8 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠴᠢᠨ ᠬᠤᠸᠠᠢ ᠳ᠋ᠦᠩ 2024 ᠣᠨ ᠤ 12 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠵᠡᠷᠭᠡ 5 ᠵᠦᠢᠯ ᠤᠨ ᠰᠤᠷᠤᠯᠴᠠᠬᠤ ᠠᠭᠤᠯᠭ᠎ᠠ ᠶᠢ ᠰᠤᠷᠤᠯᠴᠠᠪᠠ︔ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ ᠠᠵᠢᠯ ᠤᠨ ᠲᠥᠰᠦᠯ ︵ᠶᠠᠷᠢᠯᠴᠠᠬᠤ ᠨᠣᠤᠷᠠᠭ︶︾ ᠢ ᠬᠢᠨᠠᠨ ᠵᠦᠪᠯᠡᠵᠦ᠂ ᠪᠥᠬᠦ | ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶ᠋ᠯ᠂ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠭᠰᠠᠨ | ᠪᠠᠶᠢᠳᠠᠯ ᠢ ᠮᠡᠳᠡᠭᠳᠡᠪᠡ᠃ | ᠬᠤᠷᠠᠯ ᠠᠴᠠ᠂ ᠠᠵᠢᠯ ᠤᠨ ᠡᠭᠦᠷᠭᠡ ᠶᠢ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠭᠤᠣᠯᠳᠠᠯᠭ᠎ᠠ ᠲᠠᠢ ᠠᠵᠢᠯ ᠢ ᠰᠠᠶᠢᠲᠤᠷ | ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠶ ᠲᠥᠯᠥᠪᠯᠡᠨ | ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠯᠠ ᠣᠷᠣᠭᠤᠯᠤᠯᠲᠠ ᠶᠢ ᠬᠡᠪ ᠤᠨ ᠶᠣᠰᠣᠭᠠᠷ ᠠᠬᠢᠭᠤᠯᠬᠤ ᠶᠢ | ᠦᠨᠡᠨᠬᠦ ᠪᠠᠲᠤᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠳᠬᠡᠨ᠂ ᠬᠡᠷᠡᠭ ᠢ ᠬᠢᠨᠠᠨ | ᠪᠠᠶᠢᠴᠠᠭᠠᠵᠤ ᠭᠦᠢᠴᠡᠳᠬᠡᠬᠦ ᠪᠠ ᠣᠶ ᠰᠢᠭᠤᠶ ᠡᠪᠡᠰᠦᠲᠦ ᠭᠠᠵᠠᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠬᠦ | ᠭᠠᠷᠳᠠᠮ ᠢ ᠭᠦᠶ᠋ᠴᠡᠳᠬᠡᠬᠦ ᠠᠬᠢᠴᠠ ᠶᠢ ᠠᠬᠢᠭᠤᠯᠤᠨ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠲᠥᠪ ᠤᠨ ᠲᠥᠰᠦᠪ ᠤᠨ ᠳᠣᠲᠣᠷᠠᠬᠢ᠂ ᠡᠩ ᠤᠨ ᠵᠢᠭᠡᠯᠡᠯᠭᠡ ᠶᠢᠨ ᠲᠡᠮᠳᠡᠭᠲᠦ᠂ | ᠤᠷᠲᠤᠪᠲᠤᠷ ᠪᠠ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠪᠠ ᠲᠠᠷᠢᠶᠠᠯᠠᠩ ᠤᠨ ᠲᠠᠷᠬᠠᠭᠠᠯᠲᠠ ᠶᠢᠨ | ᠵᠢᠭᠡᠯᠡᠯᠭᠡ ᠵᠡᠷᠭᠡ ᠪᠠᠯᠠ ᠮᠥᠩᠭᠦ ᠶᠢ ᠬᠠᠷᠢᠴᠠᠨ ᠤᠯᠬᠤ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ᠂ ᠲᠥᠷᠥᠯ ᠵᠦᠶ᠋ᠯ ᠢ ᠲᠥᠯᠥᠪᠵᠢᠭᠦᠯᠬᠦ᠂ ᠭᠠᠷᠳᠠᠮ ᠢ | ᠭᠦᠶ᠋ᠴᠡᠳᠬᠡᠬᠦ ᠵᠡᠷᠭᠡ ᠠᠵᠢᠯ ᠢ ᠴᠠᠭ ᠲᠤᠬᠠᠶ ᠳᠤᠨᠢ ᠳᠠᠭᠠᠵᠤ᠂ ᠪᠠᠯᠠ ᠮᠥᠩᠭᠦ ᠶᠢ ᠬᠠᠮᠤᠭ ᠤᠨ ᠶᠡᠭᠡ ᠪᠠᠷ ᠲᠡᠮᠡᠴᠡᠨ | ᠤᠯᠬᠤ ᠶᠢ ᠠᠯᠢ ᠴᠢᠳᠠᠬᠤ ᠪᠠᠷ ᠳᠥᠯᠭᠢᠨ ᠠᠬᠢᠭᠤᠯᠬᠤ ᠬᠡᠷᠡᠭᠲᠡᠶ ᠭᠡᠪᠡ᠃ | ᠬᠤᠷᠠᠯ ᠳᠡᠭᠡᠷ᠎ᠡ ᠬᠤᠰᠢᠭᠤᠨ ᠤ ᠵᠠᠰᠠᠭ ᠤᠨ ᠣᠷᠳᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠳᠤ ᠳᠡᠪᠰᠢᠭᠦᠯᠬᠦ ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠶᠠᠪᠤᠳᠠᠯ ᠢ ᠬᠢᠨᠠᠨ ᠵᠥᠪᠯᠡᠪᠡ᠃ |