—— 2024 ᠣᠨ ᠤ 2 ᠰᠠᠷ᠎ᠠ ᠶᠢᠨ 25 ᠤ ᠡᠳᠣᠷ ᠪᠠᠭᠠᠷᠢᠨ ᠵᠡᠭᠦᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ | | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠧᠨ ᡁᠢ ᠴᠢᠶᠠᠩ | ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ | ᠲᠦᠯᠦᠭᠡᠯᠡᠨ᠂ ᠶᠡᠭᠡ ᠬᠤᠷᠠᠯ ᠳᠤ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠨᠠᠰᠢᠬᠢ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠦᠪᠯᠡᠬᠦ | ᠪᠣᠯᠪᠠᠦ᠃ ᠬᠤᠷᠠᠯ ᠳᠤ ᠰᠤᠯᠠ ᠣᠷᠤᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | 2023 ᠣᠨ ᠤ ᠭᠤᠣᠯ ᠠᠵᠢᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠢ ᠲᠣᠭᠤᠷᠢᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ | ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠠᠵᠢᠯ ᠤᠨ ᠭᠤᠤᠯ ᠰᠢᠵᠢᠮ ᠪᠣᠯᠭᠠᠵᠤ᠂ ᠪᠠᠶᠢᠭᠤᠯᠤᠯ ᠤᠨ | ᠢᠲᠡᠭᠡᠯ ᠢᠶᠠᠨ ᠪᠠᠲᠤᠳᠬᠠᠨ᠂ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠨ ᠡᠷᠬᠡ ᠪᠠᠨ ᠬᠡᠷᠡᠭᠵᠢᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳᠴᠢᠯᠠᠯ ᠬᠠᠤᠯᠢᠵᠢᠯ ᠤᠨ | ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠨᠢᠭᠡ ᠵᠢᠯ ᠤᠨ ᠲᠤᠷᠰᠢ᠂ ᠪᠠᠶᠢᠩᠭᠤ ᠶᠢᠨ ᠬᠤᠷᠢᠶᠠᠨ ᠤ ᠬᠤᠷᠠᠯ ᠢ ᠨᠡᠶᠢᠲᠡ 9 ᠤᠳᠠᠭ᠎ᠠ᠂ ᠡᠷᠬᠢᠯᠡᠭᠴᠢ ᠶᠢᠨ ᠬᠤᠷᠠᠯ ᠢ 12 | ᠤᠳᠠᠭ᠎ᠠ ᠬᠤᠷᠠᠯᠳᠤᠭᠤᠯᠵᠤ᠂ ︽ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ 22 | ᠵᠦᠢᠯ ᠢ ᠰᠣᠨᠣᠰᠤᠨ ᠬᠢᠨᠠᠨ ᠵᠥᠪᠯᠡᠵᠦ᠂ 16 ᠵᠦᠢᠯ ᠤᠨ ᠰᠢᠢᠳᠪᠦᠷᠢ ᠲᠣᠭᠲᠠᠭᠠᠯ ᠭᠠᠷᠭᠠᠨ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠲᠣᠭᠤᠷᠢᠨ ᠪᠠᠶᠢᠴᠠᠭᠠᠯᠲᠠ ᠰᠤᠳᠤᠯᠤᠯᠲᠠ ᠶᠢ 16 ᠤᠳᠠᠭ᠎ᠠ ᠥᠷᠨᠢᠭᠦᠯᠵᠦ᠂ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠭ ᠵᠣᠷᠢᠯᠲᠠ ᠪᠠᠨ ᠦᠯᠦ ᠬᠤᠪᠢᠷᠠᠭᠤᠯᠬᠤ ᠤᠯᠤᠰ | ᠲᠦᠷᠦ ᠶᠢᠨ ᠮᠥᠨ ᠴᠢᠨᠠᠷ ᠢᠶᠠᠨ ᠢᠮᠠᠭᠲᠠ ᠪᠠᠲᠤᠯᠠᠪᠠ | ᠤᠯᠤᠰ ᠲᠦᠷᠦ ᠶᠢᠨ ᠪᠠᠶᠢᠭᠤᠯᠭ᠎ᠠ ᠶᠢᠨ ᠨᠢᠭᠡᠳᠦᠭᠡᠷ ᠰᠢᠨᠵᠢ ᠴᠢᠨᠠᠷ ᠢ ᠪᠠᠲᠤ ᠴᠡᠭᠡᠵᠢᠯᠡᠵᠦ᠂ ᠨᠠᠮ ᠤᠨ | ᠤᠳᠤᠷᠢᠳᠤᠯᠭ᠎ᠠ ᠶᠢ ᠤᠬᠠᠮᠰᠠᠷ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ | ᠪᠠ ᠪᠦᠬᠦ ᠶᠠᠪᠤᠴᠠ ᠳᠤ ᠲᠤᠤᠱᠯᠠᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠳᠤᠷᠭᠤ ᠬᠠᠮᠠᠭᠠᠯᠠᠭᠴᠢ ᠪᠠ ︽ᠬᠤᠶᠠᠷ ᠢ | ᠬᠠᠮᠠᠭᠠᠯᠠᠬᠤ︾ ᠶᠢᠨ ᠵᠢᠱᠢᠶᠡᠴᠢ ᠦᠢᠯᠡᠳᠦᠯᠭᠡᠵᠢᠭᠦᠯᠦᠭᠴᠢ ᠪᠣᠯᠪᠠ᠃ | ︵ᠨᠢᠭᠡ︶ ᠦᠵᠡᠯ ᠰᠠᠨᠠᠭ᠎ᠠ ᠶᠢ ᠰᠤᠷᠤᠯᠴᠠᠨ᠂ ᠮᠡᠳᠡᠬᠦ ᠪᠠ ᠬᠢᠬᠦ ᠪᠠᠨ ᠨᠢᠭᠡᠳᠬᠡᠵᠦ᠂ ᠡᠷᠡᠮᠡᠬᠡᠶᠢᠯᠡᠨ ᠤᠷᠤᠭᠰᠢᠯᠠᠬᠤ | ᠬᠦᠴᠦᠨ ᠢ ᠨᠢᠭᠲᠠᠷᠠᠭᠤᠯᠪᠠ᠃ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠴᠢᠬᠤᠯᠠ | ᠡᠭᠦᠷᠭᠡ ᠪᠠᠨ ᠪᠣᠯᠭᠠᠵᠤ᠂ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠨᠢᠭᠡᠳᠦᠭᠡᠷ ᠵᠥᠪᠯᠡᠬᠦ | ᠰᠡᠳᠦᠪ︾ ᠤᠨ ᠲᠦᠷᠢᠮ ᠢ ᠪᠠᠷᠢᠮᠲᠠᠯᠠᠨ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠲᠥᠷᠥ ᠶᠢᠨ | ᠪᠣᠳᠣᠯᠭ᠎ᠠ ᠶᠢ ᠴᠠᠭ ᠲᠤᠬᠠᠶ ᠳᠤᠨᠢ ᠰᠤᠷᠤᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠠᠭᠠᠭᠤᠯᠤᠨ | ᠰᠤᠷᠤᠯᠴᠠᠬᠤ᠂ ᠲᠤᠰᠬᠠᠶ ᠮᠡᠷᠭᠡᠵᠢᠯᠲᠡᠨ ᠬᠠᠪᠰᠤᠷᠤᠨ ᠵᠢᠯᠣᠭᠤᠳᠬᠤ ᠵᠢᠴᠢ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠬᠤ ᠵᠡᠷᠭᠡ ᠬᠡᠯᠪᠡᠷᠢ ᠶᠢᠨ ᠰᠤᠷᠤᠯᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠨᠠᠮ ᠤᠨ ᠰᠢᠨ᠎ᠡ ᠶᠢ ᠡᠭᠦᠳᠬᠦ | ᠣᠨᠣᠯ ᠢ ᠣᠯᠠᠨ ᠤ ᠰᠡᠳᠬᠢᠯ ᠳᠤ ᠬᠠᠳᠠᠩᠰᠢᠭᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ | ᠬᠥᠮᠦᠵᠢᠯ ᠢ ᠬᠢᠨᠠᠮᠠᠭᠠᠢ ᠦᠷᠨᠢᠭᠦᠯᠵᠦ᠂ ᠣᠨᠣᠯ ᠤᠨ ᠰᠤᠷᠤᠯᠴᠠᠯᠭ᠎ᠠ᠂ ᠪᠠᠶᠢᠴᠠᠭᠠᠯᠲᠠ ᠰᠤᠳᠤᠯᠤᠯᠲᠠ᠂ ᠬᠥᠭᠵᠢᠯᠲᠡ ᠶᠢ | ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠢᠴᠢ ᠳᠦᠷᠢᠮ ᠲᠣᠭᠲᠠᠭᠠᠯ ᠲᠣᠭᠲᠠᠭᠠᠬᠤ ᠵᠡᠷᠭᠡ ᠳᠤ | ᠠᠩᠬᠠᠷᠣᠯ ᠢᠶᠠᠨ ᠲᠦᠪᠯᠡᠷᠡᠭᠦᠯᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠲᠤᠰᠬᠠᠶ ᠰᠡᠳᠦᠪᠲᠦ ᠨᠣᠮ ᠤᠩᠰᠢᠬᠤ | ᠠᠩᠭᠢ ᠳᠤ 4 ᠬᠤᠭᠤᠴᠠᠭ᠎ᠠ ᠣᠷᠣᠯᠴᠠᠪᠠ᠃ ᠨᠢᠭᠡᠲᠦᠯᠲᠡᠢ ᠰᠤᠷᠤᠯᠴᠠᠭᠤᠯᠬᠤ᠂ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠬᠤ᠂ ᠭᠤᠣᠯ ᠰᠡᠳᠦᠪᠲᠦ ᠨᠠᠮ ᠤᠨ ᠡᠳᠦᠷ ᠵᠡᠷᠭᠡ ᠶᠢ 20 ᠭᠠᠷᠤᠢ ᠤᠳᠠᠭ᠎ᠠ ᠦᠷᠨᠢᠭᠦᠯᠵᠦ᠂ ᠤᠳᠤᠷᠢᠳᠬᠤ ᠺᠠᠳ᠋ᠷ | ᠲᠦᠷᠦᠭᠦᠯᠡᠨ 8 ᠤᠳᠠᠭ᠎ᠠ ᠨᠠᠮ ᠤᠨ ᠬᠢᠴᠢᠶᠡᠯ ᠣᠷᠣᠪᠠ᠃ ᠣᠨᠣᠪᠴᠢᠲᠠᠶ ᠰᠡᠳᠦᠪ ᠰᠣᠩᠭᠤᠬᠤ ᠶᠢᠨ ᠬᠠᠮᠲᠤ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ 5 ᠶᠢ ᠭᠠᠷᠭᠠᠨ᠂ ᠦᠨᠳᠦᠰᠦᠨ ᠱᠠᠲᠤᠨ ᠳᠤ ᠭᠦᠨᠵᠡᠭᠡᠶᠢᠷᠡᠨ 13 ᠤᠳᠠᠭ᠎ᠠ | ᠠᠯᠪᠠᠯᠠᠵᠤ᠂ ᠣᠯᠠᠨ ᠲᠦᠮᠡᠨ ᠳᠤ ᠪᠣᠳᠠᠲᠠᠶ ᠠᠰᠠᠭᠤᠳᠠᠯ 7 ᠶᠢ ᠰᠢᠢᠳᠪᠦᠷᠢᠯᠡᠵᠦ ᠥᠭᠪᠡ᠃ ︽ᠰᠦᠯᠵᠢᠶ᠎ᠡ ᠪᠠᠷ ᠠᠷᠠᠳ ᠤᠨ | ᠰᠠᠨᠠᠭ᠎ᠠ ᠶᠢ ᠢᠯᠡᠳᠬᠡᠬᠦ︾ ᠲᠠᠪᠴᠠᠩ ᠢ ᠨᠡᠪᠲᠡᠷᠡᠭᠦᠯᠦᠨ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ | ᠲᠥᠯᠥᠭᠡᠯᠡᠭᠴᠢᠳ ᠲᠠᠢ ᠬᠠᠷᠢᠯᠴᠠᠬᠤ᠂ ᠴᠢᠬᠤᠯᠠ ᠶᠡᠭᠡ ᠬᠡᠷᠡᠭ ᠶᠠᠪᠤᠳᠠᠯ ᠢ ᠶᠠᠷᠢᠯᠴᠠᠨ ᠲᠣᠭᠲᠠᠭᠠᠬᠤ ᠵᠢᠴᠢ ᠲᠥᠷᠦ ᠶᠢᠨ | ᠪᠠᠶᠢᠭᠤᠯᠭ᠎ᠠ ᠶᠢᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠨ ᠶᠠᠷᠢᠯᠴᠠᠬᠤ ᠵᠡᠷᠭᠡ ᠳᠦᠷᠢᠮ | ᠲᠣᠭᠲᠠᠭᠠᠯ ᠤᠨ 4 ᠵᠦᠢᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠤᠷᠤᠯᠴᠠᠯᠭ᠎ᠠ ᠪᠠᠷ ᠰᠦᠭ ᠰᠦᠨᠡᠰᠦ | ᠪᠣᠯᠭᠠᠵᠤ᠂ ᠤᠶᠤᠨ ᠤᠬᠠᠭᠠᠨ ᠢᠶᠠᠨ ᠨᠡᠮᠡᠭᠳᠡᠭᠦᠯᠦᠨ᠂ ᠰᠤᠷᠲᠠᠯ ᠢᠶᠠᠨ ᠲᠦᠪ ᠪᠣᠯᠭᠠᠵᠤ᠂ ᠠᠵᠢᠯ ᠦᠢᠯᠡᠳᠦᠯᠭᠡ ᠪᠠᠨ | ᠠᠬᠢᠭᠤᠯᠬᠤ ᠲᠠᠯ᠎ᠠ ᠪᠠᠷ ᠪᠤᠳᠠᠳᠤ ᠦᠷ᠎ᠡ ᠪᠦᠲᠦᠮᠵᠢ ᠣᠯᠪᠠ᠃ | ︵ᠬᠤᠶᠠᠷ︶ ᠤᠯᠤᠰ ᠲᠦᠷᠦ ᠶᠢ ᠡᠷᠬᠢᠮᠯᠡᠵᠦ᠂ ᠨᠠᠮ ᠤᠨ ᠤᠳᠤᠷᠢᠳᠤᠯᠭ᠎ᠠ ᠶᠢ ᠲᠤᠭ ᠲᠡᠮᠳᠡᠭ ᠲᠣᠳᠣᠷᠬᠠᠢ ᠪᠠᠷ | ᠪᠠᠷᠢᠮᠲᠠᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠪᠠ ᠡᠯ᠎ᠡ ᠲᠠᠯ᠎ᠠ ᠶᠢ | ᠵᠣᠬᠢᠴᠠᠭᠤᠯᠬᠤ ᠤᠳᠤᠷᠢᠳᠬᠤ ᠦᠢᠯᠡᠳᠦᠯ ᠢ ᠤᠬᠠᠮᠰᠠᠷ ᠠᠴᠠ ᠪᠠᠨ ᠬᠠᠮᠠᠭᠠᠯᠠᠵᠤ᠂ ᠴᠢᠬᠤᠯᠠ ᠠᠵᠢᠯ᠂ ᠴᠢᠬᠤᠯᠠ ᠶᠡᠭᠡ | ᠶᠠᠪᠤᠳᠠᠯ ᠵᠢᠴᠢ ᠴᠢᠬᠤᠯᠠ ᠶᠡᠭᠡ ᠠᠰᠠᠭᠤᠳᠠᠯ ᠳᠤ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠬᠤ ᠶᠢ | ᠪᠠᠷᠢᠮᠲᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠠ ᠣᠯᠠᠨ ᠲᠦᠮᠡᠨ ᠤ ᠠᠩᠬᠠᠷᠤᠯ ᠳᠤ | ᠬᠠᠨᠳᠤᠭᠤᠯᠵᠤ᠂ ᠠᠵᠢᠯ ᠤᠨ ᠭᠤᠤᠯᠳᠠᠯᠭ᠎ᠠ ᠪᠠᠨ ᠴᠠᠭ ᠲᠤᠬᠠᠶ ᠳᠤᠨᠢ ᠲᠣᠬᠢᠷᠠᠭᠤᠯᠤᠨ᠂ ᠬᠢᠨᠠᠯᠲᠠ ᠲᠠᠯᠪᠢᠬᠤ 23 ᠵᠥᠪᠯᠡᠬᠦ | ᠰᠡᠳᠦᠪ ᠢ ᠲᠣᠭᠲᠠᠭᠠᠪᠠ᠃ ᠪᠠᠶᠢᠴᠠᠭᠠᠯᠲᠠ ᠰᠤᠳᠤᠯᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠰᠬᠠᠶ | ᠮᠡᠳᠡᠭᠡᠯᠡᠯ ᠬᠢᠬᠦ ᠵᠡᠷᠭᠡ ᠠᠷᠭ᠎ᠠ ᠬᠡᠯᠪᠡᠷᠢ ᠪᠠᠷ ᠠᠵᠢᠯ ᠤᠨ ᠦᠷ᠎ᠡ ᠪᠦᠲᠦᠭᠡᠯ ᠢᠶᠠᠨ ᠬᠤᠰᠢᠭᠤᠨ ᠤ ᠨᠠᠮ ᠤᠨ ᠬᠤᠷᠢᠶᠠᠨ ᠳᠤ | ᠮᠡᠳᠡᠭᠦᠯᠦᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠢ ᠯᠠᠪᠯᠠᠯᠲᠠ ᠬᠠᠩᠭᠠᠵᠤ᠂ ᠬᠤᠰᠢᠭᠤᠨ ᠤ ᠨᠠᠮ ᠤᠨ | ᠬᠤᠷᠢᠶ᠎ᠠ ᠲᠠᠢ ᠨᠢᠭᠡ ᠰᠡᠳᠬᠢᠯ ᠨᠢᠭᠡ ᠴᠢᠭᠯᠡᠯ ᠨᠢᠭᠡ ᠯᠡ ᠬᠦᠭ ᠢᠶᠠᠷ ᠠᠵᠢᠯᠯᠠᠪᠠ᠃ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠤᠤᠱᠯᠠᠭᠤᠯᠤᠨ᠂ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠵᠦ᠂ ᠪᠣᠳᠠᠲᠠᠶ ᠶᠢ | ᠡᠷᠬᠢᠮᠯᠡᠨ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠳᠦᠷᠢ ᠲᠥᠷᠬᠦ ᠶᠢ ᠪᠣᠢ ᠪᠣᠯᠭᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠦᠢᠯᠡᠰ ᠢ ᠢᠳᠡᠪᠬᠢᠲᠡᠢ ᠠᠬᠢᠭᠤᠯᠪᠠ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠲᠥᠷᠦ ᠶᠢᠨ | ᠪᠠᠶᠢᠭᠤᠯᠭ᠎ᠠ ᠶᠢᠨ ᠠᠵᠢᠯᠲᠠᠨ ᠢ 57 ᠬᠥᠮᠦᠨ ᠤᠳᠠᠭ᠎ᠠ ᠬᠠᠤᠯᠢ ᠶᠣᠰᠣᠭᠠᠷ ᠲᠣᠮᠢᠯᠠᠬᠤ ᠪᠠ ᠪᠠᠭᠤᠯᠭᠠᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠵᠣᠷᠢᠯᠲᠠ ᠪᠠ ᠠᠷᠠᠳ ᠲᠦᠮᠡᠨ ᠤ ᠰᠠᠨᠠᠭ᠎ᠠ ᠶᠢ ᠣᠷᠭᠠᠨᠢᠭ ᠨᠢᠭᠡᠲᠦᠭᠦᠯᠪᠡ᠃ | ︵ᠭᠤᠷᠪᠠ︶ ᠦᠨᠡᠨᠬᠦ ᠠᠳᠬᠤᠨ ᠪᠤᠳᠠᠲᠠᠢ ᠠᠵᠢᠯᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠬᠦᠴᠦᠨ ᠢᠶᠠᠷ ᠨᠠᠶᠢᠳᠠᠪᠣᠷᠢᠵᠢᠭᠤᠯᠪᠠ᠃ ᠪᠥᠬᠦ ᠲᠠᠯ᠎ᠠ ᠠᠴᠠ ᠪᠣᠳᠣᠯᠬᠢᠯᠠᠵᠤ᠂ | ᠠᠯᠤᠰ ᠬᠡᠲᠦ ᠳᠤ ᠠᠰᠢᠭᠲᠠᠶ ᠪᠠᠶᠢᠯᠭᠠᠨ᠂ ᠶᠡᠭᠡ ᠶᠠᠪᠤᠳᠠᠯ ᠢ ᠠᠳᠬᠤᠵᠤ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ︽ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠶᠡᠷᠦᠩᠬᠡᠶ ᠲᠥᠯᠥᠪᠵᠢᠭᠦᠯᠭᠡ ︵2021—2035 ᠣᠨ︶︾ ᠪᠠ ︽ ᠥᠪᠥᠷ ᠮᠣᠩᠭᠤᠯ ᠤᠨ | ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠠᠵᠤ ᠦᠢᠯᠡᠰ ᠤᠨ | ᠬᠦᠷᠢᠶᠡᠯᠡᠩ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠵᠦᠪᠰᠢᠶᠡᠷᠡᠬᠦ ᠲᠤᠬᠠᠢ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ 4 ᠵᠦᠢᠯ ᠤᠨ ᠴᠢᠬᠤᠯᠠ ᠶᠡᠭᠡ ᠲᠣᠭᠲᠠᠭᠠᠯ ᠢ ᠬᠠᠤᠯᠢ | ᠶᠣᠰᠤᠭᠠᠷ ᠭᠠᠷᠭᠠᠪᠠ᠃ ᠬᠤᠰᠢᠭᠤᠨ ᠤ ᠭᠤᠣᠯ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ᠂ ᠲᠥᠷᠥᠯ ᠵᠦᠢᠯ ᠢ | ᠪᠦᠲᠦᠭᠡᠨ ᠪᠠᠶᠢᠭᠤᠯᠬᠤ᠂ ᠵᠠᠬᠢᠳᠠᠯ ᠰᠣᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ᠂ ᠬᠤᠳᠠᠯᠳᠤᠭᠠᠴᠢᠨ ᠤᠷᠢᠵᠤ ᠪᠠᠯᠠ | ᠲᠠᠲᠠᠬᠤ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠭᠤᠣᠯ ᠡᠭᠦᠷᠭᠡ ᠶᠢᠨ ᠲᠤᠭᠤᠷᠢᠨ ᠳᠤ᠂ ᠬᠢᠨᠠᠯᠲᠠ | ᠲᠠᠯᠪᠢᠬᠤ ᠪᠠ ᠳᠡᠮᠵᠢᠬᠦ ᠶᠢ ᠤᠶᠠᠯᠳᠣᠭᠤᠯᠣᠨ᠂ ᠪᠠᠶᠢᠴᠠᠭᠠᠯᠲᠠ ᠰᠤᠳᠤᠯᠤᠯᠲᠠ ᠶᠢ ᠭᠦᠨᠵᠡᠭᠡᠶᠢᠷᠡᠭᠦᠯᠵᠦ᠂ ᠢᠳᠡᠪᠬᠢᠲᠠᠢ ᠰᠠᠨᠠᠯ | ᠰᠠᠨᠠᠭᠤᠯᠭ᠎ᠠ ᠳᠣᠷᠠᠳᠴᠣ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠬᠠᠮᠰᠠᠷ ᠢᠶᠠᠷ ᠬᠤᠰᠢᠭᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠨᠠᠶᠢᠳᠠᠪᠦᠷᠢᠭᠤᠯᠤᠯᠲᠠ ᠶᠢ ᠠᠬᠢᠭᠤᠯᠪᠠ᠃ | ᠬᠤᠶᠠᠷ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠶᠢ ᠠᠬᠢᠭᠤᠯᠬᠤ | ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠯ ᠢᠶᠠᠨ ᠭᠦᠢᠴᠡᠳ ᠢᠯᠡᠷᠡᠭᠦᠯᠪᠡ | ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠬᠤᠰᠢᠭᠤᠨ ᠤ ᠪᠣᠳᠠᠲᠣ | ᠪᠠᠶᠢᠳᠠᠯ ᠲᠠᠢ ᠨᠢᠭᠲᠠ ᠤᠶᠠᠯᠳᠣᠭᠤᠯᠣᠨ᠂ ᠶᠡᠭᠡ ᠲᠠᠯ᠎ᠠ ᠠᠴᠠ ᠪᠣᠳᠣᠯᠬᠢᠯᠠᠵᠤ᠂ ᠵᠠᠩᠭᠢᠯᠠᠭ᠎ᠠ ᠶᠢᠨ ᠭᠤᠭᠴᠤᠭ᠎ᠠ ᠠᠴᠠ | ᠭᠠᠷᠳᠠᠨ᠂ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠦᠷᠨᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ | ︵ᠨᠢᠭᠡ︶ ᠬᠢᠨᠠᠯᠲᠠ ᠪᠠᠨ ᠴᠢᠩᠭᠠᠳᠬᠠᠵᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃ ᠪᠦᠬᠦ | ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠢ ᠶᠢᠨ ᠡᠷᠭᠢᠯᠲᠡ ᠶᠢ ᠠᠩᠬᠠᠷᠴᠤ᠂ ᠪᠦᠬᠦ ᠰᠢᠰᠲ᠋ᠧᠮ ᠤᠨ ᠲᠥᠰᠦᠪ ᠢ | ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ 2023 ᠣᠨ ᠤ ᠳᠡᠭᠡᠷ᠎ᠡ ᠬᠠᠭᠠᠰ ᠵᠢᠯ ᠤᠨ | ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ᠂ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ 2022 ᠣᠨ ᠤ ᠬᠢᠨᠠᠨ | ᠪᠤᠳᠤᠯᠳᠠ ᠶᠢᠨ ᠠᠵᠢᠯ ᠤᠨ ᠮᠡᠳᠡᠭᠦᠯᠦᠯᠲᠡ ᠶᠢ ᠰᠣᠨᠤᠰᠤᠨ ᠬᠢᠨᠠᠨ ᠵᠦᠪᠯᠡᠵᠦ᠂ 2022 ᠣᠨ ᠤ ᠡᠳ᠋ ᠤᠨ ᠵᠠᠰᠠᠭ ᠤᠨ | ᠲᠥᠰᠦᠪ ᠤᠨ ᠭᠦᠢᠴᠡᠳᠬᠡᠯ ᠵᠢᠴᠢ 2023 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠬᠢᠨᠠᠨ | ᠪᠠᠶᠢᠴᠠᠭᠠᠵᠤ ᠵᠥᠪᠰᠢᠶᠡᠷᠡᠪᠡ᠃ ᠠᠰᠠᠭᠤᠳᠠᠯ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ ︽ᠪᠠᠭᠠᠷᠢᠨ ᠵᠡᠭᠦᠨ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠢᠨᠠᠨ ᠪᠤᠳᠤᠯᠲᠠ ᠪᠠᠷ | ᠪᠠᠶᠢᠴᠠᠭᠠᠵᠤ ᠭᠠᠷᠭᠠᠭᠰᠠᠨ ᠳᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ | ᠪᠠᠨ ᠴᠢᠩᠭᠠᠳᠬᠠᠬᠤ ᠲᠤᠬᠠᠶ ᠲᠦᠷᠢᠮ︾ ᠢ ᠲᠣᠭᠲᠠᠭᠠᠨ ᠨᠡᠶᠢᠲᠡᠯᠡᠵᠦ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠮᠡᠳᠡᠭᠦᠯᠦᠯᠲᠡ ᠶᠢ ᠲᠤᠰᠬᠠᠶ ᠬᠢᠨᠠᠨ ᠵᠥᠪᠯᠡᠵᠦ᠂ ᠬᠢᠨᠠᠨ ᠪᠤᠳᠤᠯᠲᠠ ᠪᠠᠷ ᠴᠡᠭᠴᠡᠯᠡᠨ ᠰᠠᠶᠢᠵᠢᠷᠠᠭᠤᠯᠤᠭᠰᠠᠨ | ᠪᠣᠳᠠᠲᠤ ᠦᠷ᠎ᠡ ᠪᠦᠲᠦᠮᠵᠢ ᠶᠢ ᠠᠬᠢᠭᠤᠯᠪᠠ᠃ ᠪᠦᠬᠦ ᠬᠤᠰᠢᠭᠤᠨ ᠤ ᠤᠯᠤᠰ ᠤᠨ ᠦᠮᠴᠢᠯᠡᠯᠲᠦ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠲᠣᠭᠤᠷᠢᠨ ᠪᠠᠶᠢᠴᠠᠭᠠᠵᠤ᠂ ᠪᠠᠶᠢᠭᠠᠯᠢ ᠶᠢᠨ ᠡᠬᠢ | ᠪᠠᠶᠠᠯᠢᠭ ᠤᠨ ᠡᠷᠬᠡ ᠶᠢ ᠨᠢᠭᠡᠳᠦᠯᠲᠡᠶ ᠲᠣᠳᠤᠷᠬᠠᠶᠢᠯᠠᠨ ᠳᠠᠩᠰᠠᠯᠠᠬᠤ ᠶᠢ ᠲᠦᠷᠭᠡᠳᠬᠡᠬᠦ ᠪᠠ ᠤᠯᠤᠰ ᠤᠨ ᠥᠮᠴᠢᠯᠡᠯᠲᠦ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠣᠭᠠᠴᠠᠭ᠎ᠠ ᠬᠢᠬᠦ ᠲᠣᠭᠲᠠᠯᠴᠠᠭ᠎ᠠ ᠪᠠᠶᠢᠭᠤᠯᠬᠤ ᠵᠡᠷᠭᠡ ᠰᠠᠨᠠᠯ | ᠰᠠᠨᠠᠭᠤᠯᠭ᠎ᠠ ᠶᠢ ᠳᠤᠷᠠᠳᠤᠨ᠂ ᠵᠠᠰᠠᠭ ᠤᠨ ᠣᠷᠳᠣᠨ ᠠᠴᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠤᠰ ᠤᠨ | ᠥᠮᠴᠢᠯᠡᠯᠲᠦ ᠡᠬᠢ ᠪᠠᠶᠠᠯᠢᠭ ᠡᠳ᠋ ᠬᠥᠷᠥᠩᠭᠡ ᠶᠢᠨ ᠦᠷ᠎ᠡ ᠠᠰᠢᠭ ᠢ ᠨᠠᠩ ᠰᠠᠶᠢᠲᠤᠷ ᠪᠠᠳᠠᠷᠠᠭᠤᠯᠬᠤ ᠶᠢ ᠠᠬᠢᠭᠤᠯᠪᠠ᠃ | ︵ᠬᠤᠶᠠᠷ︶ ᠣᠨᠢᠨ ᠳᠡᠭᠡᠷ᠎ᠡ ᠨᠢ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠪᠡ᠃ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ᠂ ᠪᠥᠬᠦ | ᠬᠤᠰᠢᠭᠤᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠴᠢᠨ ᠤ | ᠲᠤᠰᠬᠠᠢ ᠬᠤᠷᠰᠢᠶᠠᠵᠢᠯ ᠤᠨ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ | ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠪᠣᠯᠤᠨ ᠲᠠᠷᠢᠶᠠᠴᠢᠨ ᠤ ᠲᠤᠰᠬᠠᠢ | ᠬᠤᠷᠰᠢᠶᠠᠵᠢᠯ ᠤᠨ ᠬᠦᠭᠵᠢᠯᠲᠡ ᠶᠢᠨ ᠶᠠᠪᠤᠴᠠ ᠳᠤ ᠣᠷᠤᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠶ ᠲᠠᠯ᠎ᠠ ᠳᠤ | ᠴᠢᠭᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠦᠷᠢ ᠪᠠᠨ ᠳᠡᠭᠡᠭᠰᠢᠯᠡᠭᠦᠯᠬᠦ᠂ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ᠂ ᠴᠢᠳᠠᠪᠤᠷᠢᠲᠠᠨ ᠢᠶᠠᠷ ᠬᠥᠲᠥᠯᠥᠨ ᠳᠠᠭᠠᠭᠤᠯᠬᠤ ᠵᠢᠴᠢ ᠬᠤᠷᠰᠢᠶᠠᠵᠢᠯ ᠶᠢᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠬᠦ ᠵᠡᠷᠭᠡ 10 ᠵᠤᠷᠪᠤᠰ ᠬᠢᠨᠠᠨ ᠵᠥᠪᠯᠡᠭᠰᠡᠨ ᠰᠠᠨᠠᠯ ᠢ ᠳᠣᠷᠠᠳᠴᠣ᠂ ᠪᠥᠬᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠠᠵᠤ ᠠᠬᠤᠶ ᠪᠠ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠪᠡ᠃ ᠪᠥᠬᠦ ᠬᠤᠰᠢᠭᠤᠨ ᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠤᠰᠬᠠᠶ ᠪᠠᠶᠢᠴᠠᠭᠠᠯᠲᠠ ᠰᠤᠳᠤᠯᠤᠯᠲᠠ ᠬᠢᠵᠦ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢ ᠱᠠᠭᠠᠷᠳᠠᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ | ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠨᠠᠩ ᠰᠠᠶᠢᠨ ᠪᠡᠶᠡᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ | ︵ᠭᠤᠷᠪᠠ︶ ᠬᠦᠰᠡᠯ ᠡᠷᠡᠮᠡᠯᠵᠡᠯ ᠳᠤ ᠬᠠᠷᠢᠭᠤ ᠲᠤᠰᠬᠠᠯ ᠥᠭᠴᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠳᠤ ᠬᠦᠴᠦᠨ ᠨᠡᠮᠡᠷᠢᠯᠡᠪᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠪᠦᠬᠦ ᠬᠤᠰᠢᠭᠤᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠤᠰᠤᠨ ᠬᠢᠨᠠᠨ ᠵᠦᠪᠯᠡᠵᠦ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢ ᠱᠠᠭᠠᠷᠳᠠᠨ᠂ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠢ ᠴᠢᠩᠭᠠᠳᠬᠠᠨ᠂ ᠰᠡᠷᠭᠡᠶᠢᠯᠡᠨ | ᠵᠠᠰᠠᠬᠤ ᠲᠣᠭᠲᠠᠯᠴᠠᠭ᠎ᠠ ᠶᠢ ᠨᠢ ᠪᠦᠷᠢᠨ ᠪᠣᠯᠭᠠᠵᠤ᠂ ᠡᠬᠢ ᠡᠭᠦᠰᠦᠯ ᠠᠴᠠ ᠨᠢ ᠵᠠᠰᠠᠭᠤᠯᠪᠠ᠃ ᠪᠦᠬᠦ ᠬᠤᠰᠢᠭᠤᠨ ᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ | ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢ ᠱᠠᠭᠠᠷᠳᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠵᠢᠴᠢ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠨᠡᠶᠢᠭᠡᠮ ᠤᠨ ᠪᠠᠶᠢᠳᠠᠯ ᠪᠠ ᠵᠠᠬ᠎ᠠ ᠳᠡᠯᠭᠡᠭᠦᠷ ᠤᠨ ᠱᠠᠭᠠᠷᠳᠠᠯᠭ᠎ᠠ ᠳᠤ ᠨᠠᠩ ᠰᠠᠶᠢᠨ ᠵᠣᠬᠢᠴᠠᠬᠤ ᠶᠢ ᠠᠬᠢᠭᠤᠯᠪᠠ | ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢ | ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠮᠦᠷᠳᠡᠨ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠢ ᠴᠡᠭᠴᠡᠯᠡᠬᠦ ᠴᠢᠳᠠᠪᠤᠷᠢ | ᠪᠠ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ | ᠲᠣᠭᠲᠠᠯᠴᠠᠭᠠᠨ ᠤ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠢ ᠱᠠᠭᠠᠷᠳᠠᠨ᠂ ᠡᠮᠨᠡᠯᠭᠡ ᠶᠢᠨ ᠳᠠᠭᠠᠳᠬᠠᠯ ᠤᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠵᠤ᠂ | ᠬᠤᠰᠢᠭᠤ ᠰᠢᠶᠠᠩ ᠰᠤᠮᠤ ᠪᠠᠯᠭᠠᠰᠤ ᠭᠠᠴᠠᠭ᠎ᠠ ᠲᠤᠰᠬᠤᠨ ᠤ ᠡᠮᠨᠡᠯᠭᠡ ᠶᠢᠨ ᠳᠠᠭᠠᠳᠬᠠᠯ ᠤᠨ ᠲᠠᠩᠰᠠ ᠴᠠᠶᠢᠷᠠᠭᠤᠯᠬᠤ | ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯ | ᠤᠨ ᠲᠥᠷᠥᠭᠳᠡᠯ ᠵᠢᠴᠢ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠪᠡ᠃ ᠪᠦᠬᠦ ᠬᠤᠰᠢᠭᠤᠨ ᠤ ᠦᠨᠳᠦᠰᠦᠨ | ᠱᠠᠲᠤᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠬᠢᠭᠡᠳ ᠴᠢᠳᠠᠪᠤᠷᠢ ᠶᠢᠨ | ᠪᠠᠶᠢᠭᠤᠯᠤᠯᠲᠠ ᠶᠢᠨ ᠪᠠᠶᠢᠳᠠᠯ ᠳᠤ ᠲᠤᠰᠬᠠᠶ ᠪᠠᠶᠢᠴᠠᠭᠠᠯᠲᠠ ᠰᠤᠳᠤᠯᠤᠯᠲᠠ ᠬᠢᠵᠦ᠂ ᠰᠤᠷᠤᠯᠴᠠᠯᠭ᠎ᠠ ᠪᠣᠯᠪᠠᠰᠤᠷᠠᠯ᠂ | ᠵᠠᠷᠤᠳᠠᠯ ᠤᠨ ᠪᠠᠲᠤᠯᠠᠭ᠎ᠠ ᠪᠠ ᠬᠠᠮᠲᠤᠷᠠᠭᠰᠠᠨ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ | ᠡᠶᠡᠳᠡᠭᠦᠯᠭᠡ ᠶᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ | ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠪᠠ᠃ | ︵ᠳᠦᠷᠪᠡ︶ ᠬᠠᠤᠯᠢ ᠪᠠᠷ ᠬᠥᠲᠥᠯᠪᠦᠷᠢ ᠪᠣᠯᠭᠠᠵᠤ ᠬᠠᠤᠯᠢ ᠪᠠᠷ ᠬᠤᠰᠢᠭᠤ ᠪᠠᠨ ᠵᠠᠰᠠᠬᠤ ᠳᠤ ᠬᠦᠴᠦᠨ ᠨᠡᠮᠡᠷᠢᠯᠡᠪᠡ | ᠃ ᠬᠠᠤᠯᠢ ᠴᠠᠭᠠᠵᠠ ᠶᠢᠨ ᠬᠦᠷᠢᠶ᠎ᠡ ᠬᠡᠪᠴᠢᠶᠡᠨ ᠳᠤ ᠬᠢᠨᠠᠯᠲᠠ ᠲᠠᠯᠪᠢᠬᠤ ᠪᠠᠨ ᠦᠷᠭᠦᠯᠵᠢᠯᠡᠨ ᠴᠢᠩᠭᠠᠳᠬᠠᠵᠤ᠂ | ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ 2022 ᠣᠨ ᠤ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ | ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠤᠰᠤᠨ ᠬᠢᠨᠠᠨ ᠵᠦᠪᠯᠡᠵᠦ᠂ ᠤᠯᠤᠰ ᠲᠥᠷᠥ ᠬᠠᠤᠯᠢ ᠴᠠᠭᠠᠵᠠ ᠶᠢᠨ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠡᠷᠡᠭ ᠤᠨ ᠡᠪᠬᠡᠮᠡᠯ ᠢ ᠨᠢᠭᠡᠲᠦᠯᠲᠡᠢ ᠦᠨᠡᠯᠡᠨ ᠪᠠᠶᠢᠴᠠᠭᠠᠵᠤ᠂ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠤᠳᠠᠯᠳᠤᠭ᠎ᠠ ᠡᠵᠡᠩᠨᠡᠯᠲᠡ ᠶᠢᠨ ᠬᠠᠤᠯᠢ ᠪᠠᠷ ᠵᠠᠰᠠᠬᠤ ᠣᠷᠴᠢᠨ ᠠᠬᠤᠢ ᠶᠢ | ᠰᠢᠯᠢᠳᠡᠭᠵᠢᠭᠦᠯᠬᠦ ᠠᠵᠢᠯ ᠢ ᠲᠣᠭᠤᠷᠢᠨ ᠪᠠᠶᠢᠴᠠᠭᠠᠪᠠ᠃ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ | ᠲᠥᠪᠯᠡᠷᠡᠭᠦᠯᠦᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠭᠦᠢᠴᠡᠳᠬᠡᠭᠰᠡᠨ ᠠᠵᠢᠯ ᠢ ᠪᠠᠶᠢᠴᠠᠭᠠᠨ ᠦᠵᠡᠬᠦ ᠪᠠ | ᠲᠤᠰᠬᠠᠶ ᠰᠡᠳᠦᠪ ᠢᠶᠠᠷ ᠯᠠᠪᠯᠠᠨ ᠠᠰᠠᠭᠤᠵᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠱᠠᠯᠠᠪᠳᠠᠨ ᠣᠶᠤᠨᠴᠢ ᠪᠠᠷ | ᠭᠦᠢᠴᠡᠳᠬᠡᠵᠦ᠂ ᠢᠯᠡ ᠪᠠᠷ ᠭᠦᠢᠴᠡᠳᠬᠡᠬᠦ ᠶᠢ ᠠᠬᠢᠭᠤᠯᠵᠤ᠂ ᠭᠦᠢᠴᠡᠳᠬᠡᠬᠦ ᠠᠵᠢᠯ ᠤᠨ ᠬᠢᠷᠢ ᠲᠦᠪᠰᠢᠨ ᠢ ᠪᠦᠲᠦᠮᠵᠢᠲᠡᠢ | ᠳᠡᠭᠡᠭᠰᠢᠯᠡᠭᠦᠯᠪᠡ᠃ ᠳᠠᠩᠰᠠᠯᠠᠭᠤᠯᠵᠤ ᠬᠢᠨᠠᠨ ᠪᠠᠶᠢᠴᠠᠭᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ︽ᠪᠠᠭᠠᠷᠢᠨ | ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠦᠷᠢᠮᠵᠢᠭᠰᠡᠨ | ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠬᠤ ᠠᠵᠢᠯ ᠤᠨ ᠳᠦᠷᠢᠮ ᠲᠣᠭᠲᠠᠭᠠᠯ︾ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ︽ᠪᠢᠴᠢᠭ ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠭᠤᠯᠬᠤ᠂ ᠳᠠᠩᠰᠠᠯᠠᠭᠤᠯᠤᠭᠰᠠᠨ | ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ︾ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ | ᠠᠵᠢᠯᠯᠠᠭ᠎ᠠ ᠶᠢ ᠶᠡᠬᠡᠪᠡᠷ ᠦᠷᠨᠢᠭᠦᠯᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠠᠬᠢᠳᠠᠯ ᠰᠣᠷᠪᠤᠯᠵᠢᠯᠠᠯ | ᠤᠨ ᠠᠵᠢᠯ ᠢ ᠰᠠᠶᠢᠲᠤᠷ ᠬᠢᠵᠦ᠂ ᠪᠦᠬᠦ ᠵᠢᠯ ᠳᠤ ᠨᠡᠶᠢᠲᠡ ᠣᠯᠠᠨ ᠲᠦᠮᠡᠨ ᠤ ᠵᠠᠬᠢᠳᠠᠯ ᠰᠣᠷᠪᠤᠯᠵᠢᠯᠠᠯ ᠢ 25 ᠬᠤᠪᠢ | ᠤᠳᠠᠭ᠎ᠠ ᠬᠦᠯᠢᠶᠡᠨ ᠠᠪᠴᠤ᠂ ᠪᠦᠬᠦᠨ ᠢ ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ | ᠭᠤᠷᠪᠠ᠂ ᠠᠷᠠᠳ ᠲᠦᠮᠡᠨ ᠢ ᠳᠡᠭᠡᠳᠦᠯᠡᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠨᠳᠦᠰᠦᠨ | ᠱᠠᠲᠤᠨ ᠤ ᠦᠢᠯᠡᠳᠦᠯᠭᠡ ᠶᠢ ᠲᠠᠰᠤᠷᠠᠯᠳᠠ ᠦᠭᠡᠢ ᠪᠠᠶᠠᠯᠢᠭᠵᠢᠭᠤᠯᠪᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠠᠷᠠᠳ ᠤᠨ ᠰᠠᠨᠠᠭ᠎ᠠ ᠪᠠᠨ ᠢᠯᠡᠳᠬᠡᠬᠦ ᠶᠢ ᠰᠢᠯᠤᠭᠤᠳᠬᠠᠨ᠂ ᠠᠷᠠᠳ ᠤᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ︽ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ | ᠪᠠᠲᠤᠯᠠᠬᠤ︾ ᠦᠢᠯᠡᠳᠦᠯᠭᠡ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ | ᠲᠦᠷᠦ ᠳᠤ ᠣᠷᠣᠯᠴᠠᠬᠤ ᠵᠠᠮ ᠢ ᠦᠷᠬᠡᠳᠬᠡᠬᠦ ᠶᠢᠨ ᠲᠣᠭᠤᠷᠢᠨ ᠳᠤ᠂ ᠭᠤᠷᠪᠠᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ | ᠪᠠᠶᠢᠴᠠᠭᠠᠯᠲᠠ ᠰᠤᠳᠤᠯᠤᠯᠲᠠ ᠶᠢᠨ ᠠᠵᠢᠯᠯᠠᠭ᠎ᠠ ᠳᠤ 16 ᠤᠳᠠᠭ᠎ᠠ ᠣᠷᠣᠯᠴᠠᠭᠤᠯᠵᠤ᠂ ᠪᠠᠶᠢᠩᠭᠤ ᠶᠢᠨ ᠬᠤᠷᠢᠶᠠᠨ ᠤ | ᠬᠤᠷᠠᠯᠳᠤᠭᠠᠨ ᠳᠤ 9 ᠤᠳᠠᠭ᠎ᠠ ᠣᠷᠤᠯᠴᠠᠭᠤᠯᠤᠨ᠂ ︽ᠨᠢᠭᠡ ᠤᠷᠳᠤᠨ ᠨᠢᠭᠡ ᠵᠦᠪᠯᠡᠯ ᠬᠤᠶᠠᠷ ᠬᠤᠷᠢᠶ᠎ᠠ︾ ᠶᠢᠨ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠠᠵᠢᠯ ᠳᠤ ᠬᠢᠨᠠᠯᠲᠠ ᠲᠠᠯᠪᠢᠬᠤ ᠠᠵᠢᠯᠯᠠᠭ᠎ᠠ ᠳᠤ 10 ᠭᠠᠷᠤᠢ ᠤᠳᠠᠭ᠎ᠠ ᠣᠷᠣᠯᠴᠠᠭᠤᠯᠪᠠ︔ | ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ ᠵᠥᠪᠯᠡᠬᠦ ᠰᠡᠳᠦᠪ ᠢ | ᠴᠤᠭᠯᠠᠭᠤᠯᠵᠤ᠂ ᠠᠷᠠᠳ ᠤᠨ ᠰᠠᠨᠠᠭ᠎ᠠ ᠶᠢ ᠬᠦᠯᠢᠶᠠᠨ ᠠᠪᠴᠤ᠂ ᠠᠷᠠᠳ ᠤᠨ ᠤᠶᠤᠨ ᠤᠬᠠᠭᠠᠨ ᠢ ᠬᠤᠷᠠᠮᠳᠤᠭᠤᠯᠤᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠨᠡᠩ ᠬᠠᠨᠳᠤᠯᠭᠠᠲᠤ ᠴᠢᠨᠠᠷ ᠪᠠ ᠪᠦᠳᠤᠮᠵᠢᠳᠤ | ᠴᠢᠨᠠᠷ ᠲᠠᠢ ᠪᠣᠯᠭᠠᠪᠠ︔ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠤᠷᠢᠳ ᠬᠤᠵᠢᠳ 4 ᠤᠳᠠᠭ᠎ᠠ ᠬᠠᠤᠯᠢ ᠲᠣᠭᠲᠠᠭᠠᠬᠤ ᠰᠠᠨᠠᠯ ᠬᠤᠷᠢᠶᠠᠵᠤ ᠶᠠᠷᠢᠯᠴᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠺᠠᠳ᠋ᠷ ᠣᠯᠠᠨ ᠤ ᠰᠠᠨᠠᠯ ᠰᠠᠨᠠᠭᠤᠯᠭ᠎ᠠ ᠶᠢ 55 ᠵᠤᠷᠪᠤᠰ | ᠬᠤᠷᠢᠶᠠᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠬᠤ ᠶᠢᠨ ᠲᠣᠭᠤᠷᠢᠨ ᠳᠤ᠂ | ︽ᠤᠯᠠᠷᠢᠯ ᠤᠨ ᠬᠢᠨᠠᠨ ᠪᠠᠶᠢᠴᠠᠭᠠᠯᠲᠠ᠂ ᠬᠠᠭᠠᠰ ᠵᠢᠯ ᠤᠨ ᠪᠠᠶᠢᠴᠠᠭᠠᠯᠲᠠ᠂ ᠵᠢᠯ ᠤᠨ ᠡᠴᠦᠰ ᠤᠨ ᠬᠢᠨᠠᠨ ᠦᠨᠡᠯᠡᠯᠲᠡ︾ | ᠶᠢᠨ ︽ᠬᠤᠶᠠᠷ ᠪᠠᠶᠢᠴᠠᠭᠠᠯᠲᠠ ᠨᠢᠭᠡ ᠦᠨᠡᠯᠡᠯᠲᠡ︾ ᠶᠢᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠲᠣᠭᠲᠠᠴᠠ ᠶᠢ | ᠪᠠᠶᠢᠭᠤᠯᠵᠤ᠂ ᠫᠢᠶᠤᠤ ᠦᠭᠴᠦ ᠪᠠᠲᠤᠯᠠᠭᠰᠠᠨ ᠲᠥᠷᠥᠯ ᠵᠦᠢᠯ ᠢ ︽ᠪᠡᠶᠡᠯᠡᠭᠦᠯᠵᠦ ᠳᠡᠶᠢᠯᠬᠦ︾ ᠪᠠᠶᠢᠭᠰᠠᠨ ᠠᠴᠠ ︽ | ᠰᠠᠶᠢᠲᠤᠷ ᠪᠡᠶᠡᠯᠡᠭᠦᠯᠬᠦ︾ ᠳᠠᠰᠢ ᠬᠤᠪᠢᠷᠠᠭᠤᠯᠬᠤ ᠶᠢ ᠠᠬᠢᠭᠤᠯᠪᠠ᠃ ᠨᠢᠭᠡ ᠵᠢᠯ ᠤᠨ ᠲᠤᠷᠰᠢ᠂ ᠬᠤᠰᠢᠭᠤ ᠪᠠ ᠰᠤᠮᠤ | ᠪᠠᠯᠭᠠᠰᠤ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠫᠢᠶᠤᠤ ᠦᠭᠴᠦ | ᠪᠠᠲᠤᠯᠠᠨ ᠨᠡᠶᠢᠲᠡ 31 ᠶᠢ ᠨᠠᠶᠢᠳᠠᠪᠦᠷᠢᠵᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 3.75 ᠳ᠋ᠦᠩᠰᠢᠭᠤᠷ | ᠲᠥᠭᠦᠷᠢᠭ ᠲᠤ ᠬᠦᠷᠴᠦ᠂ ᠠᠷᠠᠳ ᠣᠯᠠᠨ ᠤ ᠠᠩᠬᠠᠷᠴᠤ ᠰᠠᠨᠠᠭᠠᠰᠢᠷᠠᠵᠤ ᠪᠠᠶᠢᠭ᠎ᠠ ᠨᠢᠭᠡ ᠪᠦᠯᠦᠭ ᠲᠦᠪᠡᠭ ᠲᠠᠢ ᠶᠠᠪᠤᠳᠠᠯ ᠢ | ᠴᠠᠭ ᠲᠤᠬᠠᠢ ᠳᠤᠨᠢ ᠰᠢᠢᠳᠪᠦᠷᠢᠯᠡᠭᠰᠡᠨ ᠪᠠᠶᠢᠨ᠎ᠠ᠃ | ᠲᠦᠷᠪᠡ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠡᠩᠨᠡᠭᠡ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ | ᠬᠥᠭᠵᠢᠭᠡᠪᠡ | ︽ᠲᠥᠯᠥᠭᠡᠯᠡᠭᠴᠢ ᠶᠢ ᠬᠦᠨᠳᠦᠳᠬᠡᠵᠦ᠂ ᠲᠥᠯᠥᠭᠡᠯᠡᠭᠴᠢ ᠳᠤ ᠲᠦᠰᠢᠭᠯᠡᠵᠦ᠂ ᠲᠥᠯᠥᠭᠡᠯᠡᠭᠴᠢ ᠳᠤ ᠦᠢᠯᠡᠴᠢᠯᠡᠬᠦ︾ | ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠲᠣᠭᠲᠠᠴᠠ ᠪᠠᠨ ᠰᠢᠯᠢᠳᠡᠭᠵᠢᠭᠦᠯᠦᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ | ᠂ ᠲᠥᠯᠥᠭᠡᠯᠡᠭᠴᠢᠳ ᠤᠨ ᠠᠵᠢᠯ ᠤᠨ ᠣᠯᠠᠨ ᠲᠦᠮᠡᠨ ᠲᠠᠢ ᠨᠠᠩ ᠣᠶᠢᠷᠠᠲᠤᠵᠤ᠂ ᠨᠠᠩ ᠪᠤᠳᠠᠳᠤ ᠦᠷ᠎ᠡ ᠪᠦᠲᠦᠮᠵᠢ | ᠣᠯᠬᠤ ᠶᠢ ᠪᠠᠲᠤᠯᠠᠪᠠ᠃ | ︵ᠨᠢᠭᠡ︶ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠢᠶᠠᠨ ᠭᠦᠢᠴᠡᠳᠬᠡᠬᠦ ᠪᠣᠯᠪᠠᠰᠣᠷᠠᠭᠤᠯᠤᠯ ᠢ ᠴᠢᠩᠭ᠎ᠠ | ᠠᠳᠬᠤᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠠ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠤᠷᠤᠯᠴᠠᠯᠭ᠎ᠠ ᠪᠣᠯᠪᠠᠰᠤᠷᠠᠯ ᠢ 2 ᠬᠤᠭᠤᠴᠠᠭ᠎ᠠ ᠡᠷᠬᠢᠯᠡᠵᠦ᠂ ᠨᠠᠮ ᠤᠨ ᠰᠢᠨ᠎ᠡ ᠶᠢ | ᠡᠭᠦᠳᠬᠦ ᠣᠨᠣᠯ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠰᠢᠰᠲ᠋ᠧᠮ ᠲᠠᠢ ᠰᠤᠷᠤᠯᠴᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ︽ᠦᠨᠳᠦᠰᠦᠨ | ᠴᠢᠳᠠᠪᠤᠷᠢ︾ ᠶᠢ ᠪᠠᠳᠣᠳᠬᠠᠪᠠ᠃ ᠳᠦᠷᠪᠡᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠲᠤ ︽ᠳᠤᠮᠳᠠᠳᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠪᠠ ︽ᠠᠷᠠᠳ ᠤᠨ | ᠲᠥᠯᠥᠭᠡᠯᠡᠭᠴᠢᠳ ᠤᠨ ᠰᠣᠨᠢᠨ︾ ᠵᠡᠷᠭᠡ ᠰᠡᠳᠬᠦᠯ ᠢ ᠵᠠᠬᠢᠶᠠᠯᠠᠨ ᠦᠭᠴᠦ᠂ ︽ᠰᠢ ᠶᠢᠨ ᠫᠢᠩ ᠤᠨ ᠵᠣᠬᠢᠶᠠᠯ ᠤᠨ | ᠰᠣᠩᠭᠤᠮᠠᠯ︾᠂ ᠥᠪᠡᠷᠲᠡᠭᠡᠨ ᠵᠠᠰᠠᠬᠤ ᠣᠷᠣᠨ ᠤ 6 ᠪᠦᠯᠦᠭ ᠠᠬᠢᠭᠤᠯᠬᠤ ᠲᠦᠷᠢᠮ ᠵᠡᠷᠭᠡ ᠨᠣᠮ ᠪᠢᠴᠢᠭ ᠢ ᠲᠠᠷᠬᠠᠭᠠᠪᠠ᠃ | ᠡᠭᠦᠨ ᠤ ᠬᠠᠮᠲᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠲᠦᠯᠦᠭᠡᠯᠡᠭᠴᠢ ᠶᠢᠨ ᠸᠢᠴᠠᠲ ᠤᠨ ᠴᠤᠭᠯᠠᠷᠠᠯ ᠵᠡᠷᠭᠡ ᠪᠠᠷ | ᠳᠠᠮᠵᠢᠭᠤᠯᠤᠨ᠂ ᠨᠠᠮ ᠤᠨ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠴᠠᠭ ᠲᠦᠷᠦ ᠶᠢᠨ | ᠵᠠᠰᠠᠭ ᠤᠨ ᠮᠡᠳᠡᠭᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠳᠠᠯ ᠢ ᠴᠠᠭ ᠲᠤᠬᠠᠶ ᠳᠤᠨᠢ | 1300 ᠭᠠᠷᠤᠶ ᠬᠤᠪᠢ ᠲᠠᠷᠬᠠᠭᠠᠵᠤ᠂ ᠲᠥᠯᠥᠭᠡᠯᠡᠭᠴᠢᠳ ᠤᠨ ᠪᠠᠶᠢᠳᠠᠯ ᠢ ᠮᠡᠳᠡᠵᠦ ᠵᠠᠰᠠᠭ ᠢ ᠣᠶᠢᠯᠠᠭᠠᠬᠤ ᠶᠢ ᠪᠠᠲᠤᠯᠠᠨ᠂ | ᠲᠥᠯᠥᠭᠡᠯᠡᠭᠴᠢᠳ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ | ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠠᠢ ᠨᠥᠬᠦᠴᠡᠯ ᠬᠠᠩᠭᠠᠪᠠ᠃ | ︵ᠬᠤᠶᠠᠷ︶ ᠴᠡᠭ ᠢᠶᠠᠷ ᠲᠠᠯ᠎ᠠ ᠶᠢ ᠳᠠᠶᠢᠴᠢᠯᠠᠨ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠲᠠᠪᠴᠠᠩ ᠢ ᠰᠠᠶᠢᠲᠤᠷ ᠬᠡᠷᠡᠭᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢ ᠣᠨᠣᠪᠴᠢᠲᠠᠢ ᠡᠵᠡᠮᠳᠡᠨ᠂ ᠱᠠᠲᠤ ᠬᠤᠪᠢᠶᠠᠨ ᠪᠠᠶᠢᠭᠤᠯᠵᠤ᠂ | ᠲᠥᠷᠥᠯ ᠬᠤᠪᠢᠶᠠᠨ ᠬᠠᠮᠢᠶᠠᠷᠴᠤ᠂ ᠪᠦᠬᠦ ᠬᠤᠰᠢᠭᠤᠨ ᠤ 64 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠭᠡᠷ ᠪᠠ ᠬᠠᠷᠢᠯᠴᠠᠬᠤ ᠥᠷᠲᠡᠭᠡ ᠶᠢᠨ ᠳᠡᠰ ᠳᠡᠪᠰᠢᠬᠦ ᠶᠢ ᠠᠬᠢᠭᠤᠯᠪᠠ᠃ ︽ᠭᠡᠷ︾ ᠪᠠ ︽ᠥᠷᠲᠡᠭᠡ︾ | ᠶᠢᠨ ᠴᠢᠳᠠᠮᠵᠢ ᠶᠢ ᠬᠦᠭᠵᠢᠭᠡᠨ᠂ ᠲᠥᠯᠥᠭᠡᠯᠡᠭᠴᠢ ᠶᠢᠨ ᠬᠥᠭᠵᠢᠯᠲᠡ ᠳᠤ ᠦᠢᠯᠡᠴᠢᠯᠡᠬᠦ ᠭᠤᠣᠯ ᠳᠠᠶᠢᠨ ᠤ ᠲᠠᠯᠠᠪᠤᠷ ᠪᠠ | ᠣᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ ᠤᠨ ᠠᠴᠢᠶᠠᠯᠠᠪᠤᠷᠢ ᠪᠠ ᠬᠡᠯᠪᠡᠷᠢ ᠶᠢ ᠪᠠᠶᠠᠯᠢᠭᠵᠢᠭᠤᠯᠵᠤ᠂ ︽ | ᠲᠥᠯᠥᠭᠡᠯᠡᠭᠴᠢ + ᠲᠣᠣᠷᠵᠢᠯ︾᠂ ︽ᠲᠥᠯᠥᠭᠡᠯᠡᠭᠴᠢ + ᠵᠠᠬᠢᠳᠠᠯ ᠰᠣᠷᠪᠤᠯᠵᠢᠯᠠᠯ︾᠂ ︽ᠲᠥᠯᠥᠭᠡᠯᠡᠭᠴᠢ + | ᠬᠤᠳᠠᠯᠳᠤᠭᠠᠴᠢᠨ︾ ᠵᠡᠷᠭᠡ ︽ᠲᠥᠯᠥᠭᠡᠯᠡᠭᠴᠢ +︾ ᠠᠵᠢᠯ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ | ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠶᠢ ᠪᠠᠶᠢᠩᠭᠤᠵᠢᠭᠤᠯᠤᠨ ᠣᠯᠠᠨ ᠡᠰᠢᠵᠢᠭᠦᠯᠪᠡ᠃ ᠪᠢᠯᠠᠬᠦᠲᠠᠢ ᠪᠠᠯᠭᠠᠰᠤ᠂ | ᠯᠢᠨᠳᠦ᠋ᠩ ᠤᠨ ᠪᠠᠷᠠᠭᠤᠨ ᠬᠤᠳᠠ ᠵᠡᠭᠡᠯᠢ ᠪᠠᠷ ᠲᠤᠷᠰᠢᠯᠲᠠ ᠶᠢᠨ ᠴᠡᠭ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ︽ | ᠯᠠᠪᠲᠠᠢ ᠬᠠᠪᠰᠤᠷᠬᠤ︾ ᠪᠠ ︽ ᠪᠠᠷᠠᠭᠤᠨ ᠬᠤᠲᠠ ᠶᠢᠨ ᠤᠴᠢᠷ︾ ᠭᠡᠬᠦ ᠰᠦᠯᠵᠢᠶᠡᠨ ᠲᠠᠪᠴᠠᠩ ᠳᠤ ᠲᠦᠰᠢᠭᠯᠡᠨ᠂ 28 | ᠠᠷᠠᠳ ᠤᠨ ᠲᠥᠯᠥᠭᠡᠯᠡᠭᠴᠢ ᠶᠢ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠭᠴᠢ ᠪᠠᠷ ᠰᠣᠩᠭᠤᠨ ᠲᠣᠮᠢᠯᠠᠵᠤ᠂ ᠪᠦᠬᠦ | ᠡᠳᠦᠷ ᠢᠶᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠨ᠂ ᠤᠯᠠᠨ ᠲᠦᠮᠡᠨ ᠢ ᠬᠠᠪᠰᠤᠷᠤᠨ ᠵᠥᠷᠢᠴᠡᠯ | ᠵᠠᠭᠤᠷᠠᠯᠳᠤᠭᠠᠨ ᠢ 51 ᠬᠤᠪᠢ ᠵᠣᠬᠢᠴᠠᠭᠤᠯᠤᠨ ᠰᠢᠢᠳᠪᠦᠷᠢᠯᠡᠵᠦ᠂ ᠤᠯᠠᠨ ᠲᠦᠮᠡᠨ ᠬᠦᠰᠡᠯ ᠱᠠᠭᠠᠷᠳᠠᠯᠭ᠎ᠠ ᠲᠠᠢ᠂ | ᠲᠥᠯᠥᠭᠡᠯᠡᠭᠴᠢᠳ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠪᠡ᠃ | ︵ᠭᠤᠷᠪᠠ︶ ᠣᠯᠠᠨ ᠲᠠᠯ᠎ᠠ ᠬᠠᠮᠲᠤᠷᠠᠨ ᠬᠥᠳᠡᠯᠦᠯᠴᠡᠵᠦ᠂ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠠᠶᠢᠲᠤᠷ | ᠭᠦᠢᠴᠡᠳᠬᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠮᠵᠢᠯᠭᠡ ᠶᠢ ᠢᠳᠡᠪᠬᠢᠲᠡᠢ ᠣᠯᠵᠤ᠂ ᠬᠤᠰᠢᠭᠤᠨ ᠤ ᠨᠠᠮ ᠤᠨ | ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠬᠦ | ᠠᠵᠢᠯ ᠢ ᠠᠬᠢᠭᠤᠯᠬᠤ ᠬᠤᠷᠠᠯ ᠢ ᠠᠩᠬ᠎ᠠ ᠤᠳᠠᠭ᠎ᠠ ᠬᠤᠷᠠᠯᠳᠤᠭᠤᠯᠤᠨ᠂ ᠬᠤᠰᠢᠭᠤᠨ ᠤ ᠨᠠᠮ ᠤᠨ ᠬᠤᠷᠢᠶ᠎ᠠ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠠᠰᠠᠭ ᠤᠨ ᠣᠷᠳᠣᠨ ᠳᠠᠭᠠᠭᠠᠴᠢᠯᠠᠨ ᠭᠦᠢᠴᠡᠳᠬᠡᠵᠦ | ᠨᠠᠶᠢᠳᠠᠪᠤᠷᠢᠵᠢᠭᠤᠯᠬᠤ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠮᠥᠷᠳᠡᠨ ᠬᠢᠨᠠᠯᠲᠠ ᠲᠠᠯᠪᠢᠬᠤ ᠠᠵᠢᠯ ᠤᠨ | ᠲᠣᠭᠲᠠᠴᠠ ᠶᠢ ᠪᠠᠶᠢᠭᠤᠯᠪᠠ᠃ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ︾ ᠳᠤ ᠵᠠᠰᠠᠪᠤᠷᠢ ᠣᠷᠣᠭᠤᠯᠵᠤ᠂ | ᠰᠠᠨᠠᠭᠤᠯᠭ᠎ᠠ ᠳᠤᠷᠠᠳᠬᠤ᠂ ᠲᠤᠰᠢᠶᠠᠨ ᠰᠢᠢᠳᠪᠦᠷᠢᠯᠡᠭᠦᠯᠬᠦ᠂ ᠳᠠᠭᠠᠭᠠᠨ ᠭᠦᠢᠴᠡᠳᠬᠡᠬᠦ᠂ ᠬᠠᠷᠢᠭᠤᠯᠲᠠ ᠥᠭᠬᠦ ᠵᠢᠴᠢ | ᠱᠠᠭᠠᠷᠳᠠᠨ ᠪᠠᠶᠢᠴᠠᠭᠠᠬᠤ ᠵᠡᠷᠭᠡ ᠡᠯ᠎ᠡ ᠭᠤᠭᠴᠣᠭᠠᠨ ᠤ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠤᠷᠬᠠᠶᠢᠯᠠᠨ | ᠂ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠶᠢ ︽ᠬᠠᠷᠢᠭᠤᠯᠲᠠ ᠥᠭᠬᠦ ᠬᠡᠯᠪᠡᠷᠢ︾ ᠠᠴᠠ ︽ | ᠨᠠᠶᠢᠳᠠᠪᠤᠷᠢᠵᠢᠭᠤᠯᠬᠤ ᠬᠡᠯᠪᠡᠷᠢ︾ ᠲᠡᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠪᠠ᠃ ᠬᠤᠰᠢᠭᠤᠨ ᠤ ᠠᠷᠪᠠᠨ | ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ | ᠬᠤᠭᠤᠴᠠᠭᠠᠨ ᠳᠤ᠂ ᠲᠥᠯᠥᠭᠡᠯᠡᠭᠴᠢᠳ ᠨᠡᠶᠢᠲᠡ 7 ᠲᠥᠷᠥᠯ ᠤᠨ 76 ᠬᠤᠪᠢ ᠰᠠᠨᠠᠭᠤᠯᠭ᠎ᠠ᠂ ᠰᠢᠭᠦᠮᠵᠢᠯᠡᠯ ᠵᠢᠴᠢ ᠰᠠᠨᠠᠯ | ᠳᠤᠷᠠᠳᠴᠤ᠂ ᠪᠦᠬᠦᠨ ᠢ ᠰᠢᠢᠳᠪᠦᠷᠢᠯᠡᠵᠦ ᠳᠠᠭᠤᠰᠬᠠᠭᠰᠠᠨ ᠪᠥᠭᠡᠳ ᠲᠥᠯᠥᠭᠡᠯᠡᠭᠴᠢᠳ ᠲᠤ ᠬᠠᠷᠢᠭᠤᠯᠲᠠ ᠥᠭᠴᠦ᠂ | ᠶᠠᠪᠤᠳᠠᠯ ᠪᠣᠯᠭᠠᠨ ᠳᠤ ᠬᠠᠷᠢᠭᠤ ᠲᠤᠰᠬᠠᠯ ᠲᠠᠢ ᠪᠠᠶᠢᠯᠭᠠᠪᠠ᠃ | ᠲᠠᠪᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠪᠡ | ︽ᠳᠥᠷᠪᠡᠨ ᠪᠠᠶᠢᠭᠤᠯᠭ᠎ᠠ︾ ᠶᠢᠨ ᠰᠢᠨᠵᠢᠯᠡᠬᠦ ᠤᠬᠠᠭᠠᠨᠴᠢ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠨ᠂ | ᠰᠢᠷᠭᠠᠭᠤ ᠳᠠᠪᠲᠠᠨ ᠪᠣᠯᠪᠠᠰᠤᠷᠠᠵᠤ᠂ ᠰᠠᠭᠤᠷᠢ ᠪᠠᠨ ᠪᠠᠬᠢᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠩᠭᠠᠳᠬᠠᠪᠠ᠃ | ︵ᠨᠢᠭᠡ︶ ᠤᠶᠤᠨᠴᠢ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠯᠲᠠ ᠰᠤᠳᠤᠯᠤᠯᠲᠠ ᠶᠢᠨ | ᠠᠵᠢᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠨᠡᠶᠢᠭᠡᠮ ᠤᠨ ᠡᠷᠬᠡ ᠰᠦᠷᠲᠦ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢᠨ ᠬᠦᠴᠦᠨ ᠢ ᠬᠦᠭᠵᠢᠭᠡᠨ᠂ ᠥᠷᠭᠡᠨ ᠢᠶᠠᠷ ᠰᠢᠯᠢᠨ ᠰᠣᠩᠭᠤᠬᠤ᠂ ᠪᠠᠶᠢᠭᠤᠯᠭ᠎ᠠ ᠨᠢᠭᠡᠴᠡ | ᠲᠠᠨᠢᠯᠴᠠᠭᠤᠯᠬᠤ ᠵᠢᠴᠢ ᠬᠤᠷᠠᠯ ᠢᠶᠠᠷ ᠰᠤᠳᠤᠯᠤᠨ ᠶᠠᠷᠢᠯᠴᠠᠬᠤ ᠪᠠᠷ ᠳᠠᠮᠵᠢᠵᠤ᠂ ᠪᠦᠬᠦ ᠬᠤᠰᠢᠭᠤᠨ ᠤ ᠡᠯ᠎ᠡ ᠬᠦᠷᠢᠶ᠎ᠡ ᠴᠠᠷᠠᠭ᠎ᠠ | ᠡᠯ᠎ᠡ ᠠᠵᠢᠯ ᠲᠥᠷᠥᠯ ᠤᠨ 22 ᠲᠤᠰᠬᠠᠢ ᠮᠡᠷᠭᠡᠵᠢᠯᠲᠡᠨ ᠢ ᠤᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠤᠶᠤᠨᠴᠢ ᠬᠥᠮᠥᠷᠭᠡ ᠶᠢ ᠪᠠᠶᠢᠭᠤᠯᠪᠠ᠃ ᠤᠶᠤᠨᠴᠢ ᠬᠥᠮᠥᠷᠭᠡ ᠶᠢᠨ ᠪᠦᠷᠢᠯᠳᠦᠬᠦᠨ ᠨᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠣᠨ ᠤ ᠬᠢᠨᠠᠯᠲᠠ ᠲᠠᠯᠪᠢᠬᠤ ᠵᠥᠪᠯᠡᠬᠦ ᠰᠡᠳᠦᠪ ᠢ ᠰᠣᠩᠭᠤᠨ ᠲᠣᠭᠲᠠᠭᠠᠬᠤ᠂ ᠬᠡᠷᠡᠭᠵᠢᠭᠦᠯᠬᠦ᠂ ᠦᠨᠡᠯᠡᠬᠦ | ᠵᠢᠴᠢ ᠴᠢᠬᠤᠯᠠ ᠶᠡᠭᠡ ᠲᠣᠭᠲᠠᠭᠠᠯ ᠭᠠᠷᠭᠠᠬᠤ ᠪᠦᠬᠦ ᠶᠠᠪᠤᠴᠠ ᠳᠤ ᠢᠳᠡᠪᠬᠢᠲᠡᠢ ᠣᠷᠣᠯᠴᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠪᠠ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ ᠰᠤᠳᠤᠯᠭᠠᠨ ᠢᠶᠠᠨ ᠴᠢᠩᠭᠠᠳᠬᠠᠵᠤ᠂ | ᠪᠦᠲᠦᠮᠵᠢᠲᠡᠢ ᠰᠠᠨᠠᠯ ᠰᠠᠨᠠᠭᠤᠯᠭ᠎ᠠ ᠶᠢ ᠨᠡᠶᠢᠲᠡ 15 ᠵᠤᠷᠪᠤᠰ ᠳᠤᠷᠠᠳᠤᠨ᠂ ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠲᠡᠢ ᠤᠶᠤᠨ ᠤ ᠳᠡᠮᠵᠢᠯᠭᠡ ᠪᠠ ᠰᠢᠢᠳᠪᠦᠷᠢᠲᠦ ᠪᠤᠳᠤᠯᠭ᠎ᠠ ᠶᠢᠨ | ᠯᠠᠪᠯᠠᠯᠲᠠ ᠬᠠᠩᠭᠠᠪᠠ᠃ | ︵ᠬᠤᠶᠠᠷ︶ ᠬᠠᠷᠢᠯᠴᠠᠨ ᠬᠤᠯᠪᠣᠭᠠᠯᠠᠨ ᠬᠦᠳᠡᠯᠦᠯᠴᠡᠵᠤ᠂ ᠬᠤᠰᠢᠭᠤ ᠰᠣᠮᠣ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠰᠢᠨ᠎ᠡ ᠠᠬᠢᠯᠲᠠ ᠲᠠᠢ ᠪᠣᠯᠭᠠᠪᠠ᠃ ᠳᠡᠭᠡᠳᠦ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠯᠣᠭᠤᠳᠣᠯᠭ᠎ᠠ ᠪᠠ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠲᠠᠢ ᠬᠠᠮᠵᠢᠯᠴᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠶᠢᠴᠠᠭᠠᠯᠲᠠ ᠰᠤᠳᠤᠯᠤᠯᠲᠠ ᠵᠡᠷᠭᠡ | ᠠᠵᠢᠯᠯᠠᠭ᠎ᠠ ᠶᠢ 14 ᠤᠳᠠᠭ᠎ᠠ ᠦᠷᠨᠢᠭᠦᠯᠪᠠ᠃ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠯᠤᠭ᠎ᠠ ᠶᠢᠨ ᠰᠣᠯᠢᠯᠴᠠᠭ᠎ᠠ ᠬᠠᠷᠢᠯᠴᠠᠭ᠎ᠠ ᠪᠠᠨ ᠨᠢᠭᠲᠠᠷᠠᠭᠤᠯᠵᠤ᠂ ᠪᠤᠰᠤᠳ ᠭᠠᠵᠠᠷ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠮᠠᠨ ᠤ ᠬᠤᠰᠢᠭᠤᠨ ᠳᠠᠬᠢ 9 ᠤᠳᠠᠭ᠎ᠠ ᠶᠢᠨ ᠪᠠᠶᠢᠴᠠᠭᠠᠯᠲᠠ ᠰᠤᠳᠤᠯᠤᠯᠲᠠ ᠶᠢ | ᠬᠦᠯᠢᠶᠡᠨ ᠠᠪᠤᠪᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ | ᠬᠠᠷᠢᠯᠴᠠᠭ᠎ᠠ ᠪᠠᠨ ᠴᠢᠩᠭᠠᠳᠬᠠᠨ᠂ ᠲᠡᠳᠡᠨ ᠤ ᠡᠭᠦᠷᠭᠡ ᠲᠤᠰᠢᠶᠠᠯ ᠤᠨ ᠪᠠᠶᠢᠭᠤᠯᠤᠯᠳᠠ ᠳᠤ ᠪᠠᠶᠢᠴᠠᠭᠠᠯᠳᠠ ᠰᠤᠳᠤᠯᠤᠯᠲᠠ | ᠬᠢᠵᠤ᠂ ᠰᠢᠶᠠᠩ ᠰᠣᠮᠣ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠨᠠᠷ ᠰᠠᠶᠢᠲᠠᠶ | ᠬᠥᠭᠵᠢᠯᠲᠡ ᠶᠢ ᠨᠥᠯᠥᠭᠡᠯᠡᠵᠦ ᠪᠠᠶᠢᠭ᠎ᠠ 6 ᠠᠰᠠᠭᠤᠳᠠᠯ ᠢ ᠡᠷᠢᠵᠦ ᠭᠠᠷᠭᠠᠨ᠂ 4 ᠲᠠᠯ᠎ᠠ ᠶᠢᠨ ᠬᠠᠯᠠᠨ ᠰᠠᠶᠢᠵᠢᠷᠠᠭᠤᠯᠬᠤ | ᠰᠠᠨᠠᠭᠤᠯᠭ᠎ᠠ ᠶᠢ ᠳᠤᠷᠠᠳᠴᠤ᠂ ︽ᠪᠠᠭᠠᠷᠢᠨ ᠵᠡᠭᠦᠨ ᠬᠤᠰᠢᠭᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠨᠡᠯᠡᠯᠲᠡ ᠶᠢᠨ ᠠᠷᠭ᠎ᠠ︾ ᠳᠤ ᠵᠠᠰᠠᠪᠤᠷᠢ ᠣᠷᠤᠭᠤᠯᠤᠨ᠂ | ︽ᠪᠠᠭᠠᠷᠢᠨ ᠵᠡᠭᠦᠨ ᠬᠤᠰᠢᠭᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠠᠷᠤᠳᠠᠯ ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠨ᠂ | ᠰᠢᠶᠠᠩ ᠰᠣᠮᠣ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠤᠮᠵᠢᠭᠰᠠᠨ | ᠪᠠᠶᠢᠭᠤᠯᠤᠯᠲᠠ ᠶᠢ ᠠᠬᠢᠭᠤᠯᠵᠤ᠂ ᠠᠵᠢᠯ ᠤᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠢ ᠢᠯᠡᠳᠲᠡ | ᠳᠡᠭᠡᠭᠰᠢᠯᠡᠭᠦᠯᠪᠡ᠃ | ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠭᠤ ᠬᠤᠭᠤᠯᠠᠢ ᠶᠢ ᠳᠠᠮᠵᠢᠭᠤᠯᠵᠤ᠂ ᠮᠡᠳᠡᠭᠡ | ᠵᠠᠩᠭᠢ ᠶᠢᠨ ᠤᠬᠠᠭᠤᠯᠭ᠎ᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠪᠠ᠃ ︽ᠳᠡᠭᠡᠷ᠎ᠡ ᠳᠣᠣᠷ᠎ᠠ ᠱᠠᠲᠤᠨ ᠤ ᠨᠡᠪᠲᠡᠷᠡᠯᠴᠡᠯ᠂ | ᠭᠠᠳᠠᠭᠠᠳᠤ ᠳᠣᠲᠣᠭᠠᠳᠤ ᠶᠢᠨ ᠤᠶᠠᠯᠳᠤᠯ︾ ᠢ ᠪᠠᠷᠢᠮᠲᠠᠯᠠᠵᠤ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ | ᠲᠣᠭᠲᠠᠴᠠ ᠶᠢ ᠪᠥᠬᠦ ᠲᠠᠯ᠎ᠠ ᠪᠠᠷ ᠴᠢᠩᠭᠠᠳᠬᠠᠨ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠲᠤᠭ᠎ᠠ ᠶᠢ ᠪᠠᠲᠤᠯᠠᠨ ᠴᠢᠨᠠᠷ ᠢ ᠳᠡᠭᠡᠭᠰᠢᠯᠡᠭᠦᠯᠪᠡ᠃ ᠨᠢᠭᠡ | ᠵᠢᠯ ᠤᠨ ᠲᠤᠷᠰᠢ᠂ ︽ᠠᠷᠠᠳ ᠤᠨ ᠲᠥᠯᠥᠭᠡᠯᠡᠭᠴᠢᠳ ᠤᠨ ᠰᠣᠨᠢᠨ︾᠂ ︽ᠥᠪᠥᠷ ᠮᠣᠩᠭᠤᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ︾᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠢᠨ᠎ᠡ ᠵᠠᠭᠤᠴᠢᠯᠠᠭᠤᠷ ᠵᠢᠴᠢ ︽ᠤᠯᠠᠭᠠᠨᠬᠠᠳᠠ ᠶᠢᠨ ᠡᠳᠦᠷ ᠤᠨ ᠰᠣᠨᠢᠨ︾ ᠵᠡᠷᠭᠡ ᠳᠤ ᠨᠡᠶᠢᠲᠡ 65 ᠬᠤᠪᠢ | ᠮᠡᠳᠡᠭᠡ ᠵᠠᠩᠭᠢ ᠶᠢ ᠬᠦᠷᠭᠡᠨ᠂ ᠡᠭᠦᠨ ᠳᠤ 59 ᠬᠤᠪᠢ ᠶᠢ ᠨᠢ ᠬᠡᠷᠡᠭᠯᠡᠪᠡ᠃ ᠪᠠᠭᠠᠷᠢᠨ ᠵᠡᠭᠦᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠲᠦᠰᠢᠭᠯᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠦᠳᠡᠯᠦᠩᠭᠦᠢ ᠪᠠᠶᠢᠳᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠲᠥᠯᠥᠭᠡᠯᠡᠭᠴᠢᠳ ᠤᠨ ᠴᠤᠭ ᠵᠢᠪᠬᠤᠭ᠎ᠠ ᠶᠢᠨ ᠲᠤᠰᠬᠠᠶ ᠪᠤᠯᠤᠩ ᠢ ᠡᠭᠦᠰᠬᠡᠨ | ᠪᠠᠶᠢᠭᠤᠯᠵᠤ᠂ ᠪᠥᠬᠦ ᠵᠢᠯ ᠳᠤ 140 ᠭᠠᠷᠤᠶ ᠮᠡᠳᠡᠭᠡ ᠵᠠᠩᠭᠢ ᠨᠡᠶᠢᠲᠡᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠥᠯᠢᠭᠡᠷ ᠪᠠ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠣᠯᠠᠨ ᠲᠠᠯ᠎ᠠ ᠠᠴᠠ ᠤᠬᠠᠭᠤᠯᠵᠤ᠂ ᠨᠡᠶᠢᠭᠡᠮ ᠤᠨ | ᠡᠯ᠎ᠡ ᠡᠲᠡᠭᠡᠳ ᠲᠤ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠭᠤ | ᠬᠤᠭᠤᠯᠠᠢ ᠶᠢ ᠳᠠᠮᠵᠢᠭᠤᠯᠵᠤ᠂ ᠳᠦᠷᠢ ᠳᠦᠷᠬᠦ ᠶᠢ ᠬᠦᠢᠴᠡᠳ ᠬᠠᠷᠠᠭᠤᠯᠪᠠ᠃ |