ᠰᠢ ᠶᠢᠨ ᠫᠢᠩ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠣᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/8/2

ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ

ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ

ᠰᠢ ᠶᠢᠨ ᠫᠢᠩ ᠣᠶᠢᠷ᠎ᠠ ᠳᠤ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂

ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ

ᠵᠢᠭᠠᠪᠤᠷᠢ ᠥᠭᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ

ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠪᠦᠭᠦ ᠤᠯᠤᠰ ᠤᠨ ᠴᠢᠬᠤᠯᠠ ᠶᠡᠭᠡ ᠤᠯᠤᠰ ᠲᠥᠷᠥ ᠶᠢᠨ

ᠡᠭᠦᠷᠭᠡ ᠮᠥᠨ᠂ ᠲᠥᠪ ᠤᠨ ᠪᠠ ᠲᠥᠷᠥ ᠶᠢᠨ ᠪᠠᠶᠢᠭᠤᠯᠭ᠎ᠠ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠠᠩᠬᠠᠨ ᠤ ᠨᠢᠭᠡ ᠺᠢᠯᠣᠮᠧᠳ᠋ᠷ︾

ᠮᠥᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ

ᠬᠤᠰᠢᠭᠤᠴᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃

       ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ

ᠪᠣᠯᠣᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂

ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ

ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂

ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠵᠢᠱᠢᠶ᠎ᠡ ᠦᠵᠡᠭᠦᠯᠭᠦ

ᠬᠡᠷᠡᠭᠲᠡᠢ᠃ ᠨᠠᠮ ᠤᠨ ᠪᠠᠶᠢᠭᠤᠯᠤᠯᠲᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠨᠠᠮ ᠤᠨ

ᠲᠥᠪ ᠬᠤᠷᠢᠶᠠᠨ ᠤ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠪᠠ ᠲᠥᠷᠥ ᠶᠢᠨ

ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠤᠭᠰᠠᠨ ᠦᠢᠯᠡᠳᠦᠯᠭᠡ ᠶᠢᠨ ᠲᠤᠷᠰᠢᠯᠭ᠎ᠠ ᠶᠢ ᠰᠠᠶᠢᠲᠤᠷ ᠳ᠋ᠦᠩᠨᠡᠨ ᠬᠡᠷᠡᠭᠯᠡᠵᠦ᠂ ᠨᠠᠮ ᠤᠨ

ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠬᠠᠮᠠᠭᠠᠯᠠᠬᠤ︾ ᠶᠢ

ᠲᠦᠷᠦᠭᠦᠯᠡᠨ ᠪᠡᠶᠡᠯᠡᠭᠦᠯᠵᠦ᠂ ᠣᠨᠣᠯ ᠤᠨ ᠵᠡᠪᠰᠡᠭᠯᠡᠯ ᠢ ᠲᠦᠷᠦᠭᠦᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ

ᠰᠠᠭᠤᠷᠢ ᠶᠢ ᠲᠦᠷᠦᠭᠦᠯᠡᠨ ᠪᠠᠬᠢᠵᠢᠭᠦᠯᠵᠦ᠂ ᠲᠦᠷᠦᠭᠦᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ

ᠢᠯᠵᠠᠷᠠᠯ ᠢ ᠡᠰᠡᠷᠭᠦᠴᠡᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ

ᠳᠡᠭᠡᠭᠰᠢᠯᠡᠭᠦᠯᠵᠦ᠂ ᠨᠢᠭᠡᠳᠦᠭᠡᠷ ᠡᠩᠨᠡᠭᠡ ᠳᠤ ᠰᠠᠶᠢᠲᠤᠷ ᠶᠠᠪᠤᠵᠤ᠂ ︽ᠭᠤᠷᠪᠠᠨ ᠥᠯᠢᠭᠡᠷ ᠳᠠᠭᠤᠷᠢᠶᠠᠯ︾ ᠪᠣᠯᠵᠤ᠂

ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯ ᠤᠨ

ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ

ᠡᠭᠦᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ

ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ

ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

         ᠲᠥᠪ ᠤᠨ ᠪᠠ ᠲᠥᠷᠥ ᠶᠢᠨ ᠪᠠᠶᠢᠭᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠠᠶᠢᠭᠤᠯᠭ᠎ᠠ ᠶᠢᠨ

ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ 31 ᠤ ᠡᠳᠦᠷ

ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ

ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠼᠠᠢ ᠴᠢ ᠬᠤᠷᠠᠯ ᠳᠤ

ᠣᠷᠣᠯᠴᠠᠵᠤ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃

         ᠼᠠᠢ ᠴᠢ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠨᠢᠭᠡ ᠴᠣᠭᠴᠠ ᠪᠠᠷ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠭᠤᠷᠪᠠᠳᠤᠭᠠᠷ ᠪᠦᠭᠦᠳᠡ ᠬᠤᠷᠠᠯ ᠤᠨ

ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ

ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ

ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠣᠶᠢᠯᠠᠭᠠᠵᠤ᠂ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ

︾ ᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠦᠵᠡᠯ ᠰᠠᠨᠠᠭ᠎ᠠ ᠪᠣᠯᠣᠨ ᠦᠶ᠋ᠯᠡ ᠠᠵᠢᠯᠯᠠᠭ᠎ᠠ ᠪᠠᠨ

ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ

ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠴᠢᠭᠯᠡᠯ ᠢ ᠪᠠᠲᠤ

ᠡᠵᠡᠮᠳᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ

ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠪᠠᠷᠢᠮᠲᠠᠯᠠᠵᠤ᠂ ᠡᠯ᠎ᠡ

ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ᠂ ᠺᠠᠳ᠋ᠷ ᠤᠨ ᠥᠭᠡᠷᠡᠴᠢᠯᠡᠯᠲᠡ ᠶᠢ

ᠠᠳᠬᠤᠬᠤ᠂ ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ

ᠲᠠᠶᠢᠴᠢᠯᠠᠵᠦ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ

ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

         ᠼᠠᠢ ᠴᠢ ᠣᠶᠢᠷ᠎ᠠ ᠶᠢᠨ ᠵᠢᠯ ᠤᠨ ᠲᠤᠷᠰᠢ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ

ᠫᠢᠩ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠠᠷᠭ᠎ᠠ ᠬᠢᠳᠡᠯ ᠪᠣᠯᠣᠨ ᠦᠷ᠎ᠡ ᠪᠦᠲᠦᠮᠵᠢ ᠶᠢ

ᠭᠦᠢᠴᠡᠳ ᠨᠤᠲᠠᠯᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠯᠤᠰ ᠲᠦᠷᠦ ᠶᠢᠨ ᠦᠨᠡᠨᠴᠢ ᠰᠢᠳᠤᠷᠭᠤ ᠪᠠᠨ

ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠤ

ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠠᠰᠤᠷᠠᠯᠳᠠ ᠦᠭᠡᠢ ︽ᠲᠦᠷᠪᠡᠨ

ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾

 ᠶᠢ ᠦᠢᠯᠡᠳᠦᠯᠭᠡᠵᠢᠭᠦᠯᠬᠦ ᠨᠢᠭᠡᠳᠦᠭᠡᠷ ᠵᠢᠭᠰᠠᠭᠠᠯ ᠢ ᠴᠢᠩᠭᠠᠳᠬᠠᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠶᠢᠨ

ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂

ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂

ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠣᠷᠳᠣ

ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠵᠠᠯᠠᠭᠤ ᠺᠠᠳ᠋ᠷᠴᠤᠳ ᠢ ᠬᠥᠮᠥᠵᠢᠭᠦᠯᠦᠨ

ᠬᠥᠲᠥᠯᠥᠨ ᠳᠠᠭᠠᠭᠤᠯᠬᠤ ᠪᠠᠨ ᠴᠢᠩᠭᠠᠳᠬᠠᠬᠤ ᠭᠡᠷᠡᠭᠲᠡᠶ︔ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ

ᠬᠦᠴᠦᠷᠬᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ᠂ ᠴᠢᠳᠠᠮᠵᠢ ᠶᠢ ᠴᠢᠩᠭᠠᠳᠬᠠᠬᠤ ᠶᠢ ᠵᠡᠷᠭᠡ ᠪᠠᠷ

ᠠᠳᠬᠤᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠭᠡᠷᠡᠭᠲᠡᠢ︔ ᠦᠷᠭᠦᠯᠵᠢᠯᠡᠨ

ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠵᠦ᠂ ᠬᠡᠯᠪᠡᠷᠢᠴᠢ ᠦᠵᠡᠯ᠂

ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠩᠭᠤ ᠶᠢᠨ ᠴᠢᠨᠠᠷ

ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠬᠤ

ᠭᠡᠷᠡᠭᠲᠡᠢ︔ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂

ᠳᠦᠷᠢᠮ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ

ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ

ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ

ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

         ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ

ᠪᠠᠶᠢᠭᠤᠯᠭ᠎ᠠ᠂ ᠲᠥᠪ ᠤᠨ ᠭᠠᠳᠠᠭᠠᠳᠤ ᠲᠠᠢ ᠬᠤᠯᠪᠤᠭ᠎ᠠ ᠠᠪᠬᠤ ᠬᠡᠯᠲᠡᠰ᠂ ᠪᠦᠭᠦ ᠤᠯᠤᠰ ᠤᠨ ᠠᠵᠢᠯᠴᠢᠨ ᠤ

ᠶᠡᠷᠦᠩᠬᠡᠢ ᠡᠪᠯᠡᠯ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠷᠢᠭᠤᠴᠠᠯᠭᠠᠲᠠᠨ

ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃

         ᠵᠢᠶᠠᠩ ᠰᠢᠨ ᡁᠢ ᠬᠤᠷᠠᠯ ᠳᠤ ᠣᠷᠣᠯᠴᠠᠪᠠ᠃

         ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ

ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ

ᠡᠯ᠎ᠡ ᠰᠠᠯᠠᠭ᠎ᠠ ᠮᠥᠴᠢᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠳᠡᠳ᠋ ᠱᠦᠵᠢ᠂

ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ

ᠣᠷᠣᠯᠴᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号