ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠤᠨ | ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠭᠡᠰᠢᠭᠦᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠡᠭᠦᠳᠡᠨ ᠠᠴᠠ᠂ 8 | ᠰᠠᠷ᠎ᠠ ᠶᠢᠨ 10 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠴᠠ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠪᠣᠯᠪᠠᠰᠤᠷᠠᠯ ᠤᠨ ᠬᠤᠷᠠᠯ ᠬᠤᠷᠠᠯᠳᠤᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠮᠠ | ᠱᠦ ᠶᠸᠦ᠂ ᠳᠡᠳ᠋ ᠲᠡᠷᠢᠭᠦᠯᠡᠭᠴᠢ ᠪᠥᠸᠧ ᡁᠢ ᠾᠦᠢ᠂ ᠡᠤ ᠸᠧᠶ ᠳ᠋ᠦᠩ᠂ ᠭᠤᠸ᠎ᠠ᠂ ᠨᠠᠷᠢᠨ ᠪᠢᠴᠢᠭ ᠤᠨ ᠳᠠᠷᠤᠭ᠎ᠠ | ᠰᠥᠩ ᠴᠢᠩ ᠵᠢᠶᠦ᠋ᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠡᠦ ᠸᠧᠶ ᠳ᠋ᠦᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠤᠯᠠᠮᠵᠢᠯᠠᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ︾ ᠶᠢᠨ ᠲᠣᠭᠤᠷᠢᠨ ᠳᠤ ᠪᠥᠬᠦ ᠲᠠᠯ᠎ᠠ ᠪᠠᠷ | ᠣᠯᠠᠨ ᠲᠠᠰ ᠳᠠᠪᠬᠤᠷᠭ᠎ᠠ ᠪᠠᠷ ᠬᠢᠴᠢᠶᠡᠯ ᠶᠠᠷᠢᠵᠤ᠂ ᠠᠭᠤᠯᠭ᠎ᠠ ᠨᠢ ᠭᠦᠨᠵᠡᠭᠡᠶ ᠪᠥᠭᠡᠳ ᠣᠶᠢᠯᠠᠭᠠᠮᠵᠢᠲᠠᠶ᠂ ᠨᠡᠯᠢᠶᠡᠳ | ᠴᠢᠩᠭ᠎ᠠ ᠰᠢᠰᠲ᠋ᠧᠮᠲᠦ ᠴᠢᠨᠠᠷ ᠪᠠ ᠤᠨᠤᠯ ᠤᠨ ᠴᠢᠨᠠᠷ ᠲᠠᠢ ᠮᠥᠷᠲᠡᠭᠡᠨ ᠪᠠᠰᠠ ᠦᠨᠳᠦᠰᠦᠨ ᠱᠠᠲᠤᠨ ᠤ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠭᠡᠰᠢᠭᠦᠳ ᠤᠨ ᠡᠭᠦᠷᠭᠡ | ᠲᠤᠰᠢᠶᠠᠯ ᠢᠶᠠᠨ ᠨᠡᠩ ᠰᠠᠶᠢᠨ ᠭᠦᠢᠴᠡᠳᠬᠡᠬᠦ ᠳᠤ ᠲᠤᠷᠰᠢᠯᠭ᠎ᠠ ᠬᠠᠩᠭᠠᠵᠤ᠂ ᠠᠷᠭ᠎ᠠ ᠤᠬᠠᠭᠠᠨ ᠵᠢᠭᠠᠵᠤ ᠥᠭᠭᠦᠭᠰᠡᠨ | ᠪᠠᠶᠢᠨ᠎ᠠ᠃ | ᠬᠤᠷᠠᠯ ᠠᠴᠠ᠂ ᠭᠡᠰᠢᠭᠦᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠭᠤᠤᠯ ᠱᠤᠭᠤᠮ ᠤᠨ | ᠤᠬᠠᠮᠰᠠᠷ ᠢᠶᠠᠨ ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃ | |