ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠳᠦᠷᠪᠡ︶
ᠨᠡᠶᠢᠲᠡᠯᠡᠭᠰᠡᠨ ᠴᠠᠭ᠄
2024/4/8
     ᠭᠤᠷᠪᠠ᠂ ᠵᠠᠰᠠᠭ ᠤᠨ ᠣᠷᠳᠣᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ      ᠲᠥᠯᠥᠭᠡᠯᠡᠭᠴᠢᠳ ᠡ᠂  ᠪᠢᠳᠡᠨ ᠤ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠪᠠᠶᠢᠨ᠎ᠠ︕ ᠪᠢᠳᠡ ᠵᠠᠪᠠᠯ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠳᠤᠮᠳᠠ ᠠᠴᠠ ᠡᠷᠡᠮᠡᠬᠡᠶᠢᠯᠡᠨ ᠤᠷᠤᠭᠰᠢᠯᠠᠬᠤ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠤ᠂ ᠠᠷᠠᠳ ᠲᠦᠮᠡᠨ ᠳᠤ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠶ᠎ᠠ᠃      ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠰᠠᠭᠤᠷᠢ ᠶᠢ ᠪᠠᠬᠢᠵᠢᠭᠦᠯᠦᠶ᠎ᠡ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ  ᠶᠢᠨ ᠵᠢᠭᠠᠭᠰᠠᠨ ᠴᠢᠭᠯᠡᠯ ᠢᠶᠠᠷ ᠡᠷᠡᠮᠡᠬᠡᠶᠢᠯᠡᠨ ᠤᠷᠤᠬᠰᠢᠯᠠᠶ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠳᠦᠪᠰᠢᠨ ᠢᠶᠠᠨ ᠳᠡᠭᠡᠭᠰᠢᠯᠡᠭᠦᠯᠦᠶ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠦᠲᠦᠯᠪᠦᠷᠢ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠤᠳᠤᠯᠭ᠎ᠠ ᠲᠣᠭᠲᠠᠭᠠᠬᠤ ᠵᠢᠷᠤᠮ ᠢ  ᠬᠡᠷᠡᠭᠵᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢᠶᠠᠷ ᠠᠵᠢᠯ ᠢᠶᠠᠨ ᠦᠷᠨᠢᠭᠦᠯᠦᠶ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠶ   ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠠᠶᠢᠲᠤᠷ ᠭᠦᠢᠴᠡᠳᠬᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ  ᠶᠢ ᠬᠠᠤᠯᠢ ᠶᠣᠰᠤᠭᠠᠷ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ ᠣᠯᠠᠨ ᠲᠦᠮᠡᠨ ᠤ ᠬᠢᠨᠠᠯᠲᠠ ᠵᠢᠴᠢ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠬᠢᠨᠠᠨ ᠪᠤᠳᠤᠬᠤ ᠬᠢᠨᠠᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠡᠷᠬᠡ ᠶᠢᠨ ᠢᠮᠠᠬᠳᠠ ᠢᠯᠡ ᠪᠠᠷ ᠶᠠᠪᠤᠬᠳᠠᠬᠤ ᠶᠢ ᠪᠠᠳᠣᠯᠠᠶ᠎ᠠ᠃      ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠤᠳᠤᠷᠢᠳᠤᠮᠵᠢ ᠶᠢ ᠪᠤᠢ ᠪᠣᠯᠭᠠᠶ᠎ᠠ᠃ ᠦᠨᠡᠨ ᠢ ᠪᠠᠷᠢᠮᠲᠠᠯᠠᠨ ᠪᠤᠳᠠᠲᠠᠢ ᠠᠵᠢᠯᠯᠠᠬᠤ  ᠵᠣᠷᠢᠭ ᠰᠠᠨᠠᠭ᠎ᠠ ᠶᠢ ᠪᠠᠳᠠᠷᠠᠭᠤᠯᠤᠨ᠂ ᠪᠤᠳᠠᠳᠤ ᠠᠵᠢᠯ ᠢᠶᠠᠷ ᠢᠶᠠᠨ ᠬᠠᠷᠢᠭᠤᠯᠲᠠ ᠦᠭᠴᠦ᠂ ᠪᠣᠳᠠᠲᠤ ᠠᠮᠵᠢᠯᠲᠠ ᠪᠠᠷ ᠢᠶᠠᠨ ᠰᠢᠯᠭᠠᠯᠲᠠ ᠪᠠᠨ ᠳᠣᠰᠢᠶᠠᠵᠤ᠂ ᠲᠡᠮᠡᠴᠡᠯ  ᠴᠢᠷᠮᠠᠶᠢᠯᠭ᠎ᠠ ᠳᠤ ᠪᠠᠨ ᠲᠦᠰᠢᠭᠯᠡᠨ ᠦᠷ᠎ᠡ ᠪᠦᠲᠦᠮᠵᠢ ᠭᠠᠷᠭᠠᠶ᠎ᠠ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂  ᠰᠡᠳᠬᠢᠭᠦᠢ ᠪᠠᠨ ᠬᠦᠭᠵᠢᠭᠦᠯᠵᠦ᠂ ᠪᠠᠷᠢᠨ ᠬᠡᠯᠡᠵᠦ ᠲᠣᠣᠷ᠎ᠠ ᠨᠢ ᠬᠡᠷᠡᠭᠵᠢᠭᠦᠯᠦᠨ᠂ ᠴᠢᠩᠭ᠎ᠠ ᠠᠳᠬᠤᠨ ᠳᠠᠷᠤᠢ ᠰᠢᠢᠳᠪᠦᠷᠢᠯᠡᠵᠦ᠂ ᠬᠡᠷᠡᠭ ᠶᠠᠪᠤᠳᠠᠯ ᠠᠴᠠ  ᠳᠤᠲᠠᠭᠠᠬᠤ ᠦᠭᠡᠢ᠂ ᠡᠴᠦᠰ ᠲᠤᠨᠢ ᠲᠤᠯᠲᠠᠯ᠎ᠠ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠶᠢ ᠵᠠᠰᠠᠭ ᠤᠨ ᠣᠷᠳᠣᠨ ᠤ ᠬᠠᠮᠤᠭ ᠤᠨ ᠢᠯᠡ ᠳᠣᠳᠣ ᠬᠠᠷᠠᠯᠳᠠ ᠪᠣᠯᠭᠠᠨ᠎ᠠ᠃ ᠦᠵᠡᠯ ᠰᠠᠨᠠᠭ᠎ᠠ ᠪᠠᠨ ᠴᠢᠯᠦᠭᠡᠯᠡᠨ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠷᠬᠢᠮᠯᠡᠬᠦ ᠪᠠ ᠬᠤᠪᠢᠷᠠᠯᠲᠠ ᠶᠢ ᠡᠷᠢᠯᠬᠢᠯᠡᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠲᠡᠮᠡᠴᠡᠨ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠴᠠᠭ ᠦᠶ᠎ᠡ ᠶᠢᠨ ᠬᠡᠪ ᠰᠤᠷᠲᠠᠯ ᠢ ᠪᠣᠢ ᠪᠣᠯᠭᠠᠶ᠎ᠠ᠃ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠳᠬᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠵᠤ᠂ ᠪᠣᠳᠠᠲᠠᠶ ᠠᠵᠢᠯᠯᠠᠵᠤ᠂ ᠦᠨᠡᠨᠬᠦ ᠨᠡᠶᠢᠳᠠᠪᠤᠷᠢᠵᠢᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠭᠤᠣᠯ ᠬᠦᠭ ᠠᠶᠠᠰ ᠪᠣᠯᠭᠠᠨ᠎ᠠ᠃      ᠲᠥᠪ ᠭᠤᠣᠯᠴᠢ ᠠᠷᠢᠭᠤᠨ ᠴᠢᠬᠡᠴᠢ ᠶᠢᠨ ᠪᠠᠷᠢᠮᠵᠢᠶ᠎ᠠ ᠶᠢ ᠬᠢᠴᠢᠶᠡᠩᠭᠦ᠋ᠢᠯᠡᠨ ᠵᠢᠷᠤᠮᠵᠢᠭᠤᠯᠤᠶ᠎ᠠ᠃ ᠡᠭᠦᠷᠢᠳᠡ ᠵᠣᠭᠰᠤᠰᠢ ᠦᠭᠡᠢ ᠬᠤᠷᠴᠠ ᠰᠡᠷᠭᠡᠭ ᠪᠠ ᠪᠠᠲᠤ ᠪᠠᠬᠢ ᠪᠠᠶᠢᠬᠤ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠦᠷᠢᠵᠢᠭᠤᠯᠤᠨ᠂ ᠲᠦᠷᠢᠮ ᠳᠣᠬᠳᠠᠭᠠᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠠᠯᠪᠠᠨ ᠪᠠᠶᠢᠭᠤᠯᠭ᠎ᠠ ᠶᠢ ᠡᠭᠦᠳᠦᠨ ᠪᠠᠶᠢᠭᠤᠯᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠨ᠂ ︽ᠭᠤᠷᠪᠠᠨ ᠠᠯᠪᠠᠨ ︾ ᠤ ᠵᠠᠷᠤᠳᠠᠯ ᠢ ᠴᠢᠩᠭ᠎ᠠ ᠬᠠᠮᠢᠶᠠᠷᠴᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠡᠵᠡᠮᠳᠡᠨ᠂  ᠴᠠᠭ ᠦᠷᠭᠦᠯᠵᠢ ᠰᠡᠷᠡᠮᠵᠢᠯᠡᠭᠦᠯᠦᠨ᠂ ᠠᠷᠪᠢᠴᠢ ᠭᠠᠮᠲᠠᠢ ᠠᠵᠢᠯᠯᠠᠵᠤ᠂ ᠴᠢᠬᠤᠯᠠ ᠪᠦᠬᠦᠢ ᠪᠡᠯᠡ ᠮᠦᠩᠬᠦ ᠶᠢ ᠠᠷᠠᠳ ᠤᠨ ᠠᠮᠢᠳᠤᠷᠠᠯ ᠤᠨ ᠬᠠᠮᠤᠭ ᠤᠨ ᠪᠠᠴᠢᠮ ᠬᠡᠷᠡᠭᠴᠡᠭᠡ ᠲᠠᠢ ᠭᠠᠵᠠᠷ ᠪᠠ ᠬᠥᠭᠵᠢᠯᠲᠡ ᠶᠢᠨ ᠬᠠᠮᠤᠭ ᠤᠨ ᠪᠠᠴᠢᠮ ᠬᠡᠷᠡᠭᠴᠡᠭᠡ ᠲᠠᠢ ᠬᠦᠷᠢᠶᠡᠨ ᠳᠤ ᠵᠠᠷᠤᠨ᠎ᠠ᠃     ᠲᠥᠯᠥᠭᠡᠯᠡᠭᠴᠢᠳ ᠡ︕ ᠬᠦᠨᠳᠦ ᠡᠭᠦᠷᠭᠡᠯᠡᠯ ᠨᠢ ᠬᠠᠳᠠᠭᠤ ᠬᠠᠷᠢᠭᠤᠴᠠᠯᠭ᠎ᠠ ᠶᠢ ᠤᠷᠢᠶᠠᠯᠠᠵᠤ᠂ ᠰᠢᠷᠭᠠᠭᠤ ᠲᠡᠮᠡᠴᠡᠯ ᠨᠢ ᠬᠦᠰᠡᠯ ᠵᠡᠭᠦᠳᠦ ᠶᠢ ᠲᠡᠷᠭᠡᠯᠰᠢᠭᠦᠯᠦᠨ᠎ᠡ᠃ ᠥᠨᠥᠳᠦᠷ ᠤᠨ ᠪᠠᠭᠠᠷᠢᠨ ᠵᠡᠭᠦᠨ ᠬᠤᠰᠢᠭᠤ ᠨᠢ ᠲᠦᠷᠦ ᠲᠦᠪᠰᠢᠨ ᠲᠦᠮᠡᠨ ᠠᠮᠤᠭᠤᠯᠠᠩ᠂  ᠦᠢᠯᠡᠰ ᠤᠷᠤᠭᠰᠢᠲᠠᠢ ᠠᠯᠤᠰ ᠤᠨ ᠲᠦᠰᠦᠪ ᠲᠠᠢ᠂ ᠬᠦᠭᠵᠢᠯᠲᠡ ᠶᠢᠨ ᠰᠠᠶᠢᠬᠠᠨ ᠴᠠᠭ ᠦᠶ᠎ᠡ  ᠳᠤ ᠪᠠᠨ ᠪᠠᠶᠢᠭ᠎ᠠ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠬᠦᠪᠴᠢᠯᠡᠨ ᠡᠷᠡᠮᠡᠬᠡᠶᠢᠯᠡᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠶ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠤ ᠶᠡᠭᠡ ᠠᠬᠢᠴᠠ ᠳᠤ ᠪᠠᠭᠠᠷᠢᠨ ᠵᠡᠭᠦᠨ ᠬᠤᠰᠢᠭᠤᠨ ᠤ ᠬᠦᠴᠦᠨ ᠴᠢᠳᠠᠯ ᠢᠶᠠᠨ ᠲᠠᠰᠤᠷᠠᠯᠲᠠ ᠦᠭᠡᠢ ᠨᠡᠮᠡᠷᠢᠯᠡᠬᠦ ᠪᠠᠷ ᠴᠢᠷᠮᠠᠶᠢᠵᠠᠭᠠᠶ᠎ᠠ᠃︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠨᠡᠷᠡᠰ ᠤᠨ ᠲᠠᠶᠢᠯᠪᠦᠷᠢ1. ᠬᠤᠶᠠᠷ ᠶᠡᠭᠡ ᠶᠠᠪᠤᠳᠠᠯ᠄ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠦᠪᠡᠷᠲᠡᠭᠡᠨ ᠵᠠᠰᠠᠬᠤ ᠣᠷᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃2. ᠲᠠᠪᠤᠨ ᠶᠡᠭᠡ ᠡᠭᠦᠷᠭᠡ᠄ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ  ᠵᠢᠴᠢ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠤᠨ᠎ᠠ᠃3. ᠨᠢᠭᠡ ᠲᠣᠰᠬᠤᠨ ᠤ ᠨᠢᠭᠡ ᠦᠢᠯᠡᠳᠬᠦᠨ᠄ ᠵᠣᠬᠢᠬᠤ ᠣᠷᠣᠨ ᠬᠡᠪᠴᠢᠶᠡᠨ ᠳᠣᠲᠣᠷ᠎ᠠ᠂ ᠭᠠᠴᠠᠭ᠎ᠠ ᠲᠣᠰᠬᠤᠨ ᠢᠶᠠᠷ ᠦᠨᠳᠦᠰᠦᠨ ᠨᠢᠭᠡᠴᠡ ᠪᠣᠯᠭᠠᠨ᠂ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠥᠷᠥᠯ ᠲᠡᠮᠳᠡᠭᠵᠢᠭᠦᠯᠬᠦ ᠪᠠ ᠵᠠᠬ᠎ᠠ ᠳᠡᠯᠭᠡᠭᠦᠷᠴᠢᠯᠡᠬᠦ ᠪᠥᠳᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠪᠠᠷ ᠳᠠᠮᠵᠢᠭᠤᠯᠤᠨ᠂ ᠨᠢᠭᠡ ᠭᠠᠴᠠᠭ᠎ᠠ ᠲᠣᠰᠬᠤᠨ ︵ᠪᠤᠶᠤ ᠬᠡᠳᠦᠨ ᠭᠠᠴᠠᠭ᠎ᠠ ᠲᠣᠰᠬᠤᠨ︶ ᠳᠤ ᠨᠢᠭᠡ ︵ᠪᠣᠶᠤ ᠬᠡᠳᠦᠨ︶ ᠵᠠᠬ᠎ᠠ ᠳᠡᠯᠭᠡᠭᠦᠷ ᠤᠨ ᠲᠠᠯᠳᠠ ᠬᠦᠴᠦᠨ ᠢᠶᠠᠷ ᠶᠡᠭᠡ᠂ ᠣᠷᠣᠨ ᠪᠦᠰᠡ ᠶᠢᠨ ᠣᠨᠴᠠᠯᠢᠭ ᠢᠯᠡᠷᠬᠡᠶ ᠵᠢᠴᠢ ᠨᠡᠮᠡᠯᠲᠡ ᠥᠷᠳᠡᠭ ᠢᠶᠠᠷ ᠥᠨᠳᠥᠷ ᠭᠤᠣᠯᠯᠠᠬᠤ ᠦᠢᠯᠡᠳᠬᠦᠨ ᠪᠠ ᠠᠵᠤ ᠦᠢᠯᠡᠰ ᠲᠠᠢ ᠪᠣᠯᠭᠠᠬᠤ ᠶᠢ ᠵᠢᠭᠠᠵᠤ ᠪᠤᠢ᠃4. ᠲᠣᠭᠤᠷᠢᠭ ᠤᠨ ︽1+3+3︾ ᠴᠢᠳᠠᠮᠵᠢ᠄ 1 ᠭᠡᠳᠡᠭ ᠨᠢ ᠨᠢᠭᠡ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠵᠢᠭᠠᠵᠤ ᠪᠣᠶ᠂ ᠲᠣᠭᠤᠷᠢᠭ ᠪᠣᠯ ᠭᠠᠵᠠᠷ ᠰᠢᠷᠣᠶ᠂ ᠴᠢᠳᠠᠪᠤᠷᠢᠲᠠᠨ᠂ ᠪᠠᠯᠠ ᠮᠥᠩᠭᠦ᠂ ᠮᠡᠷᠭᠡᠵᠢᠯ ᠵᠢᠴᠢ ᠮᠡᠳᠡᠭᠡ ᠵᠠᠩᠭᠢ ᠵᠡᠷᠭᠡ ᠪᠥᠬᠦ  ᠦᠢᠯᠡᠳᠪᠦᠷᠢᠯᠡᠯ ᠤᠨ ᠬᠦᠴᠦᠨ  ᠵᠦᠢᠯ ᠢ ᠲᠥᠪᠯᠡᠷᠡᠭᠦᠯᠦᠭᠰᠡᠨ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠪᠠ ᠬᠤᠳᠠᠯᠳᠤᠭᠠᠴᠢᠨ ᠤᠷᠢᠵᠤ ᠪᠠᠯᠠ ᠲᠠᠲᠠᠬᠤ᠂ ᠲᠥᠷᠥᠯ ᠵᠦᠢᠯ ᠢ ᠪᠥᠲᠥᠭᠡᠨ ᠪᠠᠶᠢᠭᠤᠯᠬᠤ ᠠᠴᠢᠶᠠᠯᠠᠭᠴᠢ ᠪᠣᠯᠤᠨ᠎ᠠ᠃ ᠨᠢᠭᠡᠳᠦᠭᠡᠷ 3 ᠭᠡᠳᠡᠭ ᠨᠢ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠭᠤᠷᠪᠠᠨ  ᠦᠢᠯᠡᠳᠦᠯ ᠢ ᠵᠢᠭᠠᠵᠤ ᠪᠠᠶᠢᠨ᠎ᠠ᠂ ᠲᠡᠷᠡ ᠨᠢ ᠦᠢᠯᠡᠳᠪᠦᠷᠢᠯᠡᠬᠦ᠂ ᠡᠳ᠋ᠰᠢᠭᠦᠯᠦᠨ ᠪᠣᠷᠣᠯᠠᠭᠤᠯᠬᠤ ᠵᠢᠴᠢ ᠪᠠᠷᠠᠭ᠎ᠠ ᠳᠣᠬᠢᠷᠠᠭᠤᠯᠤᠨ ᠬᠦᠷᠭᠡᠬᠦ ᠪᠥᠬᠦ ᠶᠠᠪᠤᠴᠠ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠦᠢᠯᠡᠳᠦᠯ᠂ ᠦᠢᠯᠡᠴᠢᠯᠡᠭᠡ ᠬᠠᠮᠢᠶᠠᠷᠤᠯᠲᠠ ᠶᠢᠨ ᠪᠥᠬᠦ ᠶᠠᠪᠤᠴᠠ ᠶᠢᠨ ᠵᠢᠷᠤᠮᠵᠢᠭᠤᠯᠤᠭᠰᠠᠨ ᠵᠢᠱᠢᠶ᠎ᠡ ᠦᠵᠡᠭᠦᠯᠬᠦ ᠦᠢᠯᠡᠳᠦᠯ᠂ ᠪᠦᠬᠦᠯᠢ ᠴᠣᠭᠴᠠ ᠶᠢᠨ ᠴᠢᠳᠠᠮᠵᠢ ᠶᠢ ᠪᠦᠷᠢᠨ ᠪᠥᠷᠬᠦᠭᠦᠯᠬᠦ ᠣᠶᠣᠨᠴᠢᠯᠠᠭᠰᠠᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ ᠳᠡᠶᠢᠯᠦᠨ᠎ᠡ᠃ ᠬᠤᠶᠠᠳᠤᠭᠠᠷ 3 ᠭᠡᠳᠡᠭ ᠨᠢ ᠨᠥᠯᠥᠭᠡᠯᠡᠨ ᠳᠠᠶᠢᠴᠢᠯᠠᠬᠤ ᠭᠤᠷᠪᠠᠨ ᠦᠢᠯᠡᠳᠦᠯ ᠢ ᠵᠢᠭᠠᠵᠤ ᠪᠠᠶᠢᠨ᠎ᠠ᠂ ᠲᠡᠷᠡ ᠨᠢ ᠮᠠᠯᠴᠢᠨ ᠲᠠᠷᠢᠶᠠᠴᠢᠨ ᠡᠷᠦᠬᠡ ᠪᠣᠯᠤᠨ ᠲᠣᠯᠤᠭᠠᠶᠢᠯᠠᠭᠴᠢ ᠠᠵᠤ ᠠᠬᠤᠶᠢᠯᠠᠯ ᠢ ᠨᠥᠯᠥᠭᠡᠯᠡᠨ ᠳᠠᠶᠢᠴᠢᠯᠠᠵᠤ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠣᠶ ᠪᠣᠯᠭᠠᠨ᠎ᠠ︔ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠢ ᠨᠥᠯᠥᠭᠡᠯᠡᠨ ᠳᠠᠶᠢᠴᠢᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ ᠴᠢᠳᠠᠨ᠎ᠠ︔ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠠᠬᠤᠶᠢᠯᠠᠯ᠂ ᠲᠣᠭᠤᠷᠢᠨ ᠦᠵᠡᠬᠦ ᠲᠠᠷᠢᠶᠠᠯᠠᠩ ᠮᠠᠯ ᠠᠵᠤ ᠠᠬᠤᠶ ᠵᠢᠴᠢ ᠪᠠᠷᠠᠭᠠᠨ ᠤ ᠭᠦᠢᠯᠭᠡᠭᠡ ᠵᠡᠷᠭᠡ  ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠨᠥᠯᠥᠭᠡᠯᠡᠨ ᠳᠠᠶᠢᠴᠢᠯᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠪᠡᠶᠡᠯᠡᠭᠦᠯᠵᠦ ᠴᠢᠳᠠᠨ᠎ᠠ᠃5.ᠭᠤᠷᠪᠠᠨ ᠣᠷᠣᠨ ᠵᠠᠢ ᠭᠤᠷᠪᠠᠨ ᠱᠤᠭᠤᠮ᠄ ︽ᠭᠤᠷᠪᠠᠨ ᠣᠷᠣᠨ ᠵᠠᠢ︾ ᠭᠡᠳᠡᠭ ᠨᠢ ᠬᠤᠲᠠ ᠪᠠᠯᠭᠠᠰᠤ ᠶᠢᠨ ᠣᠷᠣᠨ ᠵᠠᠶ ᠂ ᠲᠠᠷᠢᠶᠠᠯᠠᠩ ᠤᠨ ᠣᠷᠣᠨ ᠵᠠᠶ ᠵᠢᠴᠢ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠥᠷᠥᠯ ᠬᠡᠯᠪᠡᠷᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠣᠶ᠃ ︽ᠭᠤᠷᠪᠠᠨ ᠱᠤᠭᠤᠮ︾ ᠭᠡᠳᠡᠭ ᠨᠢ ᠲᠣᠰ ᠲᠣᠰ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ ᠵᠢᠴᠢ ᠠᠮᠢ ᠠᠬᠤᠶ ᠶᠢᠨ ᠣᠷᠣᠨ ᠵᠠᠶ ᠳᠤ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ᠃6. ᠭᠤᠷᠪᠠᠨ ᠱᠤᠭᠤᠮ ᠨᠢᠭᠡ ᠨᠠᠷᠢᠨ ᠳᠠᠩᠰᠠ  ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠵᠠᠬ᠎ᠠ ᠵᠢᠴᠢ ᠠᠮᠢ ᠠᠬᠤᠶ ᠣᠷᠴᠢᠨ ᠲᠣᠭᠤᠷᠢᠨ ᠢ ᠵᠦᠪᠰᠢᠶᠡᠷᠡᠨ ᠣᠷᠤᠭᠤᠯᠬᠤ ᠨᠠᠷᠢᠨ ᠳᠠᠩᠰᠠ ᠶᠢ ᠵᠢᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠬᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠵᠢᠴᠢ ᠪᠣᠬᠢᠷᠲᠤᠯ ᠥᠬᠡᠶ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠃7. ︽ᠲᠠᠪᠤ ᠶᠢ ᠡᠴᠦᠰ ᠲᠤ ᠨᠢ ᠲᠤᠯᠲᠠᠯ᠎ᠠ ᠬᠢᠬᠦ︾ ᠠᠵᠢᠯᠯᠠᠭ᠎ᠠ᠄ ᠵᠥᠪᠰᠢᠶᠡᠷᠡᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠶ᠂ ᠳᠠᠷᠤᠭᠳᠠᠮᠠᠯ ᠪᠠᠯᠠ ᠮᠥᠩᠭᠦ᠂ ︽ᠬᠠᠭᠠᠰ ᠳᠤᠲᠠᠭᠤ︾ ᠢᠨᠵᠧᠨᠧᠷᠢᠩ ᠵᠢᠴᠢ ᠨᠡᠭᠡᠭᠡᠨ ᠬᠥᠭᠵᠢᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ ᠡᠴᠦᠰ ᠲᠤ ᠨᠢ ᠲᠤᠯᠲᠠᠯ᠎ᠠ ᠬᠢᠬᠦ ᠠᠵᠢᠯᠯᠠᠭ᠎ᠠ ᠥᠷᠨᠢᠭᠦᠯᠦᠨ᠎ᠡ᠃8. ᠴᠠᠬᠢᠯᠭᠠᠨ ᠢᠶᠠᠷ ᠤᠰᠤ ᠬᠡᠷᠡᠭᠯᠡᠭᠰᠡᠨ ᠬᠡᠮᠵᠢᠶ᠎ᠡ ᠶᠢ ᠨᠤᠭᠤᠯᠤᠨ ᠪᠤᠳᠤᠬᠤ᠄ ᠳᠠᠷᠤᠶ ᠴᠠᠬᠢᠯᠭᠠᠨ ᠵᠠᠷᠤᠴᠠᠭᠤᠯᠬᠤ ᠬᠡᠮᠵᠢᠶ᠎ᠡ ᠪᠣᠯᠤᠨ ᠤᠰᠤ ᠬᠡᠷᠡᠭᠯᠡᠬᠦ ᠬᠡᠮᠵᠢᠶ᠎ᠡ ᠶᠢᠨ ᠬᠤᠭᠤᠷᠣᠨᠳᠣᠬᠢ ᠬᠠᠷᠢᠴᠠᠭ᠎ᠠ ᠶᠢ ᠦᠨᠳᠦᠰᠦᠯᠡᠨ᠂ ᠤᠰᠤ ᠴᠠᠬᠢᠯᠭᠠᠨ ᠤ ᠨᠤᠭᠤᠯᠤᠨ ᠪᠤᠳᠤᠬᠤ ᠢᠯᠡᠳᠬᠡᠮᠵᠢ ᠶᠢ ᠵᠠᠳᠠᠯᠤᠨ ᠲᠣᠭᠲᠠᠭᠠᠵᠤ᠂ ᠡᠭᠦᠨ ᠠᠴᠠ ᠤᠰᠤ ᠬᠡᠷᠡᠭᠯᠡᠭᠰᠡᠨ ᠬᠡᠮᠵᠢᠶ᠎ᠡ ᠶᠢ ᠪᠤᠳᠤᠵᠤ ᠭᠠᠷᠭᠠᠨ᠎ᠠ᠃9.︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠳᠠᠷᠤᠶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ᠂ ᠬᠥᠳᠡᠯᠮᠦᠷᠢ ᠬᠦᠴᠦᠨ᠂ ᠡᠳ᠋ ᠬᠥᠷᠥᠩᠭᠡ᠂ ᠪᠠᠶᠢᠭᠠᠯᠢ ᠶᠢᠨ ᠥᠩᠭᠡ ᠦᠵᠡᠮᠵᠢ ᠵᠡᠷᠭᠡ ᠶᠢ ᠠᠮᠢᠳᠤᠯᠢᠭ ᠪᠣᠯᠭᠠᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠠᠯᠠ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠵᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠨ᠎ᠠ᠃10. ︽ᠭᠤᠷᠪᠠ ᠶᠢ ᠨᠢᠭᠡ ᠴᠣᠭᠴᠠᠵᠢᠭᠤᠯᠬᠤ︾᠄ ᠲᠤᠬᠠᠶᠢᠯᠠᠪᠠᠯ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ ᠵᠢᠴᠢ ᠢᠲᠡᠭᠡᠮᠵᠢ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠶᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ᠎ᠠ᠃11. ᠬᠤᠲᠠ ᠬᠦᠳᠡᠭᠡ ᠶᠢᠨ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠄ ᠳᠠᠷᠤᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠰᠤᠭᠳᠠᠯ ᠲᠠᠢ ᠬᠤᠯᠪᠤᠭᠳᠠᠭᠤᠯᠤᠨ᠎ᠠ᠃ ᠭᠠᠵᠠᠷ ᠰᠢᠷᠣᠶ ᠶᠢᠨ ᠠᠰᠢᠭᠯᠠᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠵᠦ᠂ ᠲᠠᠷᠢᠶᠠᠨ ᠭᠠᠵᠠᠷ ᠪᠣᠯᠭᠠᠨ ᠳᠠᠬᠢᠨ ᠬᠠᠭᠠᠯᠪᠤᠷᠢᠯᠠᠬᠤ ᠪᠠᠷ ᠪᠠᠶᠢᠭ᠎ᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ︵ᠳᠠᠷᠤᠶ ᠬᠠᠭᠤᠴᠢᠨ ᠭᠠᠵᠠᠷ ᠢ ᠲᠡᠭᠰᠢᠯᠡᠬᠦ ︶ ᠪᠠ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠠᠶᠢᠭ᠎ᠠ ᠭᠠᠵᠠᠷ ᠰᠢᠷᠣᠶ ︵ᠳᠠᠷᠤᠶ ᠰᠢᠨ᠎ᠡ ᠭᠠᠵᠠᠷ ᠢ ᠪᠠᠶᠢᠭᠤᠯᠬᠤ︶ ᠶᠢ ᠬᠠᠮᠲᠤ ᠳᠤᠨᠢ ᠰᠢᠨ᠎ᠡ ᠪᠠᠷ ᠲᠥᠷᠥᠯ ᠵᠦᠢᠯ ᠤᠨ ᠲᠣᠭᠤᠷᠢᠭ ᠢ ᠪᠦᠷᠢᠯᠳᠦᠭᠦᠯᠦᠨ᠎ᠡ᠃ ᠰᠢᠨ᠎ᠡ ᠶᠢ ᠪᠠᠶᠢᠭᠤᠯᠵᠤ ᠬᠠᠭᠤᠴᠢᠨ ᠢ ᠲᠡᠭᠰᠢᠯᠡᠬᠦ ᠪᠠ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ  ᠵᠦᠢᠯ ᠤᠨ ᠣᠷᠣᠨ ᠤ ᠳᠣᠲᠣᠷᠠᠬᠢ ᠡᠯ᠎ᠡ ᠲᠥᠷᠥᠯ ᠤᠨ ᠭᠠᠵᠠᠷ ᠰᠢᠷᠣᠶ ᠶᠢᠨ ᠲᠠᠯᠠᠪᠠᠶ ᠶᠢᠨ ᠲᠡᠩᠴᠡᠭᠦᠷᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠠᠮᠤᠭ ᠡᠴᠦᠰ ᠲᠤ ᠲᠠᠷᠢᠶᠠᠨ ᠭᠠᠵᠠᠷ ᠤᠨ ᠠᠰᠢᠭᠲᠤ ᠲᠠᠯᠠᠪᠠᠶ ᠶᠢ ᠨᠡᠮᠡᠭᠳᠡᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠨ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃12. ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯ ᠢ ᠬᠡᠷᠡᠭᠯᠡᠵᠦ᠂ ᠥᠷᠭᠡᠨ ᠣᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃13. ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ︽ᠲᠤᠯᠤᠭᠠᠨ ᠠᠯᠬᠤᠮ ᠤᠨ ᠠᠵᠢᠯᠯᠠᠬᠤ ᠠᠷᠭ᠎ᠠ︾᠄ ᠲᠤᠬᠠᠶᠢᠯᠠᠪᠠᠯ ᠲᠣᠰ  ᠬᠦᠷᠢᠶ᠎ᠡ ᠬᠡᠪᠴᠢᠶᠡᠨ ᠳᠤ ᠰᠢᠰᠲ᠋ᠧᠮ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠬᠡᠷᠡᠭ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ︽ᠨᠠᠭᠠᠳᠤ ᠵᠠᠬ᠎ᠠ ᠶᠢᠨ ᠬᠤᠷᠢᠭ᠎ᠠ ᠱᠤᠭᠤᠮ︾ ᠢ ᠪᠠᠲᠤ ᠰᠠᠬᠢᠨ᠎ᠠ︔ ᠨᠠᠮ ᠵᠠᠰᠠᠭ ᠤᠨ ᠪᠠᠶᠢᠭᠤᠯᠭ᠎ᠠ ᠶᠢᠨ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ᠎ᠠ︔ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ︽ᠭᠤᠷᠪᠠᠨ ᠱᠠᠲᠤᠨ ᠤ ᠲᠣᠣᠷᠵᠢᠯ︾ ᠢ ᠨᠠᠷᠢᠯᠢᠭᠵᠢᠭᠤᠯᠤᠨ᠎ᠠ︔ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠬᠡᠷᠡᠭᠵᠢᠭᠦᠯᠦᠨ᠎ᠡ︔ ᠬᠠᠤᠯᠢ ᠲᠦᠷᠢᠮ ᠤᠨ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠴᠢ ᠣᠯᠠᠨ ᠲᠦᠮᠡᠨ ᠤ ᠬᠢᠨᠠᠯᠲᠠ ᠲᠠᠯᠪᠢᠬᠤ ︽ᠲᠠᠪᠤᠨ ᠵᠦᠢᠯ ᠤᠨ ᠠᠷᠭ᠎ᠠ ᠬᠡᠮᠵᠢᠶ᠎ᠡ︾ ᠶᠢ ᠬᠡᠷᠡᠭᠯᠡᠨ᠎ᠡ︔ ᠡᠳᠦᠷ ᠡᠳᠦᠷ ᠰᠢᠢᠳᠪᠦᠷᠢᠯᠡᠬᠦ ᠂ ᠡᠳᠦᠷ ᠡᠳᠦᠷ ᠡᠮᠬᠢᠯᠡᠬᠦ᠂ ᠡᠳᠦᠷ ᠡᠳᠦᠷ ᠴᠡᠪᠡᠷᠯᠡᠬᠦ᠂ ᠡᠳᠦᠷ ᠡᠳᠦᠷ ᠵᠢᠷᠤᠮᠵᠢᠭᠤᠯᠬᠤ᠂ ᠡᠳᠦᠷ ᠡᠳᠦᠷ ᠪᠠᠶᠢᠴᠠᠭᠠᠬᠤ ᠵᠢᠴᠢ ᠡᠳᠦᠷ ᠡᠳᠦᠷ ᠰᠠᠶᠢᠵᠢᠷᠠᠭᠤᠯᠬᠤ ︽ᠵᠢᠷᠭᠤᠭᠠᠨ T ᠬᠠᠮᠢᠶᠠᠷᠤᠯᠲᠠ︾ ᠶᠢ ᠬᠡᠷᠡᠭᠵᠢᠭᠦᠯᠦᠨ᠎ᠡ︔ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠲᠤᠷ ᠪᠠᠲᠤᠯᠠᠬᠤ᠂ ᠠᠯᠬᠤᠮ ᠳᠠᠷᠠᠭ᠎ᠠ ᠶᠢ ᠰᠠᠶᠢᠲᠤᠷ ᠲᠥᠯᠥᠪᠯᠡᠬᠦ᠂ ᠠᠵᠢᠯᠲᠠᠨ ᠤ ᠡᠷᠡᠭᠦᠯ ᠮᠡᠨᠳᠦ ᠶᠢ ᠰᠠᠶᠢᠲᠤᠷ ᠬᠠᠮᠢᠶᠠᠷᠬᠤ᠂ ᠶᠠᠪᠤᠴᠠ ᠶᠢᠨ ᠠᠮᠤᠷ ᠲᠦᠪᠰᠢᠨ ᠢ ᠰᠠᠶᠢᠲᠤᠷ ᠡᠵᠡᠮᠳᠡᠬᠦ᠂ ᠮᠥᠷᠳᠡᠨ ᠨᠡᠬᠡᠮᠵᠢᠯᠡᠬᠦ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠬᠦ᠂ ᠪᠣᠭᠤᠳᠠᠯ ᠤᠨ ᠲᠡᠮᠳᠡᠭ ᠢ ᠰᠠᠶᠢᠲᠤᠷ ᠵᠢᠷᠤᠮᠵᠢᠭᠤᠯᠬᠤ᠂ ᠬᠠᠳᠠᠭᠠᠯᠠᠵᠤ ᠲᠡᠭᠡᠭᠡᠪᠦᠷᠢᠯᠡᠬᠦ ᠶᠢ ᠰᠠᠶᠢᠲᠤᠷ ᠬᠠᠮᠢᠶᠠᠷᠤᠨ ᠡᠵᠡᠮᠳᠡᠬᠦ ︽ᠲᠤᠯᠤᠭᠠᠨ ᠰᠠᠶᠢᠨᠲᠠᠶ ᠵᠢᠵᠢᠭ ᠦᠢᠯᠡᠳᠬᠡᠯ︾ ᠢ ᠡᠭᠦᠳᠦᠨ ᠪᠠᠶᠢᠭᠤᠯᠤᠨ᠎ᠠ᠃14. ᠵᠠᠬᠢᠳᠠᠯ ᠰᠣᠷᠪᠤᠯᠵᠢᠯᠠᠯ ᠤᠨ ︽ᠭᠤᠷᠪᠠᠨ ᠨᠤᠷᠮ᠎ᠠ︾᠄ ᠵᠠᠬᠢᠳᠠᠯ ᠰᠣᠷᠪᠤᠯᠵᠢᠯᠠᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠨᠤᠷᠮ᠎ᠠ᠂ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠨᠤᠷᠮ᠎ᠠ᠂ ᠵᠠᠷᠭᠤ ᠶᠢ ᠨᠠᠮᠳᠠᠭᠠᠵᠤ ᠰᠣᠷᠪᠤᠯᠵᠢᠯᠠᠯ ᠢ ᠵᠣᠭᠰᠣᠭᠠᠬᠤ ᠨᠤᠷᠮ᠎ᠠ᠃15. ᠰᠤᠮᠤ ᠰᠢᠶᠠᠩ ᠪᠠᠯᠭᠠᠰᠤ ᠶᠢᠨ ︽ᠨᠢᠭᠡ ᠲᠥᠪ ᠳᠥᠷᠪᠡᠨ ᠲᠤᠰᠬᠠᠶ ᠠᠩᠭᠢ︾᠄ ᠶᠡᠷᠦᠩᠬᠡᠢ ᠵᠢᠯᠤᠭᠤᠳᠤᠨ ᠲᠣᠬᠢᠷᠠᠭᠤᠯᠬᠤ ᠲᠥᠪ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠢᠭᠤᠷᠠᠯᠳᠤᠭᠠᠨ ᠤ ᠡᠶᠡᠳᠡᠭᠦᠯᠭᠡ᠂ ᠬᠠᠤᠯᠢ ᠬᠡᠷᠡᠭᠵᠢᠭᠦᠯᠬᠦ ᠬᠠᠮᠢᠶᠠᠷᠤᠯᠲᠠ᠂ ᠬᠢᠨᠠᠯᠲᠠ ᠪᠠᠶᠢᠴᠠᠭᠠᠯᠲᠠ ᠵᠡᠷᠭᠡ ᠨᠡᠶᠢᠭᠡᠮ ᠤᠨ ᠵᠠᠰᠠᠯᠲᠠ ᠶᠢᠨ ᠠᠵᠢᠯ ᠤᠨ 4 ᠲᠤᠰᠬᠠᠶ ᠠᠩᠭᠢ ᠶᠢ ᠵᠢᠭᠠᠵᠤ ᠪᠣᠶ᠃16.  ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ᠄ ᠬᠤᠷᠠᠯ ᠣᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠣᠯᠠᠨ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠦᠬᠡᠨ᠂ ᠠᠵᠢᠯ ᠤᠨ ᠰᠡᠳᠬᠢᠴᠡ ᠴᠦᠬᠡᠨ᠂ ᠪᠣᠳᠠᠲᠠᠶ ᠠᠰᠠᠭᠤᠳᠠᠯ ᠢ  ᠰᠢᠢᠳᠪᠦᠷᠢᠯᠡᠬᠦ ᠨᠢ ᠴᠦᠬᠡᠨ︔ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ ᠂ ᠬᠥᠳᠡᠯᠭᠡᠭᠡᠨ ᠨᠢ ᠤᠳᠠᠭᠠᠨ᠂ ᠦᠷ᠎ᠡ ᠳ᠋ᠦᠩ ᠨᠢ ᠤᠳᠠᠭᠠᠨ᠃17. ᠠᠩᠬᠠᠳᠠᠭᠴᠢ ᠳᠡᠯᠭᠡᠭᠦᠷ ᠤᠨ ᠠᠵᠤ ᠠᠬᠤᠶ᠄ ᠲᠦᠷᠦᠭᠦᠦ ᠳᠡᠯᠭᠡᠭᠦᠷ ᠤᠨ ᠠᠵᠤ ᠠᠬᠤᠶ ᠭᠡᠳᠡᠭ ᠨᠢ ᠨᠢᠭᠡ ᠣᠷᠣᠨ ᠭᠠᠵᠠᠷ ᠨᠢ ᠦᠪᠡᠷ ᠤᠨ ᠣᠨᠴᠠ ᠪᠠᠶᠢᠳᠠᠭ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠲᠥᠷᠥᠯ ᠲᠡᠮᠳᠡᠭᠲᠦ ᠢ ᠦᠪᠡᠷ ᠤᠨ ᠣᠷᠤᠨ ᠭᠠᠵᠠᠷ ᠲᠤ ᠪᠠᠨ ᠲᠠᠲᠠᠨ ᠠᠪᠴᠢᠷᠠᠵᠤ᠂ ᠠᠩᠬ᠎ᠠ ᠤᠳᠠᠭ᠎ᠠ ᠳᠡᠯᠭᠡᠭᠦᠷ ᠨᠡᠭᠡᠭᠡᠨ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠬᠢᠭᠡᠳ ᠣᠷᠣᠨ ᠪᠦᠰᠡ ᠶᠢᠨ ᠡᠬᠢ ᠪᠠᠶᠠᠯᠢᠭ ᠤᠨ ᠬᠠᠮᠤᠭ ᠤᠨ ᠰᠢᠯᠢᠳᠡᠭ ᠠᠪᠴᠠᠯᠳᠤᠯ ᠢ ᠪᠡᠶᠡᠯᠡᠭᠦᠯᠵᠦ᠂ ᠡᠭᠦᠨ ᠤ ᠤᠯᠠᠮ ᠠᠴᠠ ᠲᠣᠰ ᠭᠠᠵᠠᠷ ᠣᠷᠤᠨ ᠤ ᠠᠵᠤ ᠠᠬᠤᠶ ᠶᠢᠨ ᠬᠥᠭᠵᠢᠯᠲᠡ ᠳᠤ ᠢᠳᠡᠪᠬᠢᠲᠡᠶ ᠨᠥᠯᠥᠭᠡ ᠦᠵᠡᠭᠦᠯᠬᠦ‍ ᠨᠢᠭᠡ ᠵᠦᠢᠯ ᠤᠨ ᠠᠵᠤ ᠠᠬᠤᠶ ᠶᠢᠨ ᠬᠡᠯᠪᠡᠷᠢ ᠢ ᠵᠢᠭᠠᠵᠤ ᠪᠠᠶᠢᠨ᠎ᠠ᠃18. ᠠᠩᠬ᠎ᠠ ᠲᠠᠷᠬᠠᠭᠠᠭᠰᠠᠨ ᠠᠵᠤ ᠠᠬᠤᠶ᠄ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠲᠦᠷᠦᠯ ᠲᠡᠮᠳᠡᠭ ᠤᠨ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠦᠢᠯᠡᠳᠬᠦᠨ ᠭᠠᠷᠭᠠᠬᠤ ᠵᠢᠴᠢ ᠠᠩᠬᠠᠨ ᠤ ᠳᠡᠯᠭᠡᠭᠦᠷ ᠨᠡᠭᠡᠭᠡᠬᠦ ᠵᠡᠷᠭᠡ ᠠᠵᠤ ᠠᠬᠤᠶ ᠶᠢᠨ ᠠᠵᠢᠯᠯᠠᠭ᠎ᠠ ᠶᠢᠨ ᠶᠡᠷᠦᠩᠬᠡᠶ ᠨᠡᠷᠡᠶᠢᠳᠦᠯ ᠪᠣᠯᠤᠨ᠎ᠠ᠃19. ᠨᠢᠭᠡ ᠲᠦᠪ ᠲᠠᠪᠤᠨ ᠬᠡᠯᠬᠢᠶ᠎ᠡ᠄ ᠲᠤᠬᠠᠶᠢᠯᠠᠪᠠᠯ ᠥᠩᠭᠡᠲᠦ ᠲᠡᠮᠦᠷᠯᠢᠭ ᠤᠨ ᠠᠵᠤ ᠦᠢᠯᠡᠰ ᠢᠶᠠᠷ ᠭᠤᠤᠯ ᠪᠣᠯᠭᠠᠭᠰᠠᠨ᠂ ᠲᠡᠮᠦᠷᠯᠢᠭ ᠪᠤᠰᠤ ᠰᠢᠨ᠎ᠡ ᠮᠠᠲ᠋ᠧᠷᠢᠶᠠᠯ᠂ ᠹᠯᠣᠷ ᠠᠭᠤᠯᠤᠭᠰᠠᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ  ᠦᠢᠯᠡᠳᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠠᠪᠤᠨ ᠶᠡᠭᠡ ᠠᠵᠤ ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠭᠰᠠᠨ ︽ᠨᠢᠭᠡ ᠲᠦᠪ ᠲᠠᠪᠤᠨ ᠬᠡᠯᠬᠢᠶ᠎ᠡ︾ ᠶᠢᠨ ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠤᠨ᠎ᠠ᠃20. ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢᠨ ︽35532︾ ᠢᠨᠵᠧᠨᠧᠷᠢᠩ᠄ ︽3︾ ᠭᠡᠳᠡᠭ ᠨᠢ 3 ᠲᠦᠪ ᠢ ᠪᠦᠲᠦᠭᠡᠨ ᠪᠠᠶᠢᠭᠤᠯᠤᠨ᠎ᠠ᠂ ᠳᠠᠷᠤᠢ ᠤᠯᠠᠭᠠᠨᠬᠠᠳᠠ ᠰᠢᠯᠢ ᠶᠢᠨ ᠭᠤᠣᠯ ᠲᠦᠩᠯᠢᠶᠣᠤ ᠭᠤᠷᠪᠠᠨ ᠭᠠᠵᠠᠷ ᠤᠨ ᠪᠦᠲᠦᠭᠡᠭᠳᠡᠬᠦᠨ ᠲᠥᠪᠯᠡᠷᠡᠭᠦᠯᠵᠦ ᠲᠠᠷᠬᠠᠭᠠᠬᠤ ᠲᠥᠪ᠂ ᠡᠬᠡ ᠬᠠᠭᠤᠷᠠᠶ ᠳᠠᠯᠠᠢ ᠠᠭᠠᠷ ᠤᠨ ᠵᠠᠮ ᠬᠠᠷᠢᠯᠴᠠᠭᠠᠨ ᠤ ᠲᠥᠪ᠂ ᠨᠦᠭᠡᠴᠡᠯᠡᠬᠦ ᠳᠤᠬᠢᠷᠠᠭᠤᠯᠬᠤ ᠲᠡᠭᠡᠭᠡᠪᠦᠷᠢᠯᠡᠬᠦ ᠠᠷᠠᠯᠵᠢᠶ᠎ᠠ ᠬᠤᠳᠠᠯᠳᠤᠭ᠎ᠠ ᠪᠤᠳᠠᠰ  ᠤᠨ ᠭᠦᠢᠯᠭᠡᠭᠡᠨ ᠤ ᠦᠢᠯᠡᠴᠢᠯᠡᠭᠡᠨ ᠤ ᠲᠥᠪ ᠪᠣᠯᠤᠨ᠎ᠠ︔ ︽5︾ ᠭᠡᠳᠡᠭ ᠨᠢ 5 ᠶᠡᠭᠡ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠂ ᠳᠠᠷᠤᠶ ᠶᠠᠪᠠᠭᠠᠨ ᠵᠡᠭᠡᠯᠢ ᠪᠠᠷ ᠭᠤᠤᠯ ᠪᠣᠯᠭᠠᠭᠰᠠᠨ ᠬᠠᠭᠤᠴᠢᠨ ᠬᠤᠲᠠ ᠲᠣᠭᠤᠷᠢᠭ ᠤᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠨ ᠪᠠᠶᠢᠭᠤᠯᠤᠨ᠎ᠠ︔ ᠭᠢᠳᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠠ ᠲᠢᠶᠠᠨ ᠭᠤᠸᠠᠨ  ᠬᠤᠳᠠᠯᠳᠤᠭᠠᠨ ᠤ ᠲᠥᠪ ᠢᠶᠠᠷ ᠭᠤᠣᠯ ᠪᠣᠯᠭᠠᠭᠰᠠᠨ ᠳᠡᠭᠡᠳᠦ ᠲᠠᠰ ᠤᠨ ᠬᠡᠷᠡᠭᠯᠡᠭᠡᠨ ᠪᠠ ᠦᠳᠡᠰᠢ ᠶᠢᠨ ᠠᠵᠤ ᠠᠬᠤᠶ ᠶᠢᠨ ᠬᠤᠳᠠᠯᠳᠤᠭᠠᠨ ᠤ ᠲᠣᠭᠤᠷᠢᠭ ᠢ ᠲᠡᠭᠦᠯᠳᠡᠷᠵᠢᠭᠦᠯᠦᠨ᠎ᠡ︔ ᠵᠢᠶᠠ ᠶᠤᠸᠠᠨ ᠵᠠᠬ᠎ᠠ ᠳᠡᠯᠭᠡᠭᠦᠷ ᠢᠶᠠᠷ ᠲᠥᠪ ᠪᠣᠯᠭᠠᠭᠰᠠᠨ ᠬᠤᠶᠢᠲᠤ ᠬᠡᠰᠡᠭ ᠤᠨ ᠭᠠᠳᠠᠷ ᠲᠣᠭᠤᠷᠢᠯ ᠤᠨ ᠲᠠᠷᠢᠶᠠᠯᠠᠩ ᠤᠨ ᠠᠷᠠᠯᠵᠢᠶᠠᠨ ᠤ ᠪᠥᠭᠡᠮ ᠬᠤᠳᠠᠯᠳᠤᠭ᠎ᠠ᠂ ᠡᠳᠦᠷ ᠲᠤᠲᠤᠮ ᠤᠨ ᠬᠡᠷᠡᠭᠰᠡᠯ ᠤᠨ ᠠᠷᠠᠯᠵᠢᠶᠠᠨ ᠤ ᠲᠣᠭᠤᠷᠢᠭ︔ ᠳᠡᠭᠡᠳᠦ ᠨᠡᠶᠢᠰᠯᠡᠯ ᠤᠨ ᠡᠷᠲᠡᠨ ᠤ ᠪᠠᠯᠭᠠᠰᠤ ᠶᠢᠨ ᠵᠢᠭᠤᠯᠴᠢᠯᠠᠯ ᠬᠤᠳᠠᠯᠳᠤᠭ᠎ᠠ ᠵᠤᠭ᠎ᠠ ᠴᠡᠩᠭᠡᠯ ᠢ ᠨᠢᠭᠡ ᠴᠣᠭᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ︔ ᠪᠸᠢ ᠲᠠ ᠴᠡᠴᠡᠷᠯᠢᠭ ᠢᠶᠠᠷ ᠰᠠᠭᠤᠷᠢ ᠪᠣᠯᠭᠠᠭᠰᠠᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ︔ ︽5︾ ᠭᠡᠳᠡᠭ ᠨᠢ ᠡᠯ᠎ᠡ ᠰᠤᠮᠤ ᠰᠢᠶᠠᠩ ᠪᠠᠯᠭᠠᠰᠤ ᠶᠢ ᠨᠥᠯᠥᠭᠡᠯᠡᠨ ᠳᠠᠶᠢᠴᠢᠯᠠᠬᠤ 5 ᠴᠢᠬᠤᠯᠠ ᠵᠠᠬ᠎ᠠ ᠳᠡᠯᠭᠡᠭᠦᠷ ᠪᠣᠯᠤᠨ᠎ᠠ︔ ︽3︾ ᠭᠡᠳᠡᠭ ᠨᠢ ᠭᠤᠷᠪᠠᠨ ᠱᠠᠲᠤᠨ ᠤ ᠪᠤᠳᠠᠰ ᠤᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠢᠴᠢ ᠬᠤᠰᠢᠭᠤ ᠬᠡᠪᠴᠢᠶᠡᠨ ᠤ ᠬᠤᠳᠠᠯᠳᠤᠭᠠᠨ ᠤ ᠲᠤᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠂  ᠳᠠᠷᠤᠢ 1 ᠬᠤᠰᠢᠭᠤ ᠱᠠᠲᠤᠨ ᠤ ᠪᠤᠳᠠᠰ ᠤᠨ ᠭᠦᠢᠯᠭᠡᠭᠡᠨ  ᠤ ᠲᠣᠬᠢᠷᠠᠭᠤᠯᠤᠨ ᠬᠦᠷᠭᠡᠬᠦ ᠲᠥᠪ ᠢ ᠲᠡᠭᠦᠯᠳᠡᠷᠵᠢᠭᠦᠯᠵᠦ᠂ 11 ᠰᠤᠮᠤ ᠰᠢᠶᠠᠩ ᠪᠠᠯᠭᠠᠰᠤ ᠶᠢᠨ  ᠪᠤᠳᠠᠰ ᠤᠨ ᠭᠦᠢᠯᠭᠡᠭᠡᠨ  ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ᠂ 166 ᠵᠠᠰᠠᠭ ᠵᠠᠬᠢᠷᠭᠠᠨ ᠤ ᠲᠣᠰᠬᠤᠨ ᠢ ᠬᠠᠮᠤᠷᠠᠭᠰᠠᠨ ᠦᠢᠯᠡᠴᠢᠯᠡᠭᠡᠨ  ᠤ ᠴᠡᠭ ᠭᠠᠷᠭᠠᠵᠤ᠂ ᠪᠤᠳᠠᠰ ᠤᠨ ᠭᠦᠢᠯᠭᠡᠭᠡᠨ ᠤ ᠬᠠᠮᠲᠤᠪᠠᠷ ᠲᠣᠬᠢᠷᠠᠭᠤᠯᠤᠨ ᠬᠦᠷᠭᠡᠬᠦ 4 ᠵᠤᠷᠪᠤᠰ ᠵᠠᠮ ᠱᠤᠭᠤᠮ ᠢ ᠪᠤᠢ ᠪᠣᠯᠭᠠᠨ᠎ᠠ︔ ︽2︾ ᠭᠡᠳᠡᠭ ᠨᠢ 2 ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠪᠠᠶᠢᠭᠤᠯᠤᠨ᠎ᠠ᠂ ᠳᠠᠷᠤᠢ ᠤᠯᠤᠰ ᠤᠨ  ᠦᠮᠴᠢᠯᠡᠯᠲᠦ ᠺᠣᠮᠫᠠᠨᠢ ᠶᠢᠨ ᠬᠡᠷᠡᠭᠵᠢᠭᠦᠯᠵᠦ ᠪᠠᠶᠢᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠣᠭᠤᠷᠢᠭ ᠲᠠᠬᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠵᠢᠴᠢ ᠮᠣᠵᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠲᠠᠪᠴᠠᠩ ᠪᠣᠯᠤᠨ᠎ᠠ᠃21. ᠲᠠᠪᠤ ᠪᠠᠶᠢᠬᠤ᠄ ᠳᠦᠷᠢᠮ ᠲᠠᠢ᠂ ᠠᠵᠢᠯᠲᠠᠨ ᠲᠠᠢ᠂ ᠥᠷᠲᠡᠭᠡ ᠲᠠᠢ᠂  ᠫᠠᠶᠢᠰᠠ ᠢᠯᠡᠷᠬᠡᠶᠢᠯᠡᠯ ᠲᠠᠢ᠂ ᠵᠠᠷᠤᠳᠠᠯ ᠲᠠᠢ᠃22. ᠠᠵᠤ ᠠᠬᠤᠶᠢᠯᠠᠯ ᠤᠨ SC ᠭᠡᠷᠡᠴᠢᠯᠡᠯ᠄ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠳ᠋ᠤᠭᠠᠷᠯᠠᠯ ᠳᠤ ᠠᠩᠭ᠍ᠯᠢ ᠬᠡᠯᠡᠨ ᠤ ᠶᠡᠭᠡ ᠪᠢᠴᠢᠯᠭᠡ ᠶᠢᠨ SC ᠪᠠ 14 ᠣᠷᠣᠨᠲᠤ ᠠᠷᠠᠪ ᠲᠤᠭ᠎ᠠ ᠪᠠᠭᠲᠠᠨ᠎ᠠ᠂ ᠡᠶᠢᠮᠦ ᠠᠴᠠ SC ᠢᠶᠠᠷ ᠶᠡᠷᠦ ᠳᠡᠭᠡᠨ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠢᠯᠡᠷᠬᠡᠶᠢᠯᠡᠳᠡᠭ᠃23. ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠪᠠᠷ ᠢᠶᠠᠨ ᠪᠠᠶᠢᠬᠤ ᠶᠢ ᠠᠷᠢᠯᠭᠠᠬᠤ︾ ᠠᠵᠢᠯᠯᠠᠭ᠎ᠠ᠄ ᠳᠠᠷᠤᠢ ᠤᠰᠤᠨ ᠣᠷᠣᠨ ᠪᠠ ᠲᠠᠩ ᠭᠠᠵᠠᠷ ᠢ ᠬᠠᠤᠯᠢ ᠪᠤᠰᠤ ᠪᠠᠷ ᠡᠵᠡᠯᠡᠬᠦ ᠵᠡᠷᠭᠡ ︽ᠳᠤᠷ᠎ᠠ ᠪᠠᠷ ᠢᠶᠠᠨ ᠡᠵᠡᠯᠡᠭᠰᠡᠨ︾ ᠠᠵᠢᠯᠯᠠᠭ᠎ᠠ︔ ᠵᠥᠪᠰᠢᠶᠡᠷᠡᠯ ᠶᠣᠰᠣᠭᠠᠷ ᠡᠯᠡᠰᠦ ᠮᠠᠯᠲᠠᠬᠤ ᠦᠭᠡᠶ᠂ ᠮᠠᠯᠲᠠᠬᠤ ᠶᠢ ᠴᠠᠭᠠᠵᠠᠯᠠᠭᠰᠠᠨ ᠣᠷᠣᠨ ︵ᠬᠤᠭᠤᠴᠠᠭ᠎ᠠ︶ ᠳᠤ ᠡᠯᠡᠰᠦ ᠮᠠᠯᠲᠠᠬᠤ᠂ ᠵᠥᠪᠰᠢᠶᠡᠷᠡᠯ ᠦᠭᠡᠶ ᠪᠠᠷ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠰᠢᠷᠣᠶ ᠠᠪᠬᠤ ᠵᠡᠷᠭᠡ ︽ᠳᠤᠷ᠎ᠠ ᠪᠠᠷ ᠢᠶᠠᠨ ᠮᠠᠯᠲᠠᠬᠤ︾ ᠠᠵᠢᠯᠯᠠᠭ᠎ᠠ︔ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠢᠳᠬᠤᠬᠤ᠂ ᠪᠤᠯᠠᠬᠤ᠂ ᠬᠠᠳᠠᠭᠠᠯᠠᠬᠤ᠂ ᠣᠪᠣᠭᠠᠯᠠᠬᠤ᠂ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠬᠠᠶᠠᠬᠤ᠂ ᠣᠪᠣᠭᠠᠯᠠᠬᠤ ᠵᠡᠷᠭᠡ ︽ᠳᠤᠷ᠎ᠠ ᠪᠠᠷ ᠢᠶᠠᠨ ᠣᠪᠣᠭᠠᠯᠠᠬᠤ︾ ᠠᠵᠢᠯᠯᠠᠭ᠎ᠠ︔ ᠭᠤᠣᠯ ᠤᠨ ᠡᠷᠭᠢ ᠶᠢ ᠤᠷᠳᠤ ᠬᠤᠭᠤᠴᠠᠭ᠎ᠠ ᠪᠠᠷ ᠡᠵᠡᠯᠡᠭᠡᠳ ᠬᠡᠷᠡᠭᠯᠡᠬᠦ ᠦᠭᠡᠢ ᠪᠠᠶᠢᠬᠤ᠂ ᠢᠯᠡᠭᠦᠦ ᠡᠵᠡᠯᠡᠨ ᠳᠤᠲᠠᠭᠤ ᠬᠡᠷᠡᠭᠯᠡᠬᠦ᠂ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠬᠡᠷᠡᠭᠯᠡᠬᠦ᠂ ᠵᠥᠪᠰᠢᠶᠡᠷᠡᠯ ᠣᠯᠤᠭᠰᠠᠨ ᠦᠭᠡᠢ ᠪᠠ ᠵᠥᠪᠰᠢᠶᠡᠷᠡᠯ ᠤᠨ ᠱᠠᠭᠠᠷᠳᠠᠯᠭ᠎ᠠ ᠶᠢ ᠵᠦᠷᠢᠴᠡᠨ ᠭᠤᠣᠯ ᠮᠥᠷᠡᠨ ᠳᠤ ᠬᠤᠯᠪᠣᠭᠳᠠᠬᠤ ᠵᠦᠢᠯᠡᠰ ᠢ ᠪᠦᠳᠦᠭᠡᠨ ᠪᠠᠶᠢᠭᠤᠯᠬᠤ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠪᠠᠶᠢᠭᠤᠯᠬᠤ ᠵᠡᠷᠭᠡ ︽ᠳᠤᠷ᠎ᠠ ᠪᠠᠷ ᠢᠶᠠᠨ ᠪᠠᠶᠢᠭᠤᠯᠬᠤ︾ ᠠᠵᠢᠯᠯᠠᠭ᠎ᠠ ᠶᠢ ᠵᠢᠭᠠᠵᠤ ᠪᠠᠶᠢᠨ᠎ᠠ᠃24. ︽ᠬᠤᠶᠠᠷ ᠥᠨᠳᠥᠷ ᠨᠢᠭᠡ ᠳᠣᠣᠷ᠎ᠠ︾ ᠲᠥᠷᠥᠯ ᠵᠦᠢᠯ᠄ ᠡᠨᠧᠷᠭᠢ ᠶᠡᠭᠡ ᠬᠤᠷᠣᠭᠳᠠᠭᠤᠯᠬᠤ᠂ ᠪᠣᠬᠢᠷᠲᠤᠯ ᠶᠡᠭᠡ ᠭᠠᠳᠠᠭᠰᠢᠯᠠᠭᠤᠯᠬᠤ᠂ ᠳᠣᠣᠷ᠎ᠠ ᠬᠢᠷᠢ ᠲᠦᠪᠰᠢᠨ ᠤ ᠬᠦᠭᠵᠢᠯᠲᠡ ᠶᠢᠨ ᠲᠥᠷᠥᠯ ᠵᠦᠢᠯ᠃25. ᠲᠠᠪᠤᠨ ᠶᠡᠭᠡ ᠬᠤᠷᠰᠢᠶᠠᠵᠢᠯ᠄ ᠬᠥᠳᠡᠭᠡ ᠲᠣᠰᠬᠤᠨ ᠳᠤ ᠬᠤᠪᠢ ᠣᠷᠣᠭᠤᠯᠤᠭᠰᠠᠨ ᠠᠵᠤ ᠠᠬᠤᠶ᠂ ᠭᠠᠵᠠᠷ ᠰᠢᠷᠣᠶ᠂ ᠵᠢᠭᠤᠯᠴᠢᠯᠠᠯ᠂ ᠬᠥᠳᠡᠯᠮᠦᠷᠢ ᠦᠢᠯᠡᠴᠢᠯᠡᠭᠡ᠂ ᠠᠳᠠᠯ  ᠦᠢᠯᠡᠰ ᠵᠡᠷᠭᠡ ᠲᠠᠪᠤᠨ ᠶᠡᠭᠡ ᠬᠤᠷᠰᠢᠶᠠᠵᠢᠯ ᠪᠠᠶᠢᠭᠤᠯᠤᠨ᠎ᠠ᠃26. ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ︽ᠠᠷᠪᠠ ᠥᠬᠡᠶ︾ ᠶᠢᠨ ᠦᠨᠳᠦᠰᠦᠨ ᠱᠠᠭᠠᠷᠳᠠᠯᠭ᠎ᠠ᠄ ᠬᠢᠵᠠᠭᠠᠷᠯᠠᠬᠤ ᠥᠬᠡᠶ ᠠᠪᠬᠤ ᠥᠬᠡᠶ᠂ ᠲᠦᠯᠬᠢᠬᠦ ᠦᠭᠡᠢ ᠤᠳᠠᠭᠠᠰᠢᠷᠠᠭᠤᠯᠬᠤ ᠥᠬᠡᠶ᠂ ᠮᠡᠬᠡᠯᠡᠬᠦ ᠥᠬᠡᠶ ᠨᠢᠭᠤᠬᠤ ᠥᠬᠡᠶ᠂ ᠲᠦᠢᠪᠡᠭᠡᠬᠦ ᠥᠬᠡᠶ ᠪᠣᠬᠢᠨᠢᠳᠤᠬᠤ ᠦᠭᠡᠢ᠂ ᠳᠤᠷ᠎ᠠ ᠪᠠᠷ ᠨᠢ ᠲᠠᠯᠪᠢᠬᠤ ᠥᠬᠡᠶ ᠥᠮᠥᠭᠯᠡᠬᠦ ᠥᠬᠡᠶ᠃27. ᠭᠤᠷᠪᠠᠨ ᠳᠠᠭᠠᠤ ᠳᠣᠯᠣᠭᠠᠨ ᠣᠷᠤᠨ᠄ ᠭᠤᠷᠪᠠᠨ ᠳᠠᠭᠠᠤ᠂ ᠳᠠᠷᠤᠢ ᠲᠡᠮᠦᠷ ᠵᠠᠮ᠂ ᠦᠨᠳᠦᠷ ᠵᠠᠰᠠᠮᠠᠯ ᠵᠠᠮ ᠪᠣᠯᠤᠨ ᠤᠯᠤᠰ ᠤᠨ ᠵᠠᠮ᠂ ᠮᠤᠵᠢ ᠶᠢᠨ ᠵᠠᠮ᠂ ᠰᠤᠮᠤ ᠪᠠᠯᠭᠠᠰᠤ ᠭᠠᠴᠠᠭ᠎ᠠ ᠲᠤᠰᠬᠤᠨ ᠤ ᠵᠠᠰᠠᠮᠠᠯ ᠵᠠᠮ ᠳᠠᠭᠠᠤ᠂ ᠠᠶᠢᠯ ᠲᠣᠰᠬᠤᠨ ᠤ ᠡᠷᠭᠢᠨ ᠲᠣᠭᠤᠷᠢᠨ᠂ ᠭᠤᠣᠯ ᠮᠥᠷᠡᠨ᠂ ᠤᠰᠤᠨ ᠴᠥᠭᠦᠷᠥᠮ ᠤᠨ ᠡᠷᠭᠢ ᠳᠠᠭᠠᠤ ᠪᠣᠯᠤᠨ᠎ᠠ︔ ᠳᠣᠯᠣᠭᠠᠨ ᠣᠷᠣᠨ ᠭᠡᠳᠡᠭ ᠨᠢ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠨᠡᠷᠡᠲᠦ ᠦᠵᠡᠮᠵᠢ ᠶᠢᠨ ᠣᠷᠣᠨ᠂ ᠲᠥᠪᠯᠡᠷᠡᠭᠰᠡᠨ ᠣᠷᠣᠨ ᠰᠠᠭᠤᠴᠠ ᠶᠢᠨ ᠲᠣᠭᠤᠷᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠪᠣᠯᠤᠨ ᠠᠵᠤ ᠦᠢᠯᠡᠳᠪᠦᠷᠢ ᠶᠢᠨ ᠲᠣᠭᠤᠷᠢᠭ ᠢ ᠵᠢᠭᠠᠵᠤ ᠪᠤᠶ᠃ 28. ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠄ ᠬᠤᠰᠢᠭᠤ ᠰᠤᠮᠤ ᠰᠢᠶᠠᠩ ᠪᠠᠯᠭᠠᠰᠤ ᠭᠠᠴᠠᠭ᠎ᠠ ᠲᠤᠰᠬᠤᠨ ᠤ ᠡᠮᠴᠢᠯᠡᠭᠡᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠬᠠᠮᠢᠶᠠᠷᠬᠤ ᠰᠢᠨ᠎ᠡ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠬᠢᠭᠡᠳ ᠦᠢᠯᠡᠴᠢᠯᠡᠭᠡᠨ ᠤ ᠬᠡᠯᠪᠡᠷᠢ ᠪᠣᠯᠤᠨ᠎ᠠ᠂ ᠬᠤᠰᠢᠭᠤ ᠱᠠᠲᠤ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠠᠷ  ᠳᠠᠭᠠᠭᠤᠯᠤᠭᠴᠢ ᠨᠢᠭᠡᠴᠡ ᠪᠣᠯᠭᠠᠵᠤ᠂ ᠬᠤᠰᠢᠭᠤ ᠰᠤᠮᠤ ᠰᠢᠶᠠᠩ ᠪᠠᠯᠭᠠᠰᠤ ᠭᠠᠴᠠᠭ᠎ᠠ ᠲᠤᠰᠬᠤᠨ ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠲᠦᠭᠦᠯᠦᠨ᠂ ᠣᠷᠣᠨ ᠪᠦᠰᠡ ᠶᠢᠨ ᠪᠦᠯᠦᠭᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂  ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠢ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠲᠥᠰᠦᠪ ᠤᠨ ᠠᠷᠭ᠎ᠠ ᠮᠠᠶ᠋ᠢᠭ ᠢᠶᠠᠷ ᠲᠣᠭᠠᠴᠠᠭ᠎ᠠ ᠬᠢᠬᠦ ᠶᠢ ᠬᠡᠷᠡᠭᠵᠢᠭᠦᠯᠬᠦ‍ ᠨᠢᠭᠡ ᠵᠦᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ᠎ᠠ᠃ 29. ᠹᠧᠩᠴᠢᠶᠤᠤ ᠶᠢᠨ ᠲᠤᠷᠰᠢᠯᠭ᠎ᠠ᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ᠂ ᠵᠧᠵᠢᠶᠠᠩ ᠮᠤᠵᠢ ᠶᠢᠨ ᠵᠦ ᠵᠢᠢ ᠰᠢᠶᠠᠨ ︵ᠤᠳᠤ ᠶᠢᠨ ᠵᠦ ᠵᠢᠢ ᠬᠤᠳᠠ︶ ᠤ ᠹᠧᠩᠴᠢᠶᠤᠤ ᠪᠠᠯᠭᠠᠰᠤᠨ ᠤ ᠺᠠᠳ᠋ᠷ ᠤᠯᠠᠨ ᠲᠦᠮᠡᠨ ᠤ ᠡᠭᠦᠳᠦᠨ ᠪᠦᠲᠦᠭᠡᠭᠰᠡᠨ ︽ᠤᠯᠠᠨ ᠲᠦᠮᠡᠨ ᠢ ᠲᠠᠶᠢᠴᠢᠯᠠᠨ ᠲᠦᠰᠢᠭᠯᠡᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠪᠠᠷᠢᠮᠲᠠᠯᠠᠨ᠂ ᠬᠥᠮᠦᠨ ᠴᠥᠭᠡᠨ ᠪᠠᠷᠢᠵᠤ᠂ ᠠᠮᠤᠷ ᠢ ᠬᠠᠮᠠᠭᠠᠯᠠᠬᠤ ᠠᠵᠢᠯ ᠢ ᠰᠠᠶᠢᠨ ᠬᠢᠬᠦ︾ ᠲᠤᠷᠰᠢᠯᠭ᠎ᠠ ᠶᠢ ᠬᠡᠯᠡᠵᠦ ᠪᠠᠶᠢᠨ᠎ᠠ᠃ 30. ᠫᠦᠵᠢᠶᠠᠩ ᠤᠨ ᠲᠤᠷᠰᠢᠯᠭ᠎ᠠ᠄  ᠰᠢ ᠶᠢᠨ ᠫᠢᠩ ᠶᠡᠷᠦᠩᠬᠡᠶ ᠱᠦᠵᠢ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ ᠪᠡᠶ᠎ᠡ ᠪᠠᠷ ᠢᠶᠠᠨ ᠰᠠᠨᠠᠭᠠᠴᠢᠯᠠᠬᠤ ᠶᠢᠨ ᠬᠠᠮᠲᠤ ᠲᠦᠷᠦᠭᠦᠯᠡᠨ ᠳᠣᠷᠣᠭᠰᠢ ᠪᠠᠭᠤᠵᠤ ᠰᠤᠷᠪᠤᠯᠵᠢᠯᠠᠬᠤ ᠪᠠ ᠣᠯᠠᠨ ᠲᠦᠮᠡᠨ ᠤ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠬᠤ ᠠᠴᠠ ᠪᠤᠶ ᠪᠣᠯᠭᠠᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠪᠣᠯᠤᠨ᠎ᠠ᠂ ᠺᠠᠳ᠋ᠷ ᠪᠣᠯᠤᠨ ᠣᠯᠠᠨ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠭᠰᠠᠨ ᠠᠮᠢᠳᠤᠯᠢᠭ ᠦᠢᠯᠡᠳᠦᠯᠭᠡ ᠮᠥᠨ᠃31. ︽ᠲᠤᠭ᠎ᠠ ᠶᠢ ᠪᠠᠭᠠᠰᠬᠠᠵᠤ ᠬᠡᠪᠴᠢᠶ᠎ᠡ ᠶᠢ ᠬᠢᠵᠠᠭᠠᠷᠯᠠᠬᠤ︾ ᠲᠤᠰᠬᠠᠢ ᠠᠵᠢᠯᠯᠠᠭ᠎ᠠ᠄ ᠵᠠᠮ ᠬᠠᠷᠢᠯᠴᠠᠭᠠᠨ ᠤ ᠭᠡᠨᠡᠳᠡᠯ ᠭᠠᠷᠬᠤ ᠶᠢ ᠪᠠᠭᠠᠰᠬᠠᠵᠤ᠂ ᠵᠠᠮ ᠬᠠᠷᠢᠯᠴᠠᠭᠠᠨ ᠤ ᠭᠡᠨᠡᠳᠡᠯ ᠤᠨ ᠬᠡᠪᠴᠢᠶ᠎ᠡ ᠶᠢ ᠬᠢᠵᠠᠭᠠᠷᠯᠠᠬᠤ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠬᠤ ᠶᠢ ᠵᠢᠭᠠᠵᠤ ᠪᠠᠶᠢᠨ᠎ᠠ᠃ 32. ᠭᠤᠷᠪᠠᠨ ᠡᠷᠬᠡᠪᠰᠢ᠄ ᠪᠦᠬᠦ ᠨᠠᠮ ᠤᠨ ᠨᠥᠬᠦᠳ ᠡᠷᠬᠡᠪᠰᠢ ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠶ ᠪᠠᠶᠢᠵᠤ᠂ ᠲᠡᠰᠪᠦᠷᠢ ᠬᠠᠲᠠᠭᠤᠵᠢᠯᠲᠠᠶ ᠠᠵᠢᠯᠯᠠᠵᠤ᠂ ᠡᠷᠬᠡᠪᠰᠢ ᠵᠣᠷᠢᠭᠲᠠᠶ ᠪᠠᠷ ᠲᠡᠮᠡᠴᠡᠵᠦ᠂ ᠴᠢᠳᠠᠮᠠᠭᠠᠶ ᠪᠠᠷ ᠲᠡᠮᠡᠴᠡᠨ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠡᠩ ᠭᠡᠷᠡᠯ ᠰᠠᠴᠤᠷᠠᠩᠭᠤᠶ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠶ᠃ 33. ᠬᠤᠶᠠᠷ ᠢ ᠲᠣᠭᠲᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠬᠤ ᠪᠠ ᠪᠦᠬᠦ ᠨᠠᠮ ᠤᠨ  ᠭᠤᠣᠯᠯᠠᠬᠤ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠨ᠎ᠠ 34. ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠥᠪ ᠬᠤᠷᠢᠶᠠᠨ ᠤ ᠭᠤᠣᠯᠯᠠᠬᠤ ᠪᠠ ᠪᠥᠬᠦ ᠨᠠᠮ ᠤᠨ ᠭᠤᠣᠯᠯᠠᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ 35. ︽ᠠᠷᠪᠠ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ᠄ ᠬᠤᠶᠠᠷ ᠨᠢᠭᠤᠷᠳᠠᠨ ᠪᠣᠯᠵᠤ᠂ ᠬᠤᠶᠠᠷ ᠨᠢᠭᠤᠷᠳᠠᠨ ᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠬᠤ ᠶᠢ ᠴᠢᠩᠭ᠎ᠠ ᠴᠠᠭᠠᠵᠠᠯᠠᠨ᠎ᠠ᠃ ᠪᠤᠷᠤᠭᠤ ᠦᠵᠡᠯ ᠰᠠᠨᠠᠭᠠᠨ ᠤ ᠤᠷᠤᠰᠬᠠᠯ ᠤᠨ ᠨᠡᠷᠪᠡᠯᠲᠡ ᠶᠢ ᠳᠤᠷ᠎ᠠ ᠪᠠᠷ ᠨᠢ ᠲᠠᠯᠪᠢᠬᠤ ᠶᠢ ᠴᠢᠩᠭ᠎ᠠ ᠴᠠᠭᠠᠵᠠᠯᠠᠨ᠎ᠠ᠃ ᠵᠦᠢ ᠪᠤᠰᠤ ᠪᠠᠷ ᠶᠠᠪᠤᠯᠴᠠᠬᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ ᠪᠠ ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠬᠤ ᠶᠢ ᠴᠢᠩᠭ᠎ᠠ ᠴᠠᠭᠠᠵᠠᠯᠠᠨ᠎ᠠ᠃ ᠲᠣᠭᠲᠠᠭᠠᠯ ᠢ ᠵᠥᠷᠢᠴᠡᠨ ᠠᠰᠢᠭ ᠬᠤᠨᠵᠢᠪᠣᠷᠢ ᠤᠯᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠥᠮᠥᠭᠯᠡᠬᠦ ᠪᠠ ᠳᠤᠷ᠎ᠠ ᠪᠠᠷ ᠨᠢ ᠲᠠᠯᠪᠢᠬᠤ ᠶᠢ ᠴᠢᠩᠭ᠎ᠠ ᠴᠠᠭᠠᠵᠠᠯᠠᠨ᠎ᠠ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠠᠵᠢᠯ ᠬᠢᠬᠦ ᠦᠭᠡᠢ ᠪᠣᠶᠤ ᠳᠤᠷ᠎ᠠ ᠪᠠᠷ ᠢᠶᠠᠨ ᠬᠢᠬᠦ ᠵᠢᠴᠢ ᠣᠨᠴᠠ ᠡᠷᠬᠡ ᠭᠠᠷᠭᠠᠵᠤ ᠰᠦᠷ ᠮᠠᠨᠳᠤᠭᠤᠯᠬᠤ ᠶᠢ ᠴᠢᠩᠭ᠎ᠠ ᠴᠠᠭᠠᠵᠠᠯᠠᠨ᠎ᠠ᠃ ᠴᠢᠮᠡᠭᠡ ᠰᠤᠷᠠᠭ ᠳᠠᠮᠵᠢᠭᠤᠯᠵᠤ᠂ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠨ᠎ᠠ᠃36. ︽ᠭᠤᠷᠪᠠᠨ ᠠᠯᠪᠠᠨ︾ ᠤ ᠵᠠᠷᠤᠳᠠᠯ᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ ᠲᠡᠷᠭᠡ ᠬᠥᠰᠬᠡ ᠬᠤᠳᠠᠯᠳᠤᠨ ᠠᠪᠬᠤ ᠵᠢᠴᠢ ᠠᠶᠠᠯᠠᠨ ᠶᠠᠪᠤᠬᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠭ᠎ᠠ ᠶᠢᠨ ᠵᠠᠷᠤᠳᠠᠯ ᠢ ᠵᠢᠭᠠᠵᠤ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号