᠳᠤ ᠤᠭᠰᠠᠷᠠᠵᠤ᠂ ᠬᠥᠪ ᠤᠨ ᠭᠤᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠤᠯᠤᠰ ᠤᠨ ᠳᠡᠰ ᠤᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃  ᠮᠠᠨ ᠵᠦ ᠳᠠᠬᠢᠯᠲᠠ ᠡᠬᠢ ᠪᠠᠶᠠᠯᠢᠭ ᠤᠨ ᠬᠠᠶᠠᠬᠳᠠᠮᠠᠯ ᠮᠠᠰᠢᠨ ᠳᠡᠷᠬᠡ ᠶᠢ ᠵᠠᠳᠠᠯᠬᠤ᠂ ᠳ᠋ᠠ ᠬᠠᠢ ᠪᠤᠳᠠᠰ ᠤᠨ ᠭᠦᠢᠯᠭᠡᠭᠡᠨ ᠪᠠ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠥᠬᠦᠭᠡᠷᠦᠮᠵᠢ ᠵᠡᠷᠭᠡ 2 ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠣ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠡᠭᠢᠯᠡᠭᠦᠯᠦᠨ᠎ᠡ᠃ ᠲᠣᠭᠤᠷᠢᠭ ᠤᠨ ᠳᠠᠭᠠᠭᠠᠴᠠ ᠶᠢ ᠪᠦᠬᠦ ᠳᠠᠯ᠎ᠠ ᠪᠠᠷ ᠨᠡᠮᠡᠭᠳᠡᠭᠦᠯᠵᠦ᠂ ᠵᠢᠯ ᠤᠨ ᠳᠣᠲᠣᠷ᠎ᠠ 25.5 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠢ ᠪᠠᠶᠢᠭᠤᠯᠵᠤ᠂ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠣᠷ ᠵᠢᠴᠢ ᠰᠠᠭᠤᠷᠢ ᠶᠢ ᠢᠵᠢ ᠪᠦᠷᠢᠳᠦᠭᠦᠯᠬᠦ ᠢᠨᠵᠧᠨᠧᠷᠢᠩ ᠢ ᠡᠬᠢᠯᠡᠭᠦᠯᠦᠨ᠂ ᠠᠮᠢᠳᠤ ᠪᠣᠳᠠᠰ ᠤᠨ ᠬᠠᠶᠠᠬᠳᠠᠮᠠᠯ ᠢ ᠶᠡᠷᠦᠩᠬᠡᠶᠢᠯᠡᠨ ᠠᠰᠢᠭᠯᠠᠵᠤ ᠢᠯᠴᠢ ᠴᠠᠬᠢᠯᠭᠠᠨ ᠭᠠᠷᠭᠠᠬᠤ ᠪᠣᠯᠤᠨ 220 ᠬᠢᠯᠦᠸᠠᠲ ᠤᠨ ᠯᠢᠶᠣᠤ ᠳ᠋ᠦ᠋ ᠶᠢᠨ ᠬᠦᠴᠦᠳᠡᠯ ᠥᠭᠡᠷᠡᠴᠢᠯᠡᠬᠦ ᠳᠦᠬᠦᠭᠡᠷᠦᠮᠵᠢ ᠶᠢᠨ ᠪᠠᠭᠲᠠᠭᠠᠮᠵᠢ ᠶᠢ ᠨᠡᠮᠡᠭᠳᠡᠭᠦᠯᠬᠦ ᠵᠡᠷᠭᠡ ᠲᠥᠷᠥᠯ ᠵᠦᠢᠯ ᠢ  ᠠᠬᠢᠭᠤᠯᠤᠨ᠂ ᠲᠣᠭᠤᠷᠢᠭ ᠤᠨ ᠵᠠᠮ ᠬᠠᠷᠢᠯᠴᠠᠭ᠎ᠠ ᠪᠠ ᠢᠯᠴᠢ ᠬᠡᠢ ᠴᠠᠬᠢᠯᠭᠠᠨ ᠬᠠᠩᠭᠠᠬᠤ ᠳᠤᠲᠠᠭᠤᠳᠠᠯ ᠢ ᠨᠥᠬᠦᠪᠥᠷᠢᠯᠡᠨ᠎ᠡ᠃      ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠤᠯᠠᠭᠠᠨᠬᠠᠳᠠ ᠶᠢᠨ ︽ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠤᠳᠠᠰ ᠤᠨ ᠭᠦᠢᠯᠭᠡᠭᠡᠨ ᠤ ᠭᠤᠣᠯ ᠬᠤᠲᠠ︾ ᠶᠢ ᠪᠦᠲᠦᠭᠡᠨ ᠪᠠᠶᠢᠭᠤᠯᠬᠤ ᠪᠠᠶᠢᠷᠢ ᠲᠣᠭᠲᠠᠭᠠᠯᠲᠠ ᠶᠢ ᠲᠣᠭᠲᠠᠭᠠᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ︽35532︾ ᠢᠨᠵᠧᠨᠧᠷᠢᠩ ᠢ ᠬᠡᠷᠡᠭᠵᠢᠭᠦᠯᠵᠦ᠂ ᠮᠠᠨ ᠤ ᠬᠤᠰᠢᠭᠤ ᠪᠠᠨ ᠤᠯᠠᠭᠠᠨᠬᠠᠳᠠ᠂ ᠰᠢᠯᠢ ᠶᠢᠨ ᠭᠤᠤᠯ᠂ ᠳᠦᠩᠯᠢᠶᠤᠤ ᠵᠡᠷᠭᠡ ᠭᠤᠷᠪᠠᠨ ᠠᠶᠢᠮᠠᠭ ᠬᠤᠲᠠ ᠳᠣᠯᠤᠭᠠᠨ ᠬᠤᠰᠢᠭᠤ ᠰᠢᠶᠠᠨ ᠤ ᠣᠷᠣᠨ ᠪᠦᠰᠡ ᠶᠢᠨ ᠴᠢᠨᠠᠷᠲᠠᠢ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠵᠠᠩᠭᠢᠯᠠᠭ᠎ᠠ ᠶᠢᠨ ᠴᠡᠭ ᠪᠣᠯᠭᠠᠨ ᠪᠠᠶᠢᠭᠤᠯᠤᠨ᠎ᠠ᠃ ᠵᠢᠶᠠ ᠶᠤᠸᠠᠨ ᠶᠡᠷᠦᠩᠬᠡᠶᠢᠯᠡᠭᠰᠡᠨ ᠲᠠᠷᠢᠶᠠᠯᠠᠩ ᠤᠨ ᠠᠷᠠᠯᠵᠢᠶᠠᠨ ᠤ ᠲᠥᠪ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠵᠢᠩ ᠳ᠋ᠦ᠋ ᠪᠠᠭᠤᠳᠠᠯ ᠤᠨ ᠬᠤᠶᠠᠳᠤᠭᠠᠷ ᠬᠤᠭᠤᠴᠠᠭ᠎ᠠ ᠵᠢᠴᠢ ᠵᠦᠩ ᠾᠦᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠠᠢ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠤᠨ᠎ᠠ᠃ ᠲᠦᠷᠭᠡᠨ ᠭᠤᠪᠢᠭᠤᠯᠭ᠎ᠠ ᠶᠢᠨ ᠦᠢᠯᠡᠴᠢᠯᠡᠭᠡᠨ ᠤ ᠲᠤᠤᠷ ᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠢ ᠳᠡᠯᠭᠡᠭᠦᠷ  ᠲᠤ ᠬᠤᠳᠠᠯᠳᠤᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶ᠎ᠡ ᠪᠠᠷ ᠪᠣᠷᠤᠯᠠᠭᠤᠯᠬᠤ ᠬᠤᠤᠰ ᠴᠢᠭᠯᠡᠯᠲᠦ ᠭᠦᠢᠯᠭᠡᠭᠡᠨ ᠤ ᠱᠤᠭᠤᠮ ᠢ ᠨᠡᠪᠲᠡᠷᠡᠭᠦᠯᠵᠦ᠂ 166 ᠭᠠᠴᠠᠭ᠎ᠠ ᠲᠣᠰᠬᠤᠨ ᠤ ᠲᠦᠷᠭᠡᠨ ᠭᠤᠪᠢᠭᠤᠯᠭ᠎ᠠ ᠶᠢᠨ ᠲᠡᠭᠦᠰᠬᠡᠯ ᠤᠨ ᠦᠢᠯᠡᠴᠢᠯᠡᠭᠡᠨ ᠤ ᠴᠢᠭ ᠢ ︽ᠲᠠᠪᠤ ᠪᠠᠶᠢᠬᠤ︾ ᠪᠣᠯᠭᠠᠨ᠎ᠠ᠃ ᠡᠯᠧᠺᠲᠷᠣᠨ ᠬᠤᠳᠠᠯᠳᠤᠭ᠎ᠠ ᠪᠣᠯᠤᠨ ᠲᠦᠷᠭᠡᠨ ᠭᠤᠪᠢᠭᠤᠯᠭ᠎ᠠ  ᠶᠢ ᠵᠣᠬᠢᠴᠠᠩᠭᠤᠶ ᠬᠦᠭᠵᠢᠭᠦᠯᠵᠦ᠂ ᠪᠡᠭᠡᠵᠢᠩ ᠤᠨ ᠪᠤᠳᠠᠰ ᠤᠨ ᠭᠦᠢᠯᠭᠡᠭᠡᠨ ᠤ ᠳᠠᠮᠵᠢᠭᠤᠯᠬᠤ ᠬᠥᠮᠥᠷᠭᠡ ᠶᠢᠨ ᠴᠢᠳᠠᠮᠵᠢ ᠶᠢ ᠪᠠᠳᠠᠷᠠᠭᠤᠯᠤᠨ᠂ ᠪᠥᠬᠦ ᠬᠤᠰᠢᠭᠤᠨ ᠤ ᠪᠤᠳᠠᠰ ᠤᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠨ᠎ᠡ᠃ ︽ᠮᠠ ᠭᠤᠸᠠᠢ ᠲᠠᠯ᠎ᠠ ᠨᠤᠲᠤᠭ ᠲᠤ︾ ᠵᠡᠷᠭᠡ ᠰᠦᠯᠵᠢᠶᠡᠨ ᠤᠳᠤᠳ ᠲᠠᠢ ᠬᠠᠮᠲᠤᠷᠠᠨ ᠠᠵᠢᠯᠯᠠᠵᠤ᠂ ᠣᠷᠣᠨ ᠨᠤᠲᠤᠭ ᠤᠨ ᠣᠨᠴᠠᠯᠢᠭ ᠲᠠᠢ ︽ᠳ᠋ᠧᠦ ᠶᠢᠨ︾ ᠵᠢᠵᠢᠭ ᠳᠡᠯᠭᠡᠭᠦᠷ 10 ᠪᠠ ᠰᠢᠭᠤᠳ ᠨᠡᠪᠲᠡᠷᠡᠭᠦᠯᠭᠡ ᠶᠢᠨ ᠪᠦᠯᠬᠦᠮ 15 ᠶᠢ ᠪᠠᠶᠢᠭᠤᠯᠵᠤ᠂ 10 ᠠᠵᠤ ᠠᠬᠤᠶᠢᠯᠠᠯ ᠢ SC ᠭᠡᠷᠡᠴᠢᠯᠡᠯ ᠲᠠᠢ ᠪᠣᠯᠭᠠᠵᠤ᠂ ᠢᠨᠲ᠋ᠧᠷ ᠰᠦᠯᠵᠢᠶ᠎ᠡ ᠶᠢᠨ ᠪᠤᠷᠤᠯᠠᠭᠤᠯᠭ᠎ᠠ ᠶᠢᠨ ᠰᠢᠨᠵᠢ ᠴᠢᠨᠠᠷ ᠲᠠᠢ ᠪᠦᠲᠦᠭᠡᠭᠳᠡᠬᠦᠨ 30 ᠳᠦᠷᠦᠯ ᠢ ᠰᠣᠩᠭᠤᠵᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠵᠢᠯ ᠤᠨ ᠪᠣᠷᠣᠯᠠᠭᠤᠯᠭ᠎ᠠ ᠶᠢᠨ ᠲᠤᠭ᠎ᠠ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠠ᠃ ᠡᠮᠦᠨᠡᠲᠦ ᠬᠡᠰᠡᠭ ᠤᠨ ᠭᠢᠳᠠᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠱᠤᠭᠤᠮ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ  ᠦᠷᠭᠡᠳᠬᠡᠨ᠂ ᠭᠢᠳᠠᠨ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠣ᠂ ᠮᠣᠯᠭᠤᠷ ᠠᠭᠤᠯᠠ ᠪᠠ ᠬᠠᠯᠴᠠᠮ ᠠᠭᠤᠯᠠ ᠶᠢᠨ ᠦᠵᠡᠮᠵᠢ ᠶᠢᠨ ᠣᠷᠤᠨ ᠢ ᠨᠡᠭᠡᠭᠡᠨ᠂ ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠣᠷᠳᠣᠨ ᠤ ᠬᠤᠲᠠ ᠶᠢᠨ ᠡᠮᠦᠨ᠎ᠡ ᠡᠭᠦᠳᠡᠨ ᠤ ᠭᠠᠵᠠᠷ ᠳᠣᠣᠷᠠᠬᠢ ᠬᠡᠰᠡᠭ ᠤᠨ ᠪᠠᠷᠢᠯᠭ᠎ᠠ ᠶᠢ ᠳᠠᠭᠤᠰᠬᠠᠵᠤ᠂ ᠣᠷᠳᠣᠨ ᠤ ᠬᠤᠲᠠ ᠶᠢᠨ ᠵᠡᠭᠦᠨ ᠡᠭᠦᠳᠡᠨ ᠤ ᠪᠠᠷᠢᠯᠭ᠎ᠠ ᠶᠢ ᠠᠵᠢᠯ ᠡᠬᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠦᠯᠦᠭᠯᠡᠯ ᠯᠦᠭᠡ ᠶᠢᠨ ᠬᠠᠮᠵᠢᠯᠴᠠᠭ᠎ᠠ ᠪᠠᠨ ᠠᠬᠢᠭᠤᠯᠵᠤ᠂ ᠬᠤᠶᠢᠲᠤ ᠬᠤᠶᠠᠳᠤᠭᠠᠷ ᠲᠣᠭᠤᠷᠢᠯ ᠵᠠᠮ᠂ ᠶᠢᠩ ᠴᠦᠨ ᠡᠮᠦᠨ᠎ᠡ ᠵᠠᠮ ᠤᠨ ᠲᠠᠲᠠᠪᠤᠷᠢᠯᠠᠨ ᠨᠤᠷᠠᠭᠠᠬᠤ ᠠᠵᠢᠯ ᠢ ᠡᠬᠢᠯᠡᠭᠦᠯᠦᠨ᠂ ᠬᠠᠭᠠᠨ ᠬᠤᠲᠠ ᠶᠢᠨ ᠵᠡᠭᠦᠨ ᠡᠭᠦᠳᠡ ᠶᠢ ᠠᠵᠢᠯ ᠡᠬᠢᠯᠡᠭᠦᠯᠦᠨ᠎ᠠ ᠃ ᠹᠦ᠋ ᠾᠧ ᠪᠠᠯᠭᠠᠰᠤ ᠶᠢᠨ ᠱᠦᠶ ᠶᠦᠨ ᠵᠢᠭᠠᠰᠤᠴᠢᠨ ᠲᠣᠰᠬᠤᠨ ᠤ ᠵᠢᠭᠠᠰᠤ ᠠᠩᠨᠠᠬᠤ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠠᠶᠢᠳᠠᠪᠦᠷᠢᠵᠢᠭᠤᠯᠤᠨ᠂ ᠴᠠᠶᠢᠳᠠᠮ ᠪᠠ ᠳᠠᠯᠠᠩ ᠤᠨ ᠭᠤᠤ 2 ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠢ ᠠᠰᠢᠭᠯᠠᠯᠲᠠ ᠳᠤ ᠣᠷᠣᠭᠤᠯᠤᠨ᠎ᠠ᠃ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠨᠤᠭᠤᠳ ᠢ ᠴᠢᠨᠠᠷ ᠰᠠᠶᠢᠲᠠᠶ ᠡᠷᠬᠢᠯᠡᠵᠦ᠂ ᠵᠢᠭᠤᠯᠴᠢᠯᠠᠯ ᠤᠨ ︽ᠠᠷᠪᠠᠨ ᠬᠤᠶᠠᠷ ᠡᠯᠧᠮᠧᠨ᠋ᠲ︾ ᠢ ᠪᠦᠬᠦ ᠲᠠᠯ᠎ᠠ ᠪᠠᠷ ᠳᠡᠰ ᠳᠡᠪᠰᠢᠭᠦᠯᠦᠨ᠂ ᠪᠦᠬᠦ ᠵᠢᠯ ᠤᠨ ᠵᠢᠭᠤᠯᠴᠢᠯᠠᠯ ᠤᠨ  ᠶᠡᠷᠦᠩᠬᠡᠢ ᠣᠷᠣᠯᠭ᠎ᠠ ᠶᠢ 27 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃    ︵ᠭᠤᠷᠪᠠ︶  ᠪᠣᠬᠢᠷᠳᠤᠯ ᠦᠭᠡᠢ ᠪᠠᠷ ᠰᠠᠭᠤᠷᠢ ᠪᠣᠯᠭᠠᠬᠤ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠠᠮᠢ ᠠᠬᠤᠢ ᠶᠢᠨ ᠳᠣᠲᠤᠭᠠᠳᠤ ᠠᠭᠤᠯᠤᠭᠳᠠᠬᠤᠨ ᠤ ᠬᠥᠭᠵᠢᠯᠲᠡ ᠶᠢᠨ ᠰᠢᠨ᠎ᠡ ᠪᠠᠶᠢᠳᠠᠯ ᠢ  ᠠᠬᠢᠭᠤᠯᠤᠨ᠎ᠠ     ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠰᠠᠶᠢᠳᠤᠷ ᠬᠢᠵᠤ᠂ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠬᠡᠨ᠂ ᠳᠠᠴᠢᠷᠳᠠᠬᠰᠠᠨ ᠤᠢ ᠶᠢ ᠬᠤᠭᠤᠴᠠᠭ᠎ᠠ ᠬᠤᠪᠢᠶᠠᠨ ᠥᠭᠡᠷᠡᠴᠢᠯᠡᠬᠦ᠂ ᠲᠤᠷᠤᠭ ᠮᠤᠳᠤᠨ ᠣᠢ ᠪᠠᠶᠢᠭᠤᠯᠬᠤ ᠵᠡᠷᠭᠡ 10 ᠲᠥᠷᠥᠯ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠵᠢᠯ ᠤᠨ ᠳᠣᠲᠣᠷ᠎ᠠ 39.9 ᠲᠦᠮᠡᠨ ᠮᠤ᠋ ᠶᠡᠷᠦᠩᠬᠡᠶᠢᠯᠡᠨ ᠵᠠᠰᠠᠬᠤ ᠡᠭᠦᠷᠭᠡ ᠪᠠᠨ ᠪᠡᠶᠡᠯᠡᠭᠦᠯᠦᠨ᠎ᠡ᠃ ᠠᠮᠢ ᠠᠬᠤᠶ ᠶᠢᠨ ᠠᠵᠤ ᠦᠶᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠠᠬᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠲᠠᠢ ᠤᠶᠠᠯᠳᠤᠭᠤᠯᠤᠨ᠂ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢᠨ ᠳᠣᠬᠳᠠᠯᠴᠠᠭ᠎ᠠ ᠶᠢ ᠪᠦᠷᠢᠨᠰᠢᠭᠦᠯᠵᠦ᠂ ᠡᠯᠡᠰᠦ ᠶᠢ  ᠰᠡᠷᠭᠡᠶᠢᠯᠡᠨ ᠵᠠᠰᠠᠬᠤ ᠬᠢᠭᠡᠳ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠵᠢᠴᠢ ᠰᠠᠯᠬᠢ ᠴᠠᠬᠢᠯᠭᠠᠨ ᠭᠡᠷᠡᠯ ᠢ ᠨᠢᠭᠡ ᠴᠤᠭᠴᠠᠵᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ 2.1 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ ᠲᠠᠤᠯᠠᠢ ᠶᠢᠨ ᠪᠦᠭᠡᠷ᠎ᠡ ᠳᠠᠷᠢᠬᠤ ᠵᠢᠴᠢ ᠨᠠᠷᠢᠯᠢᠭ ᠡᠳ᠋ᠰᠢᠭᠦᠯᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠬᠢᠭᠤᠯᠵᠤ᠂ ᠵᠢᠯ ᠤᠨ ᠳᠣᠲᠣᠷ᠎ᠠ 5000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠡᠪᠡᠰᠦ ᠮᠠᠯ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠬᠦᠯᠬᠦ ᠶᠢ ᠬᠤᠷᠢᠭᠯᠬᠠᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠬᠠᠰᠢᠶ᠎ᠠ ᠰᠠᠷᠠᠪᠴᠢ᠂ ᠨᠣᠭᠤᠭᠠᠨ ᠳᠠᠷᠤᠰᠢ ᠵᠢᠴᠢ ᠡᠪᠡᠰᠦ ᠪᠣᠷᠳᠣᠭᠠᠨ ᠤ ᠬᠥᠮᠥᠷᠭᠡ ᠵᠡᠷᠭᠡ ᠲᠥᠷᠥᠯ ᠵᠦᠢᠯ ᠤᠨ ᠨᠥᠬᠦᠪᠥᠷᠢ ᠮᠥᠩᠭᠦ ᠶᠢ ᠢᠳᠡᠪᠬᠢᠲᠡᠢ ᠬᠠᠷᠢᠴᠠᠨ ᠣᠯᠵᠤ ᠂ ᠬᠠᠰᠢᠶᠠᠯᠠᠨ ᠮᠠᠯᠵᠢᠬᠤ ᠶᠢ ᠶᠡᠬᠡᠪᠡᠷ ᠬᠥᠭᠵᠢᠭᠦᠯᠵᠦ᠂ ᠵᠢᠯ ᠤᠨ ᠳᠣᠲᠣᠷ᠎ᠠ ᠰᠢᠨ᠎ᠡ ᠰᠤᠷᠭᠤᠭ ᠡᠪᠡᠰᠦᠨ ᠦᠢᠯᠡᠳᠪᠦᠷᠢ 3 ᠶᠢ ᠪᠠᠶᠢᠭᠤᠯᠵᠤ᠂ ᠵᠢᠯ ᠤᠨ ᠡᠪᠡᠰᠦᠨ ᠤ ᠭᠠᠷᠤᠯᠲᠠ ᠶᠢ 4500 ᠲᠣᠨ ᠬᠦᠷᠭᠡᠨ᠎ᠡ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠭᠤᠤᠯ ᠮᠥᠷᠡᠨ ᠨᠠᠭᠤᠷ ᠴᠥᠭᠦᠷᠥᠮ ᠤᠨ ︽ ᠳᠦᠷᠪᠡᠨ ᠳᠤᠷ᠎ᠠ ᠪᠠᠷ ᠢᠶᠠᠨ ᠪᠠᠶᠢᠬᠤ ᠶᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠦᠪ ᠤᠨ ᠭᠤᠤ ᠤᠰᠤᠨ ᠠᠰᠢᠭᠯᠠᠯᠲᠠ  ᠶᠢᠨ ᠭᠤᠣᠯ ᠢᠨᠵᠧᠨᠧᠷᠢᠩ᠂ ᠳᠤᠮᠳᠠ ᠵᠢᠵᠢᠭ ᠭᠤᠣᠯ ᠮᠦᠷᠡᠨ ᠪᠣᠯᠤᠨ ᠢᠳᠡᠭᠳᠡᠯ ᠭᠤᠤ ᠶᠢ ᠶᠡᠷᠦᠩᠬᠡᠶᠢᠯᠡᠨ ᠵᠠᠰᠠᠬᠤ ᠵᠡᠷᠭᠡ ᠤᠰᠤᠨ ᠤ ᠠᠮᠢ ᠠᠬᠤᠢ ᠶᠢ ᠰᠡᠷᠭᠦᠭᠡᠨ ᠵᠠᠰᠠᠬᠤ 5 ᠲᠥᠷᠥᠯ ᠵᠦᠢᠯ ᠢ ᠵᠢᠯ ᠤᠨ ᠳᠣᠲᠣᠷ᠎ᠠ ᠳᠠᠭᠤᠰᠬᠠᠨ᠂ ᠱᠢᠨᠠ ᠤᠰᠤᠨ ᠴᠥᠭᠦᠷᠥᠮ ᠤᠨ ᠳᠤᠤᠷᠠᠳᠤ ᠤᠷᠤᠰᠬᠠᠯ ᠤᠨ ᠦᠯᠵᠡᠶᠢᠮᠦ᠋ᠷᠡᠨ ᠭᠤᠣᠯ ᠤᠨ ᠤᠰᠤᠨ ᠲᠤᠤᠷ ᠢ ᠥᠭᠡᠷᠡᠴᠢᠯᠡᠬᠦ ᠲᠥᠷᠥᠯ ᠵᠦᠢᠯ ᠢ ᠨᠠᠶᠢᠳᠠᠪᠦᠷᠢᠵᠢᠭᠤᠯᠤᠨ᠎ᠠ᠃ ᠨᠠᠮᠤᠭ ᠭᠠᠵᠠᠷ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠤᠰ ᠵᠢᠯ ᠳᠤ ᠦᠯᠵᠡᠶᠢᠮᠦ᠋ᠷᠡᠨ ᠭᠤᠣᠯ ᠤᠨ ᠤᠯᠤᠰ ᠤᠨ ᠳᠡᠰ ᠤᠨ ᠨᠠᠮᠤᠭᠲᠤ ᠴᠡᠴᠡᠷᠯᠢᠭ ᠤᠨ ᠫᠠᠶᠢᠰᠠ ᠡᠯᠭᠦᠨ᠎ᠡ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠡ᠃ ᠰᠢᠰᠲ᠋ᠧᠮ ᠲᠠᠢ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠠᠮᠢ ᠠᠬᠤᠢ ᠶᠢᠨ ᠰᠢᠰᠲ᠋ᠧᠮ ᠤᠨ ᠵᠣᠬᠢᠴᠠᠭᠤᠯᠭ᠎ᠠ ᠪᠠ ᠬᠠᠮᠢᠶᠠᠷᠤᠯᠲᠠ ᠶᠢ  ᠴᠢᠩᠭᠠᠳᠬᠠᠨ᠂ ᠬᠦᠭᠡ ᠳᠡᠭᠷᠢ᠂ ᠬᠥᠬᠡᠮᠳᠦᠭ ᠤᠰᠤ᠂ ᠴᠡᠪᠡᠷ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠬᠢᠵᠦ᠂ ᠰᠢᠲᠠᠭᠠᠬᠤ ᠶᠢ ᠴᠠᠭᠠᠵᠠᠯᠠᠬᠤ᠂ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠴᠢ ᠤᠳᠤᠭ᠎ᠠ ᠲᠣᠭᠤᠰᠣ ᠶᠢ ᠬᠢᠵᠠᠭᠠᠷᠯᠠᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠭᠠᠷ ᠤᠨ ᠴᠡᠪᠡᠷᠴᠡ ᠶᠢᠨ ᠰᠢᠯᠢᠳᠡᠭ ᠰᠠᠶᠢᠨ ᠨᠤᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠪᠣᠬᠢᠷ ᠤᠰᠤ ᠶᠢ ᠭᠤᠤᠯ ᠮᠥᠷᠡᠨ ᠳᠤ ᠴᠢᠳᠬᠤᠬᠤ ᠪᠠ ᠪᠣᠵᠠᠷ ᠦᠮᠡᠬᠡᠶ ᠤᠰᠤᠨ ᠣᠷᠣᠨ ᠢ ᠪᠠᠶᠢᠴᠠᠭᠠᠵᠤ ᠴᠡᠭᠴᠡᠯᠡᠨ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠣᠯᠣᠰ ᠤᠨ ᠪᠠᠶᠢᠴᠠᠭᠠᠨ ᠰᠢᠯᠭᠠᠯᠲᠠ ᠶᠢᠨ ᠰᠢᠯᠢᠳᠡᠭ ᠰᠠᠶᠢᠨ ᠤᠰᠤᠨ ᠣᠷᠤᠨ ᠤ ᠬᠠᠷᠢᠴᠠᠯ ᠢ ᠦᠷᠭᠦᠯᠵᠢᠯᠡᠨ 100% ᠪᠠᠷ ᠪᠠᠲᠤᠯᠠᠨ᠎ᠠ᠃ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠪᠠ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠵᠤ᠂ ᠠᠮᠢ ᠠᠬᠤᠶ ᠶᠢ ᠬᠠᠮᠠᠭᠠᠯᠠᠬᠤ ᠴᠢᠳᠠᠮᠵᠢ ᠪᠠᠨ ᠳᠡᠭᠡᠭᠰᠢᠯᠡᠭᠦᠯᠦᠨ᠎ᠡ᠃ 64 ᠲᠡᠦᠬᠡᠨ ᠦᠯᠡᠳᠡᠭᠳᠡᠯ ᠠᠰᠠᠭᠤᠳᠠᠯ ᠪᠠ ᠡᠵᠡᠨ ᠦᠭᠡᠢ ᠠᠭᠤᠷᠬᠠᠶ ᠶᠢ ᠪᠦᠬᠦᠨ ᠢ ᠰᠡᠷᠭᠦᠭᠡᠵᠤ ᠨᠤᠭᠤᠭᠠᠷᠠᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ ᠂ ᠯᠦ ᠮᠧᠩ ᠱᠦᠢᠨᠡᠢ ᠶᠢᠨ ᠵᠤᠭᠤᠷᠢ ᠶᠢᠨ ᠠᠶᠤᠯᠲᠠᠢ ᠬᠠᠶᠠᠬᠳᠠᠮᠠᠯ ᠪᠤᠳᠠᠰ ᠢ ᠬᠠᠮᠵᠢᠯᠴᠠᠨ ᠰᠢᠢᠳᠪᠦᠷᠢᠯᠡᠬᠦ ᠲᠥᠷᠥᠯ ᠵᠦᠢᠯ ᠢ ᠬᠢᠨᠠᠨ ᠵᠥᠪᠯᠡᠵᠦ ᠠᠰᠢᠭᠯᠠᠯᠲᠠ ᠳᠤ ᠣᠷᠣᠭᠤᠯᠤᠨ᠂ ᠠᠵᠤ ᠦᠢᠯᠡᠳᠪᠦᠷᠢ ᠶᠢᠨ ᠠᠶᠤᠯᠲᠠᠶ ᠬᠠᠶᠠᠭᠳᠠᠮᠠᠯ ᠪᠤᠳᠠᠰ ᠪᠠ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠵᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠠᠷᠪᠢᠴᠢ ᠡᠷᠴᠢᠮᠲᠡᠶ ᠡᠷᠬᠢᠯᠳᠡᠳᠦ ᠬᠥᠭᠵᠢᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠢ ᠪᠣᠬᠢᠷᠳᠤᠯ ᠦᠭᠡᠢ ᠳᠣᠣᠷ᠎ᠠ  ᠨᠡᠭᠦᠷᠡᠰᠦᠳᠦ᠋ᠷᠦᠭᠴᠢ  ᠲᠡᠰᠢ ᠬᠤᠪᠢᠷᠠᠭᠤᠯᠤᠨ᠂ ︽ᠬᠤᠶᠠᠷ ᠥᠨᠳᠥᠷ ᠨᠢᠭᠡ ᠳᠤᠤᠷ᠎ᠠ︾  ᠲᠥᠷᠥᠯ ᠵᠦᠢᠯ ᠢ ᠬᠠᠮᠢᠶᠠᠷᠤᠨ ᠡᠵᠡᠮᠳᠡᠵᠤ᠂ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠨᠢᠭᠡᠴᠡ ᠶᠢᠨ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠬᠡᠷᠡᠭᠯᠡᠬᠦ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠰᠦᠯ ᠢ ᠨᠠᠶᠢᠳᠠᠪᠦᠷᠢᠵᠢᠭᠤᠯᠤᠨ᠂ ᠵᠢᠯ ᠤᠨ ᠳᠣᠲᠣᠷ᠎ᠠ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ 3  ᠶᠢ ᠪᠡᠶᠡᠯᠡᠭᠦᠯᠦᠨ᠎ᠡ᠃ ᠲᠥᠪᠯᠡᠷᠡᠭᠦᠯᠦᠨ ᠢᠯᠴᠢ ᠬᠠᠩᠭᠠᠬᠤ ᠪᠠ ᠴᠡᠪᠡᠷ ᠳᠤᠯᠠᠭᠠᠯᠠᠭ᠎ᠠ ᠶᠢ ᠠᠬᠢᠭᠤᠯᠵᠤ᠂ 9500 ᠲᠦᠮᠡᠨ ᠲᠥᠭᠦᠷᠢᠭ ᠤᠨ ᠪᠡᠯᠡ ᠣᠷᠤᠭᠤᠯᠤᠨ᠂ ᠨᠡᠭᠦᠷᠡᠰᠦ ᠰᠢᠲᠠᠭᠠᠬᠤ ᠵᠤᠤᠬ᠎ᠠ ᠶᠢ ᠴᠡᠪᠡᠷ ᠡᠨᠧᠷᠭᠢ ᠪᠠᠷ ᠣᠷᠣᠯᠠᠭᠤᠯᠬᠤ ᠢᠨᠵᠧᠨᠧᠷᠢᠩ ᠪᠠ ᠬᠠᠮᠤᠭ ᠤᠨ ᠳᠣᠣᠷ᠎ᠠ ᠭᠠᠳᠠᠭᠰᠢᠯᠠᠭᠤᠯᠤᠯᠲᠠ ᠶᠢᠨ ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠰᠣᠯᠢᠬᠤ᠂ ᠥᠭᠡᠷᠡᠴᠢᠯᠡᠬᠦ ᠪᠠ ᠣᠷᠣᠯᠠᠭᠤᠯᠬᠤ ᠠᠬᠢᠴᠠ ᠶᠢ ᠲᠦᠷᠭᠡᠳᠬᠡᠨ᠎ᠡ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠧᠶ ᠶᠣᠣ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ 12 ᠲᠦᠮᠡᠨ ᠲᠣᠨ ᠬᠠᠶᠠᠭᠳᠠᠮᠠᠯ ᠬᠠᠭᠤᠴᠢᠨ ᠲᠡᠷᠭᠡᠨ ᠬᠦᠷᠳᠦ ᠶᠢᠨ ᠲᠥᠷᠥᠯ ᠵᠦᠢᠯ ᠢ ᠪᠦᠲᠦᠭᠡᠨ ᠪᠠᠶᠢᠭᠤᠯᠤᠨ᠂ ᠹᠧᠩ ᠹᠠᠨ ᠪᠦᠯᠦᠭᠯᠡᠯ ᠢ ᠶᠢᠨ ᠹᠠᠨ ᠳᠠᠬᠢᠯᠳᠠ ᠡᠬᠢ ᠪᠠᠶᠠᠯᠢᠭ ᠪᠣᠯᠭᠠᠨ ᠪᠦᠳᠦᠬᠡᠨ ᠪᠠᠶᠢᠭᠤᠯᠬᠤ ᠶᠢ ᠠᠬᠢᠭᠤᠯᠵᠤ᠂ ᠳᠠᠬᠢᠯᠲᠠ ᠲᠤᠭᠤᠯᠭ᠎ᠠ ᠶᠢᠨ ᠦᠢᠯᠡᠳᠪᠦᠷᠢᠯᠡᠯ ᠤᠨ ᠴᠢᠳᠠᠮᠵᠢ ᠶᠢ 6 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠤᠰᠤᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠣ᠂ ᠲᠠᠷᠢᠶᠠᠯᠠᠩ ᠤᠨ ᠤᠰᠤᠨ ᠤ ᠬᠠᠩᠰᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠳᠡᠯᠭᠡᠷᠡᠭᠦᠯᠦᠨ᠂ ᠲᠠᠷᠢᠶᠠᠯᠠᠩ ᠤᠨ ᠤᠰᠤ ᠶᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠤᠰᠤ ᠶᠢ ᠠᠷᠪᠢᠯᠠᠨ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ᠂ ᠬᠤᠲᠠ ᠶᠢᠨ ᠤᠰᠤ ᠶᠢ ᠠᠷᠪᠢᠯᠠᠵᠤ ᠬᠤᠬᠢᠷᠠᠯ ᠢ ᠪᠠᠭᠠᠰᠬᠠᠨ᠎ᠠ᠃    ︵ᠳᠦᠷᠪᠡ︶ ᠴᠢᠭ ᠢᠶᠠᠷ ᠲᠠᠯ᠎ᠠ ᠶᠢ ᠳᠠᠶᠢᠴᠢᠯᠠᠨ᠂ ᠣᠷᠣᠨ ᠪᠦᠰᠡ ᠪᠠᠷ ᠬᠤᠯᠪᠣᠭᠠᠯᠠᠨ  ᠬᠦᠳᠡᠯᠦᠯᠴᠡᠵᠦ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠢ ᠪᠣᠯᠭᠠᠨ᠎ᠠ      ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠣᠷᠣᠰᠢᠨ ᠰᠠᠭᠤᠵᠤ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ᠂  ᠪᠠᠭᠲᠠᠭᠠᠮᠵᠢᠲᠠᠶ ᠪᠦᠭᠡᠳ ᠳᠥᠭᠦᠮ ᠳᠥᠲᠡ ᠣᠶᠤᠨᠴᠢ ᠬᠤᠲᠠ ᠶᠢ ᠡᠭᠦᠳᠦᠨ ᠪᠠᠶᠢᠭᠤᠯᠵᠤ᠂ ᠳ᠋ᠦᠩ ᠱᠢ ᠴᠢᠶᠣᠤ ᠬᠥᠭᠦᠷᠭᠡ᠂ ᠪᠦᠸᠧᠬᠠᠶ ᠵᠢᠵᠢᠭ ᠬᠤᠲᠠ ᠵᠡᠷᠭᠡ 5 ᠬᠡᠰᠡᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠬᠤᠲᠠ ᠲᠣᠭᠤᠷᠢᠭ ᠤᠨ ᠲᠥᠯᠥᠪᠵᠢᠭᠦᠯᠭᠡ ᠶᠢᠨ ᠪᠦᠷᠬᠦᠴᠡ ᠶᠢᠨ ᠨᠣᠷᠮ᠎ᠠ ᠶᠢ 100 % ᠳᠤ ᠬᠦᠷᠦᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠹᠸᠢ ᠼᠦᠢ ᠭᠡᠷᠡᠯᠲᠦ ᠰᠤᠪᠤᠳ᠂ ᠮᠢᠩ ᠶᠤᠸᠠᠨ ᠶᠦᠨ ᠳ᠋ᠢᠩ᠂ ᠶᠢᠩ ᠪᠢᠨ ᠵᠢᠶᠠ ᠶᠤᠸᠠᠨ ᠵᠡᠷᠭᠡ 7  ᠬᠤᠳᠠᠯᠳᠤᠭ᠎ᠠ ᠪᠠ ᠣᠷᠣᠨ ᠰᠠᠭᠤᠴᠠ ᠶᠢᠨ ᠨᠡᠭᠡᠭᠡᠯᠲᠡ ᠶᠢᠨ ᠬᠤᠷᠢᠶᠠᠯᠠᠯ ᠤᠨ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ 29.1 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠰᠢᠨ᠎ᠡ ᠪᠠᠷ ᠨᠡᠮᠡᠭᠳᠡᠭᠦᠯᠦᠨ᠂ 11.8 ᠲᠦᠮᠡᠨ ᠲᠡᠭᠰᠢ ᠳᠥᠷᠪᠡᠯᠵᠢᠨ ᠮᠧᠲᠷ ᠤᠨ 17 ᠬᠠᠭᠤᠴᠢᠨ ᠰᠠᠭᠤᠭᠠᠯᠢ ᠬᠤᠷᠢᠶᠠᠯᠠᠯ ᠢ ᠥᠭᠡᠷᠡᠴᠢᠯᠡᠨ ᠵᠠᠰᠠᠨ᠎ᠠ᠃ ᠬᠤᠲᠠ ᠲᠣᠭᠤᠷᠢᠭ ᠤᠨ ᠵᠠᠮ ᠤᠨ ᠳᠤᠤᠷᠵᠢᠯ ᠢ ᠲᠡᠭᠦᠯᠳᠡᠷᠵᠢᠭᠦᠯᠵᠦ᠂ ᠲᠤᠭᠤᠷ ᠤᠨ ᠴᠡᠴᠡᠭᠲᠦ ᠠᠷᠠᠯ᠂ ᠪᠧᠶ ᠲᠠ᠂ ᠵᠢᠩᠽᠢ ᠭᠧᠦ ᠨᠢᠭᠡᠳᠦᠭᠡᠷ ᠳᠤᠭᠤᠶᠢᠯᠠᠩ ᠵᠡᠷᠭᠡ ᠣᠷᠣᠨ ᠰᠠᠭᠤᠴᠠ ᠶᠢᠨ ᠭᠠᠵᠠᠷ ᠰᠢᠷᠣᠢ ᠭᠡᠷ ᠪᠠᠶᠢᠰᠢᠩ ᠢ ᠲᠠᠲᠠᠪᠤᠷᠢᠯᠠᠨ ᠨᠤᠷᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠦ ᠱᠠᠨ ᠵᠡᠭᠡᠯᠢ ᠶᠢᠨ ᠪᠠᠷᠠᠭᠤᠨ ᠬᠡᠰᠡᠭ᠂ ᠹᠦ᠋ ᠾᠧ ᠵᠠᠮ ᠤᠨ ᠬᠤᠶᠢᠲᠤ ᠬᠡᠰᠡᠭ᠂ ᠪᠧᠶ ᠲᠠ ᠵᠠᠮ ᠵᠡᠷᠭᠡ 14 ᠵᠤᠷᠪᠤᠰ 17.2 ᠺᠢᠯᠤᠮᠧᠲᠷ ᠤᠨ ᠬᠤᠲᠠ ᠶᠢᠨ ᠶᠠᠪᠤᠳᠠᠯ ᠤᠨ ᠵᠠᠮ ᠤᠨ ᠲᠣᠣᠷᠵᠢᠯ ᠢ ᠪᠠᠶᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠪᠠ ᠢᠯᠭᠠᠳᠠᠰᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠳᠣᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃     ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠳᠣᠬᠳᠠᠯᠴᠠᠭ᠎ᠠ ᠶᠢ ᠲᠡᠭᠦᠯᠳᠡᠷᠵᠢᠭᠦᠯᠦᠨ᠂ ᠬᠡᠪᠴᠢᠶᠡᠵᠢᠭᠰᠡᠨ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠪᠠ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠡᠬᠢ ᠰᠣᠷᠪᠤᠯᠵᠢ ᠶᠢ ᠭᠦᠢᠴᠡᠳ ᠠᠰᠢᠬᠯᠠᠨ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ ᠂ ︽ᠭᠤᠷᠪᠠᠨ ᠬᠠᠪᠴᠢᠯ ᠤᠨ e ᠬᠤᠳᠠᠯᠳᠤᠭ᠎ᠠ︾ ᠪᠠ ︽ᠤᠯᠠᠭᠠᠨᠬᠠᠳᠠ ᠶᠢᠨ ᠰᠠᠶᠢᠨ ᠪᠦᠳᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠵᠡᠷᠭᠡ ᠲᠠᠪᠴᠠᠩ ᠳᠤ ᠲᠦᠰᠢᠭᠯᠡᠨ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠵᠢᠴᠢ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠨᠡᠮᠡᠭᠳᠡᠭᠦᠯᠦᠨ᠎ᠡ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠠᠰᠢᠭᠯᠠᠵᠤ᠂ 4.6 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠢᠭᠡᠳᠬᠡᠨ᠂ ᠵᠢᠷᠭᠤᠭᠠᠨ ᠶᠡᠭᠡ ᠲᠥᠷᠥᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 50 ᠲᠥᠷᠥᠯ ᠵᠦᠢᠯ ᠢ ᠲᠥᠰᠦᠪᠯᠡᠨ ᠨᠠᠶᠢᠳᠠᠪᠦᠷᠢᠵᠢᠭᠤᠯᠵᠤ᠂ 807 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠲᠠᠢ ᠬᠥᠮᠦᠰ ᠤᠨ ᠠᠮᠢᠳᠣᠷᠠᠯ ᠤᠨ ᠳᠣᠣᠷ᠎ᠠ ᠪᠠᠲᠤᠯᠠᠭ᠎ᠠ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠨ ᠠᠪᠬᠤ ᠪᠠ ᠶᠠᠳᠠᠭᠤ ᠶᠢ ᠲᠡᠳᠬᠦᠬᠦ ᠦᠯᠡᠭᠦᠦ ᠡᠳ᠋ ᠬᠥᠷᠥᠩᠭᠡ ᠶᠢ ᠴᠢᠯᠦᠭᠡᠳᠠᠢ ᠪᠣᠯᠭᠠᠬᠤ ᠡᠷᠴᠢᠮ ᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠂ 2200 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠯᠢᠨᠳᠦ᠋ᠩ  ᠪᠠᠯᠭᠠᠰᠤ ᠶᠢᠨ ᠵᠡᠭᠦᠨ ᠬᠡᠰᠡᠭ ᠤᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠢ ᠰᠢᠨ᠎ᠡ ᠪᠠᠷ ᠪᠠᠶᠢᠭᠤᠯᠵᠤ᠂ ᠪᠢᠯᠡᠭᠦᠲᠡᠢ ᠪᠠᠯᠭᠠᠰᠤ ᠶᠢᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠪᠠ ᠠᠷᠪᠠᠨ ᠭᠤᠷᠪᠠᠨ ᠣᠪᠣᠭ᠎ᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠭᠠᠵᠠᠷ ᠵᠡᠷᠭᠡ 2 ᠲᠥᠷᠦᠯ ᠵᠦᠢᠯ ᠢ ᠠᠰᠢᠭᠯᠠᠯᠲᠠ ᠳᠤ  ᠣᠷᠤᠭᠤᠯᠤᠨ᠂ 4000 ᠡᠷᠦᠬᠡ ᠶᠢᠨ ᠵᠣᠷᠯᠣᠩ ᠢ ᠦᠭᠡᠷᠡᠴᠢᠯᠡᠨ ᠪᠠᠶᠢᠭᠤᠯᠤᠨ᠎ᠠ᠃ ᠹᠦ᠋ ᠾᠧ ᠪᠠᠯᠭᠠᠰᠤ ᠶᠢᠨ ᠤᠯᠠᠭᠠᠨᠳᠠᠪᠠᠭ᠎ᠠ ᠲᠣᠰᠬᠤᠨ ᠤ 2300 ᠮᠦ ᠭᠠᠵᠠᠷ ᠤᠨ ᠨᠡᠮᠡᠭᠳᠡᠯ ᠬᠠᠰᠤᠬᠳᠠᠯ ᠶᠢ ᠬᠤᠯᠪᠣᠬᠰᠠᠨ ᠳᠦᠷᠦᠯ ᠵᠦᠢᠯ ᠶᠢ ᠪᠦᠬᠦᠨ ᠢ ᠰᠢᠨ᠎ᠡ ᠪᠠᠷ ᠪᠠᠶᠢᠭᠤᠯᠬᠤ ᠵᠢᠴᠢ ᠰᠡᠷᠭᠦᠭᠡᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠦᠨ᠎ᠡ᠃      ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠴᠦ᠂ ᠦᠢᠯᠡᠳᠪᠦᠷᠢᠯᠡᠯ ᠠᠮᠢᠳᠤᠷᠠᠯ ᠠᠮᠢ ᠠᠬᠤᠶ ᠭᠤᠷᠪᠠᠨ ᠶᠡᠭᠡ ᠣᠷᠣᠨ ᠵᠠᠶ ᠶᠢ ᠨᠢᠭᠡᠳᠦᠯᠲᠡᠶ ᠲᠦᠯᠦᠪᠵᠢᠭᠦᠯᠦᠨ᠂ ᠤᠯᠤᠰ ᠤᠨ ᠭᠠᠵᠠᠷ ᠰᠢᠷᠣᠶ ᠶᠢᠨ ᠶᠡᠷᠦᠩᠬᠡᠶ ᠲᠥᠯᠥᠪᠵᠢᠭᠦᠯᠭᠡ ᠶᠢᠨ ᠬᠡᠷᠡᠭᠯᠡᠯᠲᠡ ᠪᠠ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠪᠦᠰᠡ ᠪᠠ ᠬᠤᠲᠠ ᠬᠥᠳᠡᠭᠡ ᠶᠢᠨ ᠴᠢᠳᠠᠮᠵᠢ ᠶᠢᠨ ᠪᠠᠶᠢᠷᠢᠰᠢᠭᠤᠯᠤᠯᠲᠠ᠂ ᠭᠠᠵᠠᠷ ᠰᠢᠷᠣᠶ ᠶᠢᠨ ᠬᠡᠷᠡᠭᠯᠡᠯᠳᠡ ᠶᠢᠨ ᠪᠦᠲᠦᠴᠡ ᠪᠠ ᠡᠯ᠎ᠡ ᠡᠯᠧᠮᠧᠨ᠋ᠲ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ 1.95 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠵᠠᠰᠠᠮᠠᠯ ᠵᠠᠮ ᠤᠨ 7 ᠭᠤᠣᠯᠳᠠᠯᠭ᠎ᠠ ᠲᠠᠢ ᠲᠥᠷᠥᠯ ᠵᠦᠢᠯ ᠢ  ᠨᠠᠶᠢᠳᠠᠪᠦᠷᠢᠵᠢᠭᠤᠯᠵᠤ᠂ ᠪᠦᠬᠦ ᠤᠷᠲᠤ ᠶᠢ 300 ᠺᠢᠯᠣᠮᠧᠲᠷ ᠲᠤ ᠬᠦᠷᠭᠡᠨ᠂ ᠶᠡᠷᠦᠩᠬᠡᠢ ᠪᠡᠯᠡ ᠣᠷᠤᠭᠤᠯᠤᠯᠲᠠ ᠨᠢ 17.6 ᠳ᠋ᠦᠩᠰᠢᠭᠤᠷ ᠲᠥᠭᠦᠷᠢᠭ ᠤᠨ ᠤᠯᠤᠰ ᠤᠨ ᠵᠠᠮ 305 ᠱᠤᠭᠤᠮ ᠤᠨ ᠪᠣᠷᠤᠡᠤᠰᠦ ᠠᠴᠠ ᠯᠢᠨᠳᠦ᠋ᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠵᠢᠯ ᠤᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠳᠤ ᠬᠦᠷᠭᠡᠨ᠎ᠠ᠃ ᠯᠢᠨ ᠪᠠᠢ ᠲᠡᠮᠦᠷ ᠵᠠᠮ ᠤᠨ ᠶᠠᠮᠤᠨ ᠰᠦᠮ᠎ᠡ ᠠᠴᠠ ᠪᠠᠶᠠᠨ᠋ᠠ᠋ᠭᠤᠯᠠ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠯᠢᠨᠳᠦ᠋ᠩ ᠤᠨ ᠭᠠᠯᠲᠤ ᠲᠡᠷᠭᠡᠨ ᠥᠷᠲᠡᠭᠡ ᠶᠢ ᠥᠭᠡᠷᠡᠴᠢᠯᠡᠨ ᠪᠠᠶᠢᠭᠤᠯᠬᠤ ᠪᠠ ᠯᠢᠨᠳᠦ᠋ᠩ ᠤᠨ ᠬᠠᠩᠭᠠᠯᠲᠠ ᠶᠢᠨ ᠥᠷᠲᠡᠭᠡ ᠶᠢᠨ 220 ᠺᠢᠯᠤᠸ᠋ᠲ ᠤᠨ ᠭᠠᠳᠠᠭᠰᠢ ᠴᠠᠬᠢᠯᠭᠠᠨ ᠬᠠᠩᠭᠠᠬᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠣ᠂ ᠱᠠᠩ ᠵᠢᠩ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠠᠶᠠᠯᠠᠯ ᠨᠡᠪᠲᠡᠷᠡᠭᠦᠯᠦᠨ᠎ᠡ᠃      ︵ᠲᠠᠪᠤ︶  ᠬᠤᠪᠢᠷᠠᠯᠲᠠ ᠪᠠᠷ ᠰᠢᠨ᠎ᠡ ᠶᠢ ᠪᠦᠲᠦᠭᠡᠨ᠂ ᠴᠠᠭ ᠦᠶ᠎ᠡ ᠲᠠᠢ ᠵᠡᠷᠭᠡ ᠪᠠᠷ  ᠣᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠬᠦᠴᠦᠨ ᠢ ᠪᠠᠳᠠᠷᠠᠭᠤᠯᠤᠨ᠎ᠠᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠦ᠂ ᠭᠤᠣᠯᠳᠠᠯᠭᠠᠳᠣ ᠦᠢᠯᠡᠰ ᠢ ᠨᠠᠷᠢᠯᠢᠭᠵᠢᠭᠤᠯᠤᠨ᠂ ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠩ ᠵᠢᠩ ᠤᠯᠤᠰ ᠤᠨ ᠥᠮᠴᠢᠯᠡᠯᠲᠦ ᠺᠣᠮᠫᠠᠨᠢ ᠶᠢᠨ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠦᠨ᠂ ᠪᠤᠵᠠᠭᠠᠶᠢᠷᠠᠨ ᠬᠦᠴᠦᠷᠬᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠠᠮᠵᠢᠯᠲᠠ ᠪᠦᠲᠦᠮᠵᠢ ᠶᠢ ᠬᠢᠨᠠᠨ ᠦᠨᠡᠯᠡᠬᠦ ᠡᠷᠴᠢᠮ ᠢᠶᠠᠨ ᠴᠢᠩᠭᠠᠳᠬᠠᠨ᠂ ᠵᠢᠯ ᠤᠨ ᠳᠣᠲᠣᠷ᠎ᠠ 4.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠣᠭᠤᠷᠢᠭ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠵᠡᠷᠭᠡ 20 ᠲᠥᠷᠥᠯ ᠵᠦᠢᠯ ᠶᠢ ᠠᠰᠢᠭᠯᠠᠯᠲᠠ ᠳᠤ ᠣᠷᠤᠭᠤᠯᠵᠤ ᠂ ᠪᠥᠬᠦ ᠵᠢᠯ ᠤᠨ ᠶᠡᠷᠦᠩᠬᠡᠶᠢᠯᠡᠭᠰᠡᠨ ᠡᠵᠡᠩᠨᠡᠯᠲᠡ ᠶᠢᠨ ᠣᠷᠣᠯᠭ᠎ᠠ ᠶᠢ 0.73 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠎ᠠ᠃ ᠹᠦ᠋ ᠽᠧ ᠲᠦᠭᠡᠭᠡᠯ ᠤᠰᠤᠨ ᠤ ᠺᠣᠮᠫᠠᠨᠢ᠂ ᠴᠢᠩ ᠶᠤᠸᠠᠨ ᠪᠣᠬᠢᠷ ᠤᠰᠤ ᠰᠢᠢᠳᠪᠦᠷᠢᠯᠡᠬᠦ ᠭᠠᠵᠠᠷ ᠢ ᠱᠠᠩ ᠵᠢᠩ ᠤᠯᠤᠰ ᠤᠨ ᠦᠮᠴᠢᠯᠡᠯᠲᠦ ᠺᠣᠮᠫᠠᠨᠢ ᠶᠢᠨ ᠬᠠᠮᠢᠶᠠᠷᠤᠯᠲᠠ ᠶᠢᠨ ᠬᠦᠷᠢᠶᠡᠨ ᠳᠤ ᠣᠷᠣᠭᠤᠯᠣᠨ᠎ᠠ᠃ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠠᠵᠢᠯ ᠢ ᠠᠬᠢᠭᠤᠯᠵᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠲᠠᠯᠠᠪᠠᠶ ᠶᠢ 1.6 ᠲᠦᠮᠡᠨ ᠮᠥ ᠪᠠ ᠲᠠᠷᠢᠶᠠᠯᠠᠩ ᠤᠨ ᠮᠠᠰᠢᠨᠴᠢᠯᠠᠯᠲᠠ ᠶᠢᠨ ᠲᠠᠯᠠᠪᠠᠶ ᠶᠢ 4.1 ᠲᠦᠮᠡᠨ ᠮᠥ ᠰᠢᠨ᠎ᠡ ᠪᠠᠷ  ᠨᠡᠮᠡᠭᠳᠡᠭᠦᠯᠦᠨ᠂ ᠯᠢᠨᠳᠦ᠋ᠩ ᠪᠠᠯᠭᠠᠰᠤ᠂ ᠪᠢᠯᠡᠭᠦᠲᠡᠢ ᠪᠠᠯᠭᠠᠰᠤ ᠵᠡᠷᠭᠡ 6 ᠰᠤᠮᠤ ᠰᠢᠶᠠᠩ ᠪᠠᠯᠭᠠᠰᠤ ᠶᠢᠨ ᠬᠤᠲᠠ ᠶᠢᠨ ᠳᠡᠰ ᠤᠨ ᠰᠢᠯᠭᠠᠨ ᠪᠠᠶᠢᠴᠠᠭᠠᠯᠲᠠ ᠶᠢ ᠦᠩᠭᠡᠷᠡᠬᠦ ᠶᠢ ᠪᠠᠲᠤᠯᠠᠨ᠎ᠠ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠮᠤ ᠪᠠᠯᠭᠠᠰᠤᠨ ᠤ ᠲᠡᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠴᠠᠭ᠎ᠠ ᠶᠢ 35 ᠶᠢ ᠰᠢᠨ᠎ᠡ ᠪᠠᠷ ᠲᠣᠭᠲᠠᠭᠠᠵᠤ᠂ ︽ᠲᠠᠪᠤᠨ ᠶᠡᠭᠡ ᠬᠤᠷᠰᠢᠶᠠᠵᠢᠯ︾ ᠢ 175 ᠪᠠᠶᠢᠭᠤᠯᠤᠨ᠂ 1.5 ᠲᠦᠮᠡᠨ ᠮᠤ᠋ ᠭᠠᠵᠠᠷ ᠰᠢᠷᠣᠢ ᠶᠢ ᠳᠠᠬᠢᠨ ᠠᠰᠢᠬᠯᠠᠵᠤ᠂ 4 ᠲᠦᠮᠡᠨ ᠮᠤ᠋ ᠭᠠᠵᠠᠷ ᠰᠢᠷᠣᠢ ᠶᠢ ᠲᠥᠪᠯᠡᠷᠡᠭᠦᠯᠦᠨ  ᠰᠢᠯᠵᠢᠭᠦᠯᠵᠦ ᠂ 7500 ᠭᠠᠷᠤᠢ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ 1500 ᠲᠦᠮᠡᠨ ᠲᠥᠭᠦᠷᠢᠭ ᠠᠴᠠ ᠳᠡᠭᠡᠭᠰᠢ ᠣᠷᠣᠯᠭ᠎ᠠ ᠡᠭᠦᠳᠴᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 240 ᠲᠦᠮᠡᠨ ᠲᠥᠭᠦᠷᠢᠭ ᠠᠴᠠ ᠳᠡᠭᠡᠭᠰᠢ ᠪᠣᠯᠭᠠᠨ᠎ᠠ᠃      ᠰᠢᠨ᠎ᠡ ᠶᠢ ᠡᠭᠦᠳᠬᠦ ᠬᠥᠭᠵᠢᠯᠲᠡ ᠶᠢᠨ ᠡᠷᠴᠢᠮ ᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠠᠵᠢᠯᠯᠠᠭ᠎ᠠ ᠶᠢ  ᠭᠦᠨᠵᠡᠭᠡᠶᠢᠷᠡᠭᠦᠯᠦᠨ᠂ ᠪᠦᠬᠦ ᠨᠡᠶᠢᠭᠡᠮ ᠤᠨ ᠰᠢᠨᠵᠢᠯᠡᠬᠦ ᠮᠡᠷᠭᠡᠵᠢᠯ ᠤᠨ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠬᠠᠷᠢᠴᠠᠯ ᠢ 25% ᠠᠴᠠ ᠳᠡᠭᠡᠭᠰᠢ ᠪᠣᠯᠭᠠᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ ᠤᠨ ︽ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠥᠷᠨᠢᠭᠦᠯᠵᠦ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 1 ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ  ᠪᠠᠭ᠎ᠠ ᠠᠵᠤ ᠠᠬᠤᠶᠢᠯᠠᠯ ᠢ 6 ᠠᠴᠠ ᠳᠡᠭᠡᠭᠰᠢ ᠳᠠᠩᠰᠠᠯᠠᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠳᠦᠮᠵᠢ ᠶᠢ ᠤᠯᠠᠷᠢᠭᠤᠯᠬᠤ ᠡᠷᠴᠢᠮ ᠢᠶᠠᠨ ᠴᠢᠩᠭᠠᠳᠬᠠᠨ᠂ ᠬᠤᠲᠠ ᠶᠢᠨ ᠳᠡᠰ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ 2 ᠢ ᠰᠢᠨ᠎ᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ 2 ᠠᠴᠠ ᠳᠡᠭᠡᠭᠰᠢ ᠨᠠᠶᠢᠳᠠᠪᠦᠷᠢᠵᠢᠭᠤᠯᠤᠨ᠎ᠠ᠃ ᠴᠢᠳᠠᠪᠤᠷᠢᠲᠠᠨ ᠢ ︽ᠬᠦᠮᠦᠵᠢᠭᠦᠯᠵᠤ ᠦᠯᠡᠳᠡᠭᠡᠬᠦ︾ ᠠᠵᠢᠯ ᠤᠨ ᠡᠷᠴᠢᠮ ᠢᠶᠠᠨ ᠴᠢᠩᠭᠠᠳᠬᠠᠵᠤ᠂ ᠰᠤᠷᠭᠠᠭᠤᠯᠢ ᠪᠠ ᠠᠵᠤ ᠠᠬᠤᠶᠢᠯᠠᠯ  ᠬᠠᠮᠲᠤᠷᠠᠯᠴᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠵᠤ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ᠂ ᠬᠤᠲᠠ ᠶᠢᠨ ᠪᠥᠲᠥᠭᠡᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠢ ᠡᠭᠦᠳᠦᠨ ᠪᠠᠶᠢᠭᠤᠯᠬᠤ ᠳᠤᠮᠳᠠ ᠬᠤᠭᠤᠴᠠᠭᠠᠨ ᠤ ᠬᠠᠷᠠᠯᠳᠠᠳᠣ ᠡᠭᠦᠷᠭᠡ ᠶᠢ ᠪᠡᠶᠡᠯᠡᠭᠦᠯᠦᠨ᠎ᠡ᠃      ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠦᠨ᠎ᠡ᠃ ᠤᠯᠤᠰ ᠲᠥᠷᠥ ᠶᠢᠨ ᠠᠮᠢ ᠠᠬᠤᠶ ᠪᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠵᠡᠷᠭᠡ ᠪᠠᠷ ᠠᠳᠬᠤᠨ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ︽ᠠᠷᠪᠠ ᠦᠭᠡᠢ︾ ᠦᠨᠳᠦᠰᠦᠨ ᠱᠠᠭᠠᠷᠳᠠᠯᠭ᠎ᠠ ᠶᠢ ᠪᠡᠶᠡᠯᠡᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢᠶᠠᠷ ᠴᠢᠨᠠᠷ ᠰᠠᠶᠢᠲᠠᠶ ᠦᠢᠯᠡᠳᠪᠦᠷᠢᠯᠡᠯ ᠤᠨ ᠡᠯᠧᠮᠧᠨ᠋ᠲ ᠢ ᠲᠥᠪᠯᠡᠷᠡᠭᠦᠯᠦᠨ ᠠᠭᠤᠰᠤᠯᠴᠠᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ  ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠠᠵᠢᠯ ᠤᠨ ᠬᠦᠷᠢᠶ᠎ᠡ ᠬᠡᠪᠴᠢᠶ᠎ᠡ ᠶᠢ ᠦᠷᠭᠡᠳᠬᠡᠵᠤ᠂ ᠵᠢᠯ ᠤᠨ ᠳᠣᠲᠣᠷ᠎ᠠ 243 ᠵᠦᠢᠯ ᠤᠨ ︽ᠦᠨᠡᠮᠯᠡᠯ ᠠᠪᠬᠤ ᠥᠬᠡᠶ ᠪᠠᠷ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠰᠢᠨ᠎ᠡ ᠪᠠᠷ ᠨᠡᠮᠡᠭᠳᠡᠭᠦᠯᠦᠨ᠂  ᠪᠣᠯᠵᠤᠭ᠎ᠠ ᠲᠣᠭᠲᠠᠨ ᠬᠡᠷ ᠲᠤᠨᠢ ᠬᠦᠷᠴᠦ ᠦᠢᠯᠡᠴᠢᠯᠡᠬᠦ ᠵᠦᠢᠯᠡᠰ ᠢ 40 ᠠᠴᠠ ᠳᠡᠭᠡᠭᠰᠢ ᠨᠡᠮᠡᠭᠳᠡᠭᠦᠯᠦᠨ᠎ᠡ᠃ ᠣᠷᠣᠨ ᠪᠦᠰᠡ ᠶᠢᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠶᠡᠷᠦᠩᠬᠡᠶᠢᠯᠡᠨ ᠦᠨᠡᠯᠡᠵᠤ᠂ 44 ᠰᠠᠯᠠᠭ᠎ᠠ ᠮᠥᠴᠢᠷ ᠤᠨ 1480 ᠵᠦᠢᠯ ᠤᠨ ᠦᠢᠯᠡᠴᠢᠯᠡᠭᠡᠨ ᠤ ᠲᠠᠩᠬᠢᠮ ᠳᠤ ᠣᠷᠣᠭᠤᠯᠬᠤ  ᠦᠢᠯᠡᠴᠢᠯᠡᠭᠡᠨ ᠤ ᠵᠦᠢᠯᠡᠰ ᠢ ᠲᠣᠬᠢᠷᠠᠭᠤᠯᠵᠤ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ᠦᠢᠯᠡᠴᠢᠯᠡᠭᠡᠨ ᠤ ᠵᠦᠢᠯ ᠢ  ᠬᠢᠨᠠᠨ ᠦᠨᠡᠯᠡᠬᠦ ᠠᠵᠢᠯ ᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠣᠨ᠎ᠠ᠃ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠢᠯᠤᠭᠤᠳᠬᠠᠵᠤ᠂ ᠪᠠᠷᠢᠮᠵᠢᠶᠠᠵᠢᠭᠰᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠪᠠᠶᠢᠭᠤᠯᠤᠨ᠂ ᠦᠢᠯᠡᠴᠢᠯᠡᠬᠦ ᠡᠲᠡᠭᠡᠳ ᠤᠨ ︽ᠦᠨᠡᠯᠡᠯᠲᠡ︾ ᠶᠢ ᠬᠠᠷᠢᠭᠤ ᠲᠤᠰᠬᠠᠬᠤ ᠠᠷᠭ᠎ᠠ ᠵᠠᠮ ᠢ ᠦᠷᠭᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ︵ᠵᠢᠷᠭᠤᠭ᠎ᠠ︶ ᠬᠥᠮᠦᠨ ᠢᠶᠠᠷ ᠦᠨᠳᠦᠰᠦ ᠪᠣᠯᠭᠠᠨ᠂ ᠬᠤᠷᠢᠭ᠎ᠠ ᠱᠤᠭᠤᠮ ᠢ ᠰᠠᠬᠢᠵᠤ᠂ ᠠᠷᠠᠳ ᠤᠨ ᠠᠮᠢᠳᠤᠷᠠᠯ ᠤᠨ  ᠬᠦᠭᠵᠢᠯᠲᠡ ᠶᠢᠨ ᠰᠢᠨ᠎ᠡ ᠱᠠᠭᠠᠷᠳᠠᠯᠭ᠎ᠠ ᠶᠢ ᠬᠠᠩᠭᠠᠨ᠎ᠠ     ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠢ ᠠᠬᠢᠭᠤᠯᠤᠨ᠎ᠠ᠃ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠦᠷᠢᠵᠢᠭᠤᠯᠵᠤ᠂ ᠠᠷᠰᠠᠷ ᠠᠵᠢᠯ ᠤᠨ ᠵᠠᠬ᠎ᠠ ᠵᠡᠷᠭᠡ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ  ᠪᠠᠳᠠᠷᠠᠭᠤᠯᠤᠨ᠂ ᠡᠯ᠎ᠡ ᠲᠥᠷᠥᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ 4 ᠲᠦᠮᠡᠨ ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠵᠦ᠂ ᠬᠤᠲᠠ ᠪᠠᠯᠭᠠᠰᠤ ᠶᠢᠨ 1000 ᠢᠯᠡᠭᠦᠦ ᠬᠥᠮᠦᠨ ᠳᠤ ᠰᠢᠨ᠎ᠡ ᠪᠠᠷ ᠠᠵᠢᠯ ᠣᠯᠭᠤᠨ᠂ 5 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠳ ᠲᠤ ᠲᠠᠬᠢᠨ ᠠᠵᠢᠯ ᠣᠯᠭᠤᠨ᠎ᠠ᠃ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠨ᠂ ᠦᠢᠯᠡᠰ ᠪᠤᠰᠬᠠᠬᠤ ᠶᠢ  ᠢᠳᠡᠪᠬᠢᠲᠡᠢ ᠳᠡᠮᠵᠢᠨ ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢ 770 ᠲᠦᠮᠡᠨ ᠲᠥᠭᠦᠷᠢᠭ ᠠᠴᠠ ᠳᠡᠭᠡᠭᠰᠢ ᠲᠠᠷᠬᠠᠭᠠᠨ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠪᠠ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠬᠦᠮᠦᠰ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠤᠨ ᠨᠡᠮᠡᠭᠳᠡᠯ ᠢ ᠪᠦᠲᠦᠮᠵᠢᠲᠡᠢ ᠥᠷᠭᠡᠳᠬᠡᠵᠦ᠂ ᠴᠠᠯᠢᠩ ᠤᠨ ᠴᠢᠨᠠᠷᠲᠠᠢ ᠣᠷᠣᠯᠭ᠎ᠠ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠵᠢᠴᠢ ᠡᠳ᠋ ᠬᠦᠷᠦᠩᠭᠡ ᠶᠢᠨ ᠴᠢᠨᠠᠷᠲᠠᠢ ᠣᠷᠣᠯᠭ᠎ᠠ ᠶᠢᠨ  ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠦᠯᠦᠪᠯᠡᠭᠡ ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠬᠤ ᠨᠣᠷᠮ᠎ᠠ ᠶᠢ ᠲᠣᠰ ᠲᠣᠰ 95% ᠪᠠ 90% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃  ᠳᠣᠣᠷ᠎ᠠ ᠣᠷᠤᠯᠭ᠎ᠠ ᠲᠠᠢ ᠬᠥᠮᠦᠨ ᠠᠮᠠ ᠶᠢ ᠪᠠᠶᠢᠩᠭᠤᠵᠢᠭᠤᠯᠤᠨ ᠮᠠᠭᠠᠳᠯᠠᠨ ᠳᠣᠬᠳᠠᠭᠠᠬᠤ ᠪᠠ ᠠᠪᠤᠷᠠᠨ ᠲᠤᠰᠠᠯᠠᠬᠤ ᠳᠣᠬᠳᠠᠯᠴᠠᠭ᠎ᠠ ᠶᠢ ᠲᠡᠭᠦᠯᠳᠡᠷᠵᠢᠭᠦᠯᠵᠦ᠂ ᠠᠮᠢᠳᠤᠷᠠᠯ ᠬᠦᠴᠢᠷᠳᠠᠢ ᠣᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠦᠷᠢᠶᠡᠨ ᠳᠤ ᠣᠷᠣᠭᠤᠯᠵᠣ᠂ ᠨᠥᠬᠦᠴᠡᠯ ᠳᠤ ᠨᠡᠶᠢᠴᠡᠬᠦ ᠣᠨᠴᠠ ᠬᠦᠴᠢᠷᠲᠡᠶ ᠬᠤᠲᠠ ᠶᠢᠨ ᠰᠠᠭᠤᠭᠠᠯᠢ ᠠᠷᠠᠳ ᠤᠨ ᠳᠠᠭᠠᠳᠬᠠᠯ ᠢ ᠣᠷᠣᠯᠠᠨ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠬᠢᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠳᠣᠣᠷ᠎ᠠ ᠣᠷᠤᠯᠭ᠎ᠠ ᠲᠠᠢ ᠬᠥᠮᠦᠨ ᠠᠮᠠ ᠶᠢ ᠮᠠᠭᠠᠳᠯᠠᠨ ᠲᠣᠭᠲᠠᠭᠠᠵᠤ ᠠᠪᠤᠷᠠᠨ ᠲᠤᠰᠠᠯᠠᠬᠤ ᠵᠠᠭᠪᠤᠷ ᠢ ᠪᠦᠷᠢᠯᠳᠦᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠡᠷᠡᠭᠦᠯ ᠰᠣᠪᠢᠯᠠᠯᠳᠠ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠡᠮᠴᠢᠯᠡᠭᠡ ᠪᠠ ᠰᠣᠪᠢᠯᠠᠯᠳᠠ ᠶᠢ ᠤᠶᠠᠯᠳᠤᠭᠤᠯᠤᠭᠰᠠᠨ ᠤᠯᠠᠨ ᠡᠰᠢᠵᠢᠭᠰᠡᠨ ᠠᠰᠠᠷᠠᠮᠵᠢ ᠶᠢᠨ ᠦᠢᠯᠡᠴᠢᠯᠡᠭᠡᠨ ᠢ ᠳᠡᠯᠭᠡᠷᠡᠭᠦᠯᠵᠦ᠂ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠰᠣᠪᠢᠯᠠᠯᠳᠠ ᠶᠢᠨ ᠲᠥᠪ  ᠤᠨ ᠲᠥᠷᠥᠯ ᠵᠦᠢᠯ ᠢ ᠨᠠᠶᠢᠳᠠᠪᠦᠷᠢᠵᠢᠭᠤᠯᠤᠨ᠂ 14 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠥᠬᠦ ᠲᠠᠯ᠎ᠠ ᠪᠠᠷ ᠲᠡᠰ ᠳᠡᠪᠰᠢᠭᠦᠯᠦᠨ᠎ᠡ᠃ ᠡᠮᠡᠭᠲᠡᠶᠢᠴᠦᠳ᠂ ᠨᠠᠰᠤᠨ ᠳᠤ ᠥᠯᠥ ᠬᠦᠷᠦᠭᠰᠡᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠬᠤ ᠪᠠᠲᠤᠯᠠᠭᠠᠲᠤ ᠦᠢᠯᠡᠴᠢᠯᠡᠭᠡᠨ ᠢ ᠲᠡᠭᠦᠯᠳᠡᠷᠵᠢᠭᠦᠯᠦᠨ᠎ᠡ᠃ ᠲᠢᠶᠠᠨ ᠢ ᠵᠢᠩ ᠶᠤᠸᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠩᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠭᠤᠷᠪᠠᠨ ᠳᠠᠭᠠᠤ ᠳᠣᠯᠣᠭᠠᠨ ᠣᠷᠤᠨ︾ ᠤ ᠳᠦᠷᠢᠮ ᠠᠴᠠ ᠵᠥᠷᠢᠴᠡᠭᠰᠡᠨ ᠣᠩᠭᠤᠨ ᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠡᠷᠦᠬᠡ ᠶᠢᠨ ᠴᠡᠷᠢᠭ ᠤᠨ ᠪᠣᠯᠪᠠᠰᠤᠷᠠᠯ᠂ ᠤᠯᠤᠰ ᠤᠨ ᠪᠠᠲᠤᠯᠠᠨ ᠬᠠᠮᠠᠭᠠᠯᠠᠯᠲᠠ᠂ ᠠᠪᠤᠷᠠᠨ ᠲᠤᠰᠠᠯᠠᠵᠤ ᠭᠠᠮᠰᠢᠭ ᠠᠴᠠ ᠠᠪᠤᠷᠬᠠᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠲᠠᠪᠤᠨ ᠵᠢᠯ ᠳᠠᠷᠠᠭᠠᠯᠠᠨ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃       ᠠᠷᠠᠳ ᠲᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠬᠢᠯᠡᠨ᠎ᠡ᠃ 3800 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠯᠢᠨᠳᠦ᠋ᠩ ᠤᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ ᠯᠢᠨᠳᠦ᠋ᠩ ᠤᠨ ᠨᠠᠢᠮᠠᠳᠣᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠰᠤᠭ ᠵᠢᠴᠢ ᠲᠤᠰᠬᠠᠶ ᠬᠢᠴᠢᠶᠡᠯ ᠤᠨ ᠲᠠᠩᠬᠢᠮ ᠢ ᠡᠭᠦᠰᠬᠡᠨ ᠪᠠᠶᠢᠭᠤᠯᠤᠨ᠎ᠠ᠃ 566 ᠨᠡᠷ᠎ᠡ ᠪᠠᠭᠰᠢ ᠶᠢᠨ ︽ᠠᠵᠢᠯ ᠤᠨ ᠪᠠᠶᠢᠷᠢ ᠪᠠ ᠣᠷᠣᠨ ᠲᠤᠭ᠎ᠠ ᠰᠠᠯᠤᠩᠬᠢᠷᠠᠭᠰᠠᠨ︾ ᠠᠰᠠᠭᠤᠳᠠᠯ ᠢ ᠰᠢᠢᠳᠪᠦᠷᠢᠯᠡᠵᠦ᠂ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠬᠦ ᠡᠷᠴᠢᠮ ᠢᠶᠠᠨ ᠴᠢᠩᠭᠠᠳᠬᠠᠨ᠂ ᠳᠣᠰ ᠵᠢᠯ ᠳᠤ 35 ᠨᠠᠰᠤᠨ ᠠᠴᠠ ᠳᠣᠷᠣᠭᠰᠢᠬᠢ ᠵᠠᠯᠠᠭᠤ ᠪᠠᠭᠰᠢ ᠶᠢ 81 ᠨᠡᠷ᠎ᠡ ᠡᠯᠰᠡᠨ᠎ᠡ᠃ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠴᠢᠩᠭᠠᠳᠬᠠᠵᠤ᠂ 100 ᠭᠠᠷᠤᠢ ᠪᠠᠭᠰᠢ ᠶᠢ ᠰᠣᠩᠭᠤᠨ ᠪᠡᠭᠡᠵᠢᠩ ᠳᠤ ᠬᠦᠷᠴᠦ ᠪᠣᠯᠪᠠᠰᠣᠷᠠᠯ ᠬᠦᠷᠳᠡᠭᠡᠵᠤ᠂ ᠳᠣᠰ ᠵᠢᠯ ᠳᠤ ᠳᠠᠭᠠᠭᠤᠯᠤᠭᠴᠢ ᠪᠠᠭᠰᠢ 40 ᠨᠡᠷᠡᠰ᠂ ᠵᠢᠭᠠᠨ ᠰᠤᠷᠭᠠᠬᠤ ᠴᠢᠳᠠᠪᠤᠷᠢᠲᠠᠨ 80 ᠨᠡᠷᠡᠰ᠂ ᠭᠤᠣᠯᠯᠠᠭᠴᠢ ᠪᠠᠭᠰᠢ 140 ᠨᠡᠷᠡᠰ ᠢ ᠬᠥᠮᠦᠵᠢᠭᠦᠯᠦᠨ᠎ᠡ᠃ ᠪᠥᠬᠦ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠬᠡᠵᠤ ᠰᠢᠨ᠎ᠡ ᠶᠢ ᠡᠭᠦᠳᠦᠨ᠂ ᠠᠳᠠᠯᠢ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠦᠨᠳᠡᠯᠡᠨ ᠬᠤᠯᠪᠤᠭᠠᠯᠠᠯ ᠪᠣᠯᠤᠨ ᠪᠠᠭ᠎ᠠ ᠰᠤᠷᠭᠠᠭᠤᠯᠢ᠂ ᠠᠩᠬ᠎ᠠ ᠳᠤᠮᠳᠠᠳᠤ ᠵᠢᠴᠢ ᠥᠨᠳᠥᠷ ᠳᠤᠮᠳᠠᠳᠤ ᠶᠢᠨ ᠭᠤᠯᠳᠤ ᠨᠡᠪᠲᠡᠷᠡᠯᠴᠡᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠯᠢᠨᠳᠦ᠋ᠩ ᠤᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ︽ᠵᠢᠩ ᠯᠦᠨ ᠲᠤᠷᠰᠢᠯᠲᠠ ᠶᠢᠨ ᠠᠩᠭᠢ︾ ᠶᠢᠨ ᠵᠢᠭᠠᠨ ᠰᠤᠷᠭᠠᠯᠲᠠ ᠶᠢᠨ ᠬᠡᠪ ᠵᠠᠭᠪᠤᠷ ᠢ ᠭᠦᠨᠵᠡᠭᠡᠶᠢᠷᠡᠭᠦᠯᠵᠦ᠂ ᠪᠡᠭᠡᠵᠢᠩ ᠤᠨ ᠴᠧᠨ ᠵᠢᠩ ᠯᠦᠨ ᠳᠤᠮᠳᠠᠳᠤ ᠰᠤᠷᠭᠠᠭᠤᠯᠢ ᠪᠠ ᠨᠠᠨ ᠺᠠᠢ ᠶᠡᠭᠡ ᠰᠤᠷᠭᠠᠭᠤᠯᠢ ᠶᠢᠨ ᠹᠢᠽᠢᠺ ᠤᠨ ᠳᠡᠭᠡᠳᠦ ᠰᠤᠷᠭᠠᠭᠤᠯᠢ ᠲᠠᠢ ᠬᠠᠮᠲᠤᠷᠠᠨ᠂ ︽ᠬᠤᠤᠰ ᠪᠠᠭᠰᠢ ᠶᠢᠨ ᠬᠢᠴᠢᠶᠡᠯ ᠤᠨ ᠲᠠᠩᠬᠢᠮ︾᠂ ᠵᠢᠯᠣᠭᠤᠳᠣᠭᠴᠢ ᠪᠠᠭᠰᠢ ᠶᠢᠨ ᠳᠦᠷᠢᠮᠲᠦ ᠵᠢᠯᠣᠭᠤᠳᠣᠯᠭ᠎ᠠ ᠪᠠ ᠳᠠᠭᠤᠷᠢᠶᠠᠮᠠᠯ ᠵᠢᠭᠠᠨ ᠰᠤᠷᠭᠠᠯᠲᠠ ᠶᠢ ᠥᠷᠨᠢᠭᠦᠯᠵᠦ᠂ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ︽ᠬᠤᠤᠰ ᠣᠳᠣᠨ︾ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠦᠷ᠎ᠡ  ᠪᠦᠳᠦᠮᠵᠢ ᠶᠢ  ᠪᠦᠬᠦ ᠲᠠᠯ᠎ᠠ ᠪᠠᠷ ᠪᠠᠬᠢᠵᠢᠭᠦᠯᠦᠨ᠎ᠡ᠃ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠣᠨᠣᠰᠢ᠊      ‍ᠯᠠᠨ ᠡᠮᠨᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠵᠣᠬᠢᠴᠠᠮᠵᠢ ᠶᠢ ᠲᠡᠭᠦᠯᠳᠡᠷᠵᠢᠭᠦᠯᠦᠨ᠂ ᠳᠣᠰ ᠵᠢᠯ ᠳᠤ ᠦᠨᠳᠦᠰᠦᠨ ᠱᠠᠲᠤᠨ ᠤ 23  ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠤᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠨ᠎ᠠ᠃ ︽ᠰᠢᠯᠢᠳᠡᠭ ᠦᠢᠯᠡᠴᠢᠯᠡᠭᠡᠨ ᠤ ᠦᠨᠳᠦᠰᠦᠨ ᠱᠠᠲᠤᠨ ᠳᠠᠬᠢ ᠠᠶᠠᠯᠠᠯ︾ ᠤᠨ ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂ ᠤᠯᠤᠰ ᠤᠨ ᠪᠠᠷᠢᠮᠵᠢᠶᠠᠲᠤ ᠡᠷᠡᠭᠦᠯ ᠬᠠᠮᠠᠭᠠᠯᠠᠯ ᠤᠨ ᠬᠤᠷᠢᠶ᠎ᠠ 10 ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡᠨ ᠤ ᠲᠥᠪ ᠢ 2 ᠠᠴᠠ ᠳᠡᠭᠡᠭᠰᠢ ᠪᠣᠯᠭᠠᠨ᠎ᠠ᠃ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠬᠦᠭᠵᠢᠭᠦᠯᠵᠦ ᠰᠢᠨ᠎ᠡ ᠶᠢ ᠡᠭᠦᠳᠦᠨ᠂ ᠬᠤᠲᠠ ᠶᠢᠨ ᠳᠡᠰ ᠠᠴᠠ ᠳᠡᠭᠡᠭᠰᠢᠬᠢ ᠬᠢᠲᠠᠳ ᠮᠣᠩᠭᠤᠯ ᠡᠮᠨᠡᠯᠭᠡ ᠶᠢᠨ ᠭᠤᠣᠯᠳᠠᠯᠭ᠎ᠠ ᠲᠠᠢ ᠰᠠᠯᠠᠭ᠎ᠠ 4 ᠶᠢ ᠪᠠᠶᠢᠭᠤᠯᠵᠤ᠂ ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠡᠷᠡᠭᠦᠯ ᠡᠩᠬᠡ ᠵᠡᠭᠦᠨ ᠬᠤᠰᠢᠭᠤᠨ ᠤ ᠠᠵᠢᠯᠯᠠᠭ᠎ᠠ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠨ ᠪᠠᠶᠢᠭᠤᠯᠬᠤ ᠡᠭᠦᠷᠭᠡ ᠶᠢ ᠵᠢᠯ ᠤᠨ ᠳᠣᠳᠣᠷ᠎ᠠ ᠪᠡᠶᠡᠯᠡᠭᠦᠯᠦᠨ᠎ᠡ᠃ ᠬᠤᠰᠢᠭᠤ ᠡᠮᠨᠡᠯᠭᠡ ᠶᠢᠨ ᠬᠤᠷᠢᠶᠠᠨ ᠤ ᠴᠢᠰᠤ ᠪᠠᠶᠢᠴᠠᠭᠠᠬᠤ ᠲᠠᠰᠤᠭ ᠤᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤ  ᠰᠤᠮᠤ ᠬᠤᠶᠠᠷ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪᠰᠢᠨ ᠢ ᠰᠠᠶᠢᠵᠢᠷᠠᠭᠤᠯᠤᠨ᠂ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠠᠪᠤᠷᠠᠨ ᠵᠠᠰᠠᠬᠤ ᠴᠢᠳᠠᠪᠦᠷᠢ ᠶᠢ ᠳᠡᠭᠡᠭᠰᠢᠯᠡᠭᠦᠯᠵᠦ᠂ ︽ᠪᠠᠭ᠎ᠠ ᠡᠪᠡᠳᠴᠢᠨ ᠢ ᠰᠤᠮᠤ ᠪᠠᠯᠭᠠᠰᠤ ᠶᠢᠨ ᠡᠮᠨᠡᠯᠭᠡ ᠳᠤ ᠵᠠᠰᠠᠬᠤ᠂ ᠬᠦᠨᠳᠦ ᠡᠪᠡᠳᠴᠢᠨ ᠢ ᠬᠤᠰᠢᠭᠤᠨ ᠳᠤ ᠡᠮᠴᠢᠯᠡᠭᠦᠯᠬᠦ︾ ᠬᠠᠷᠠᠯᠲᠠ ᠶᠢ ᠪᠡᠶᠡᠯᠡᠭᠦᠯᠦᠨ᠎ᠡ᠃      ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠵᠤ᠂ ᠣᠯᠠᠨ ᠲᠦᠮᠡᠨᠴᠢ ᠰᠣᠶᠣᠯ ᠤᠷᠠᠯᠢᠭ ᠤᠨ ᠡᠭᠦᠳᠦᠨ ᠪᠦᠲᠦᠭᠡᠬᠦ ᠰᠤᠳᠤᠯᠭᠠᠨ ᠤ ᠲᠥᠪ ᠢ ᠪᠠᠶᠢᠭᠤᠯᠤᠨ᠂ ︽ᠪᠠᠭᠠᠷᠢᠨ ᠠᠷᠠᠳ ᠤᠨ ᠳᠠᠭᠤᠤ︾ ᠶᠢ ᠡᠮᠬᠢᠯᠡᠨ ᠨᠡᠶᠢᠷᠠᠭᠤᠯᠵᠤ᠂ ᠨᠣᠮ ᠤᠨ ᠰᠠᠩ ᠤᠨ ᠨᠣᠮ ᠢ 12 ᠲᠦᠮᠨ ᠬᠦᠷᠭᠡᠨ᠎ᠡ᠃ ᠠᠭᠤᠳᠠᠮ ᠲᠠᠯᠠᠪᠠᠶ ᠶᠢᠨ ᠪᠥᠵᠢᠭ᠂ ᠬᠦᠭᠵᠢᠮᠴᠢᠨ ᠵᠡᠷᠭᠡ ᠰᠣᠶᠣᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠢ ᠦᠷᠨᠢᠭᠦᠯᠦᠨ᠂ ᠵᠢᠯ ᠤᠨ ᠳᠣᠲᠣᠷ᠎ᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠠᠢ ᠤᠳᠠᠭ᠎ᠠ ᠠᠴᠠ ᠳᠡᠭᠡᠭᠰᠢ ᠡᠷᠬᠢᠯᠡᠨ ᠶᠠᠪᠤᠬᠳᠠᠭᠤᠯᠤᠨ᠎ᠠ᠃ ᠬᠤᠶᠠᠳᠤᠭᠠᠷ ᠬᠤᠭᠤᠴᠠᠭᠠᠨ ᠤ ᠬᠠᠭᠠᠰ ᠵᠠᠶᠢᠲᠤ ᠮᠠᠷᠠᠽᠤᠨ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠴᠠᠭᠠᠰᠤᠨ ᠰᠢᠪᠠᠭᠤ ᠶᠢᠨ ᠨᠠᠶᠢᠷ᠂ ᠣᠯᠠᠨ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠢᠯᠭ᠎ᠠ ᠶᠢᠨ ᠤᠷᠤᠯᠳᠤᠭᠠᠨ᠂ ᠳᠥᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢ ᠵᠡᠷᠭᠡ ᠨᠠᠷᠠᠲᠤ ᠳᠡᠮᠳᠡᠭ ᠤᠨ ᠤᠷᠤᠯᠳᠤᠭᠠᠨ ᠪᠠ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠡᠨ ᠶᠠᠪᠤᠬᠳᠠᠭᠤᠯᠤᠨ᠎ᠠ᠃ ᠯᠢᠶᠣᠤ  ᠶᠢᠨ ᠳᠡᠭᠡᠳᠦᠰ ᠤᠨ ᠣᠩᠭᠤᠨ ᠤ ᠬᠦᠬᠡ ᠳᠣᠭᠤᠶᠢᠯᠠᠩ ᠤᠨ ᠪᠠᠷᠢᠯᠭ᠎ᠠ ᠶᠢᠨ ᠰᠠᠭᠤᠷᠢ ᠶᠢ ᠬᠠᠮᠠᠭᠠᠯᠠᠬᠤ ᠪᠠ ᠳᠡᠯᠭᠡᠨ ᠦᠵᠡᠭᠦᠯᠬᠦ᠂ ᠬᠢᠯᠤᠪᠡᠷ ᠵᠤᠤ ᠰᠦᠮ᠎ᠡ ᠶᠢᠨ ᠴᠢᠯᠠᠭᠤᠨ ᠠᠭᠤᠶ ᠶᠢ ᠰᠡᠯᠪᠢᠨ ᠵᠠᠰᠠᠬᠤ᠂ ᠯᠢᠶᠣᠤ ᠶᠢᠨ ᠳᠡᠭᠡᠳᠦ ᠨᠡᠶᠢᠰᠯᠡᠯ  ᠤᠨ ᠮᠦᠽᠧᠶ ᠶᠢᠨ ᠳᠣᠭᠠᠴᠢᠯᠠᠬᠰᠠᠨ ᠪᠥᠳᠥᠭᠡᠨ ᠪᠠᠶᠢᠭᠤᠯᠤᠯᠲᠠ ᠵᠢᠴᠢ ᠬᠦᠬᠦᠭᠡ ᠭᠤᠤ ᠶᠢᠨ ᠠᠮᠠ ᠶᠢᠨ ᠪᠠᠭᠤᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠪᠠᠷᠢᠯᠭ᠎ᠠ ᠶᠢᠨ ᠲᠥᠷᠥᠯ ᠵᠦᠢᠯ ᠢ ᠠᠬᠢᠭᠤᠯᠵᠤ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ  ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ  ᠢ ᠰᠠᠶᠢᠲᠤᠷ ᠬᠢᠨ᠎ᠡ᠃    ︵ᠲᠤᠯᠤᠭ᠎ᠠ︶ ᠡᠵᠡᠮᠳᠡᠯ ᠢᠶᠠᠷ ᠰᠢᠯᠢᠳᠡᠭ ᠢ ᠠᠬᠢᠭᠤᠯᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠨ᠂ ᠠᠮᠤᠷ ᠲᠣᠭᠲᠠᠭᠤᠨ ᠬᠥᠭᠵᠢᠯᠲᠡ ᠶᠢᠨ ᠰᠢᠨ᠎ᠡ ᠪᠠᠶᠢᠳᠠᠯ ᠢ ᠦᠷᠭᠦᠯᠵᠢᠯᠡᠨ ᠪᠤᠢ ᠪᠣᠯᠭᠠᠨ᠎ᠠ     ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃  ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠪᠠᠴᠢᠮ ᠪᠠᠶᠢᠳᠠᠯ ᠢ ᠠᠷᠭᠠᠴᠠᠨ᠂ ᠨᠡᠮᠡᠭᠳᠡᠯ ᠢ ᠬᠤᠷᠢᠭᠯᠠᠵᠤ᠂ ᠬᠠᠳᠠᠭᠠᠯᠠᠮᠵᠢ  ᠶᠢ ᠠᠷᠢᠯᠭᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠲᠡᠰ ᠢ ᠪᠠᠭᠤᠷᠠᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠦᠲᠦᠮᠵᠢᠲᠡᠶ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠵᠡᠷᠭᠡ ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ ᠳ᠋ᠦᠩ ᠰᠢᠩ  ᠭᠦᠢᠯᠭᠡᠭᠡᠨ ᠤ ᠪᠡᠯᠡ ᠮᠦᠩᠭᠦ ᠶᠢᠨ ᠪᠠᠲᠤᠯᠠᠭᠠᠨ ᠤ ᠬᠢᠵᠠᠭᠠᠷᠲᠤ ᠺᠣᠮᠫᠠᠨᠢ ᠳᠤ ᠦᠷᠭᠦᠯᠵᠢᠯᠡᠨ 1000 ᠲᠦᠮᠡᠨ ᠲᠥᠭᠦᠷᠢᠭ ᠤᠨ ᠳᠠᠩᠰᠠᠯᠠᠭᠤᠯᠤᠬᠰᠠᠨ ᠬᠦᠷᠦᠩᠬᠡ ᠮᠦᠩᠬᠦ ᠨᠡᠮᠡᠭᠳᠡᠭᠦᠯᠵᠦ᠂ ᠪᠠᠲᠤᠯᠠᠭᠠᠲᠤ ᠵᠢᠭᠡᠯᠡᠯᠭᠡ ᠶᠢᠨ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠦᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠳᠣᠬᠢᠷᠠᠭᠤᠯᠤᠯᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠳᠣᠬᠳᠠᠭᠤᠨ ᠪᠦᠭᠡᠳ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠠᠵᠢᠯ ᠢ ᠪᠦᠲᠦᠮᠵᠢᠲᠡᠢ ᠰᠠᠶᠢᠲᠤᠷ ᠬᠢᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠠᠵᠢᠯ ᠢ ᠯᠠᠪᠳᠠᠭᠤᠨ ᠪᠠᠲᠤᠲᠠᠢ ᠬᠢᠵᠦ᠂ ᠬᠤᠲᠠ ᠶᠢᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ 3 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠠᠮᠤᠷ ᠳᠦᠪᠰᠢᠨ ᠤ ᠪᠠᠷᠢᠮᠵᠢᠶ᠎ᠠ᠂ ᠦᠨᠳᠦᠰᠦᠨ ᠱᠠᠲᠤᠨ ᠤ ᠡᠩᠨᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠢᠴᠢ ᠤᠬᠠᠭᠤᠯᠭ᠎ᠠ ᠪᠣᠯᠪᠠᠰᠤᠷᠠᠭᠤᠯᠤᠯ ᠤᠨ ᠲᠣᠭᠤᠷᠢᠨ ᠳᠤ ᠳᠤᠲᠠᠭᠤᠳᠠᠯ ᠪᠠᠨ ᠨᠦᠬᠦᠪᠦᠷᠢᠯᠡᠵᠤ᠂ ᠪᠠᠭᠤᠷᠠᠶ ᠪᠠᠨ ᠴᠢᠩᠭᠠᠷᠠᠭᠤᠯᠤᠨ᠂ 9 ᠶᠡᠭᠡ ᠭᠤᠤᠯᠳᠠᠯᠭ᠎ᠠ ᠲᠠᠢ ᠬᠦᠷᠢᠶ᠎ᠡ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠵᠤ᠂ ᠪᠦᠭᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠱᠠᠩᠨᠠᠵᠤ ᠲᠣᠷᠭᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠢᠨᠲ᠋ᠧᠷ ᠰᠦᠯᠵᠢᠶ᠎ᠡ + ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ︾ ᠶᠢᠨ ᠰᠢᠨ᠎ᠡ ᠵᠠᠭᠪᠤᠷ ᠢ ᠳᠡᠯᠭᠡᠷᠡᠭᠦᠯᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠶᠠᠪᠤᠴᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠬᠴᠠᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠮᠰᠢᠭ ᠢ ᠪᠠᠭᠠᠰᠬᠠᠬᠤ ᠠᠵᠢᠯ᠂ ᠤᠰᠤᠨ ᠠᠰᠢᠭᠯᠠᠯᠲᠠ ᠵᠢᠴᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠨᠡᠮᠡᠵᠦ ᠲᠠᠷᠬᠠᠭᠠᠬᠤ ᠤᠯᠤᠰ ᠤᠨ ᠵᠢᠭᠡᠯᠡᠯᠭᠡ ᠶᠢᠨ 17 ᠵᠦᠢᠯ ᠤᠨ ᠲᠦᠷᠦᠯ ᠵᠦᠢᠯ ᠤᠨ ᠪᠡᠯᠡ ᠮᠦᠩᠭᠦ ᠶᠢ 4 ᠳ᠋ᠦᠩᠰᠢᠭᠤᠷ ᠲᠦᠭᠦᠷᠢᠭ ᠠᠴᠠ ᠳᠡᠭᠡᠭᠰᠢ ᠬᠠᠷᠢᠴᠠᠨ ᠣᠯᠬᠤ ᠶᠢ ᠪᠠᠲᠤᠯᠠᠨ᠎ᠠ᠃ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠢ ᠴᠢᠩᠭᠠᠳᠬᠠᠵᠤ᠂ ᠲᠦᠭᠰᠢᠭᠦᠷᠢ ᠶᠢ ᠬᠢᠨᠠᠨ ᠬᠡᠮᠵᠢᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠯᠴᠠᠭ᠎ᠠ ᠶᠢ ᠪᠦᠷᠢᠨᠰᠢᠬᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ᠂ ᠤᠰᠤ ᠭᠠᠩ ᠤᠨ ᠭᠠᠮᠰᠢᠭ᠂  ᠬᠦᠨᠳᠦ ᠬᠡᠴᠡᠭᠦᠦ ᠴᠠᠭ ᠠᠭᠤᠷ ᠵᠡᠷᠭᠡ ᠭᠠᠮᠰᠢᠭ ᠢ ᠠᠷᠭᠠᠴᠠᠬᠤ ᠴᠢᠳᠠᠮᠵᠢ ᠶᠢ ᠳᠡᠭᠡᠭᠰᠢᠯᠡᠭᠦᠯᠦᠨ᠎ᠡ᠃      ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠳᠣᠬᠳᠠᠯᠴᠠᠭ᠎ᠠ ᠶᠢ ᠠᠬᠢᠭᠤᠯᠵᠤ᠂ 2000 ᠲᠦᠮᠡᠨ ᠲᠥᠭᠦᠷᠢᠭ ᠤᠨ ᠪᠠᠯᠠ ᠣᠷᠤᠭᠤᠯᠤᠨ᠂ ᠠᠶᠢᠮᠠᠭ ᠬᠤᠲᠠ ᠶᠢ ᠲᠣᠭᠤᠷᠢᠭᠰᠠᠨ 2 ᠪᠠ ᠬᠤᠰᠢᠭᠤ ᠰᠢᠶᠠᠨ ᠢ ᠲᠣᠭᠤᠷᠢᠭᠰᠠᠨ 6 ︽ᠤᠶᠤᠨᠲᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠯᠲᠠ ᠶᠢᠨ ᠦᠷᠲᠡᠭᠡ︾ ᠪᠠᠶᠢᠭᠤᠯᠤᠨ ᠲᠠᠰ ᠳᠡᠪᠰᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠢ ᠬᠠᠮᠠᠭᠠᠯᠠᠬᠤ ᠤ ᠣᠶᠤᠨᠴᠢ ᠰᠦᠯᠵᠢᠶᠡᠨ  ᠤ ᠲᠣᠭᠲᠠᠯᠴᠠᠭ᠎ᠠ ᠶᠢ ᠪᠠᠶᠢᠭᠤᠯᠵᠤ᠂ ︽ᠭᠡᠭᠡᠨ ᠰᠠᠷᠠᠭᠤᠯ ᠢᠨᠵᠧᠨᠧᠷᠢᠩ︾ ᠤᠨ ᠲᠡᠭᠦᠰᠬᠡᠯ ᠤᠨ ᠬᠠᠷᠠᠭᠠᠨ ᠳᠠᠪᠲᠠᠮᠵᠢᠲᠤ ᠬᠢᠨᠠᠨ ᠡᠵᠡᠮᠳᠡᠬᠦ ᠴᠡᠭ ᠢ ᠦᠷᠭᠡᠳᠬᠡᠨ᠂ ᠯᠢᠨᠳᠦ᠋ᠩ ᠬᠤᠳᠠ ᠲᠣᠭᠤᠷᠢᠭ ᠤᠨ ᠠᠮᠤᠷ ᠢ ᠬᠠᠮᠠᠭᠠᠯᠠᠬᠤ ᠭᠤᠤᠯᠳᠠᠯᠭ᠎ᠠ ᠲᠠᠢ ᠣᠷᠣᠨ ᠪᠦᠰᠡ ᠪᠠ ᠬᠡᠷᠡᠭ ᠤᠴᠢᠷ ᠣᠯᠠᠨ ᠭᠠᠷᠳᠠᠭ ᠣᠷᠣᠨ ᠪᠦᠰᠡ ᠳᠤ ᠨᠡᠶᠢᠳᠡᠮ ᠬᠢᠨᠠᠨ ᠡᠵᠡᠮᠰᠢᠭᠦᠷ ᠤᠭᠰᠠᠷᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠠ ︽ᠫᠦᠵᠢᠶᠠᠩ ᠤᠨ ᠲᠤᠷᠰᠢᠯᠭ᠎ᠠ︾ ᠶᠢ ᠦᠢᠯᠡᠳᠦᠯᠭᠡᠵᠢᠭᠦᠯᠵᠤ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠦᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠳᠤ ᠨᠢ ᠰᠢᠢᠳᠪᠦᠷᠢᠯᠡᠵᠤ᠂ ︽ᠵᠥᠷᠢᠴᠡᠯ ᠢ ᠢᠳᠡᠪᠬᠢ ᠦᠭᠡᠢ ᠨᠠᠮᠳᠠᠭᠤᠯᠬᠤ︾ ᠶᠢ ︽ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ︾ ᠪᠣᠯᠭᠠᠨ ᠬᠤᠪᠢᠷᠠᠭᠤᠯᠵᠤ᠂ ᠬᠤᠰᠢᠭᠤᠨ ᠤ ᠬᠡᠪᠴᠢᠶᠡᠨ ᠤ ᠵᠠᠬᠢᠳᠠᠯ  ᠰᠤᠷᠪᠤᠯᠵᠢᠯᠠᠯ ᠤᠨ ᠶᠡᠷᠦᠩᠬᠡᠶ ᠪᠠᠶᠢᠳᠠᠯ ᠢ ᠲᠣᠭᠲᠠᠭᠤᠨ ᠪᠠᠶᠢᠯᠭᠠᠨ᠎ᠠ᠃ ︽ᠲᠤᠭ᠎ᠠ ᠶᠢ ᠪᠠᠭᠠᠰᠬᠠᠵᠤ ᠬᠡᠪᠴᠢᠶ᠎ᠡ ᠶᠢ ᠬᠢᠵᠠᠭᠠᠷᠯᠠᠬᠤ︾ ᠲᠤᠰᠬᠠᠶ ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ  ᠨᠤᠭᠤᠳ ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠳᠡᠯ ᠢ ᠪᠦᠬᠦ ᠬᠦᠴᠦᠨ ᠢᠶᠠᠷ ᠢᠶᠠᠨ ᠪᠠᠭᠠᠰᠬᠠᠨ᠂ ᠨᠡᠯᠢᠶᠡᠳ ᠶᠡᠭᠡ ᠵᠠᠮ ᠬᠠᠷᠢᠯᠴᠠᠭᠠᠨ ᠤ ᠡ᠊ᠨᠳᠡᠯ ᠭᠠᠷᠬᠤ ᠶᠢ ᠰᠡᠷᠭᠡᠶᠢᠯᠡᠨ ᠡᠵᠡᠮᠳᠡᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠬᠢᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号