︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠢ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/8/2

7 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ︵ᠳᠣᠷᠣᠭᠰᠢ ︽ᠳᠦᠷᠢᠮ︾ ᠭᠡᠵᠦ

ᠲᠣᠪᠴᠢᠯᠠᠨ᠎ᠠ︶ ᠤᠨ ᠬᠠᠮᠢᠶ᠎ᠠ ᠪᠦᠬᠦᠢ ᠲᠣᠭᠲᠠᠭᠠᠯ ᠢ ᠲᠥᠪᠯᠡᠷᠡᠭᠦᠯᠦᠨ ᠨᠡᠶᠢᠲᠡᠯᠡᠵᠦ᠂ ︽ᠳᠦᠷᠢᠮ︾ ᠢ ᠤᠬᠠᠭᠤᠯᠤᠨ

ᠲᠠᠶᠢᠯᠪᠤᠷᠢᠯᠠᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠦᠭᠦ ᠨᠡᠶᠢᠭᠡᠮ ᠤᠨ ᠦᠨᠡᠨᠴᠢ

ᠢᠲᠡᠭᠡᠮᠵᠢ ᠶᠢᠨ ᠤᠬᠠᠮᠰᠠᠷ ᠪᠠ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠶᠢ ᠵᠣᠷᠢᠪᠠ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ

ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠶᠡᠷᠦᠩᠬᠡᠢ ᠳᠤᠨᠢ ᠨᠡᠶᠢᠲᠡᠯᠡᠪᠡ᠃ ᠥᠪᠡᠷᠲᠡᠭᠡᠨ ᠵᠠᠰᠠᠬᠤ

ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ᠂ ᠡᠳ᠋ ᠤᠨ ᠵᠠᠰᠠᠭ

ᠠᠵᠤ ᠠᠬᠤᠢ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ

᠂ ᠬᠠᠤᠯᠢ ᠴᠠᠭᠠᠵᠠ ᠶᠢᠨ ᠲᠢᠩᠬᠢᠮ ᠤᠨ ᠬᠠᠷᠢᠭᠤᠴᠠᠯᠭᠠᠲᠠᠨ ︽ᠳᠦᠷᠢᠮ︾ ᠤᠨ ᠭᠢᠯᠠᠰ ᠴᠡᠭ᠂ ︽ᠳᠦᠷᠢᠮ︾ ᠤᠨ

ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢᠨ ᠦᠢᠯᠡᠴᠢᠯᠡᠭᠡᠨ ᠤ ᠠᠵᠢᠯ

ᠲᠥᠷᠥᠯ ᠤᠨ ᠵᠢᠷᠤᠮᠵᠢᠯ ᠬᠢᠭᠡᠳ ᠬᠥᠭᠵᠢᠯᠲᠡ ᠶᠢᠨ ᠲᠤᠬᠠᠢ ᠲᠣᠭᠲᠠᠭᠠᠯ ᠵᠡᠷᠭᠡ ᠠᠭᠤᠯᠭ᠎ᠠ ᠶᠢᠨ ᠲᠤᠬᠠᠢ

ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ

ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃

      ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢᠶᠠᠷ᠂ ᠶᠡᠷᠦᠩᠬᠡᠢ ᠱᠦᠵᠢ ᠰᠢ ᠶᠢᠨ

ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠡᠨᠴᠢ

ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠦᠭᠦ

ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠮᠠᠨ ᠤ

ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ

ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ

ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠳᠦᠷᠢᠮ︾ ᠢ 2024 ᠣᠨ ᠤ

ᠭᠤᠣᠯᠳᠠᠯᠭ᠎ᠠ ᠲᠠᠢ ᠬᠠᠤᠯᠢ ᠲᠣᠭᠲᠠᠭᠠᠬᠤ ᠲᠥᠷᠥᠯ ᠵᠦᠢᠯ ᠢᠶᠠᠷ ᠲᠣᠭᠲᠠᠭᠠᠪᠠ᠃ 7 ᠰᠠᠷ᠎ᠠ ᠶᠢᠨ 25 ᠤ ᠡᠳᠦᠷ᠂

ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠲᠣᠰ ︽ᠳᠦᠷᠢᠮ︾ ᠢ ᠪᠠᠲᠤᠯᠠᠪᠠ᠃

︽ᠳᠦᠷᠢᠮ︾ ᠨᠢ ᠨᠡᠶᠢᠲᠡ 8 ᠪᠦᠯᠦᠭ 51 ᠵᠦᠢᠯ ᠢᠶᠠᠷ ᠪᠦᠷᠢᠯᠳᠦᠵᠦ᠂ ᠨᠡᠶᠢᠭᠡᠮ ᠤᠨ ᠢᠲᠡᠭᠡᠮᠵᠢ ᠶᠢᠨ

ᠰᠢᠰᠲ᠋ᠧᠮ ᠤᠨ ᠪᠠᠶᠢᠭᠤᠯᠤᠯᠲᠠ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂

ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂

ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ

ᠲᠥᠷᠥᠯ ᠤᠨ ᠵᠢᠷᠤᠮᠵᠢᠯ ᠬᠢᠭᠡᠳ ᠬᠥᠭᠵᠢᠯᠲᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠶᠢᠨ ᠲᠤᠬᠠᠢ

ᠲᠣᠭᠲᠠᠭᠠᠯ ᠭᠠᠷᠭᠠᠵᠤ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号