ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ  ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/8/2

8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ

ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ

ᠱᠦᠵᠢ ᠸᠠᠩ ᠯᠢ ᠰᠢᠶᠠ ᠬᠤᠷᠠᠯ ᠢ ᠡᠷᠭᠢᠯᠡᠵᠡᠢ᠃

        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ

ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ

ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ

ᠰᠠᠨᠠᠭ᠎ᠠ ᠪᠣᠯᠣᠨ ᠦᠶ᠋ᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠣᠲᠣ

ᠦᠶ᠎ᠡ ᠶᠢᠨ ᠬᠢᠯᠢ ᠬᠢᠵᠠᠭᠠᠷ ᠲᠠᠯᠠᠢ ᠲᠠᠩᠭᠢᠰ ᠬᠢᠭᠡᠳ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ

ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠯ᠎ᠡ ᠵᠦᠢᠯ ᠤᠨ ᠠᠵᠢᠯ ᠢ

ᠰᠤᠳᠤᠯᠬᠤ ᠳᠠᠭᠠᠨ ᠴᠥᠮ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠪᠣᠳᠠᠲᠠᠢ

ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠡᠬᠡ ᠤᠯᠤᠰ ᠤᠨ ︽

ᠤᠮᠠᠷᠠᠲᠤ ᠶᠡᠭᠡ ᠬᠠᠭᠠᠯᠭ᠎ᠠ︾ ᠶᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

         ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ

ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ

ᠠᠵᠢᠯᠯᠠᠭ᠎ᠠ ᠪᠣᠯᠣᠨ᠎ᠠ᠃ ᠪᠦᠭᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠣᠭᠴᠠᠯᠠᠵᠤ᠂ ᠰᠡᠳᠬᠢᠯ ᠨᠢᠭᠡᠳᠦᠨ

ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠭᠡᠷᠡᠴᠢᠯᠡᠯᠲᠡ ᠪᠠᠷ ᠬᠥᠳᠡᠯᠭᠡᠬᠦ

ᠬᠦᠴᠦᠨ ᠪᠣᠯᠭᠠᠨ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ

ᠰᠡᠷᠭᠡᠶᠢᠯᠡᠬᠦ ᠶᠢ ᠠᠬᠢᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ

ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

          ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ

ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ 200 ᠭᠠᠷᠤᠢ ᠵᠦᠢᠯ ᠤᠨ ᠡᠭᠦᠷᠭᠡ ᠶᠢᠨ ᠨᠠᠷᠢᠨ ᠲᠠᠩᠰᠠ ᠶᠢ

ᠨᠠᠷᠢᠯᠢᠭᠵᠢᠭᠤᠯᠤᠨ ᠪᠦᠷᠢᠯᠳᠦᠭᠦᠯᠬᠦ ᠶᠢᠨ ᠬᠠᠮᠲᠤ ᠲᠦᠷᠦᠭᠦᠯᠡᠨ ᠤᠳᠤᠷᠢᠳᠬᠤ ᠪᠠ ᠲᠦᠷᠦᠭᠦᠯᠡᠨ ᠬᠢᠬᠦ ᠰᠠᠯᠠᠭ᠎ᠠ

ᠮᠥᠴᠢᠷ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠰᠢᠰᠲ᠋ᠧᠮ ᠢ ᠱᠠᠯᠠᠪᠳᠠᠨ ᠬᠥᠳᠡᠯᠦᠯᠴᠡᠵᠦ᠂

ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ ᠶᠢ

ᠨᠠᠶᠢᠳᠠᠪᠤᠷᠢᠵᠢᠭᠤᠯᠬᠤ ᠶᠢ ᠲᠠᠪᠤᠨ ᠶᠡᠭᠡ ᠡᠭᠦᠷᠭᠡ ᠶᠢ ᠠᠬᠢᠭᠤᠯᠬᠤ ᠲᠠᠢ ᠤᠶᠠᠯᠳᠤᠭᠤᠯᠵᠤ᠂ ᠬᠠᠷᠢᠭᠤᠴᠠᠯᠭ᠎ᠠ ᠶᠢᠨ

ᠠᠵᠢᠯ ᠤᠨ ᠬᠤᠪᠢᠶᠠᠷᠢᠯᠠᠯ ᠶᠣᠰᠣᠭᠠᠷ᠂ ᠪᠣᠳᠠᠲᠠᠢ ᠥᠭᠡᠷᠡᠴᠢᠯᠡᠯᠲᠡ ᠶᠢᠨ ᠵᠦᠢᠯᠡᠰ ᠢ ᠨᠠᠷᠢᠨ ᠨᠢᠮᠪᠠᠢ ᠲᠥᠰᠥᠪᠯᠡᠵᠦ᠂

ᠨᠠᠷᠢᠨ ᠬᠢᠨᠠᠮᠠᠭᠠᠢ ᠰᠤᠳᠤᠯᠵᠤ᠂ ᠨᠢᠭᠡ ᠶᠢ ᠪᠣᠯᠪᠠᠰᠤᠷᠠᠩᠭᠤᠢ ᠪᠣᠯᠭᠠᠪᠠᠯ ᠨᠢᠭᠡ ᠶᠢ ᠳᠡᠯᠭᠡᠷᠡᠭᠦᠯᠬᠦ ᠬᠡᠷᠡᠭᠲᠡᠢ᠃

ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠡᠷᠲᠡᠬᠡᠨ ᠠᠳᠬᠤᠵᠤ ᠪᠣᠳᠠᠲᠠᠢ ᠠᠳᠬᠤᠵᠤ᠂

ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠳᠣᠪᠤᠶᠢᠯᠭᠠᠵᠤ᠂ ᠰᠡᠳᠬᠢᠯ ᠨᠢᠭᠡᠳᠦᠨ

ᠬᠦᠴᠦ ᠪᠠᠨ ᠬᠠᠮᠲᠤᠳᠬᠠᠵᠤ ᠪᠠᠶᠢᠭᠠᠳ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠵᠢᠴᠢ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠶᠠᠮᠤᠨ ᠵᠥᠪᠯᠡᠯ ᠲᠠᠢ ᠴᠠᠭ ᠲᠤᠬᠠᠢ ᠳᠤᠨᠢ ᠵᠣᠯᠭᠠᠯᠳᠤᠭᠤᠯᠵᠤ᠂

ᠳᠡᠮᠵᠢᠯᠭᠡ ᠪᠠ ᠵᠢᠯᠣᠭᠤᠳᠤᠯᠭ᠎ᠠ ᠶᠢ ᠢᠳᠡᠪᠬᠢᠲᠡᠢ ᠲᠡᠮᠡᠴᠡᠨ ᠣᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠳᠡᠭᠡᠷᠡᠬᠢ ᠰᠦᠨ ᠱᠤᠤ

ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠣᠣᠷ᠎ᠠ ᠬᠠᠭᠠᠰ

ᠵᠢᠯ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠭᠦ ᠵᠢᠯ ᠤᠨ ᠬᠠᠷᠠᠯᠲᠠ

ᠡᠭᠦᠷᠭᠡ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ

ᠪᠦᠷᠢᠯᠳᠦᠭᠦᠨ ᠲᠦᠷᠦᠭᠦᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠱᠠᠯᠠᠪᠳᠠᠨ ᠲᠦᠷᠭᠡᠨ ᠬᠢᠵᠦ᠂

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠦᠭᠴᠢ᠂ ᠪᠣᠳᠠᠲᠠᠢ ᠠᠵᠢᠯᠯᠠᠭᠴᠢ ᠪᠤᠯᠬᠤ ᠬᠡᠷᠡᠭᠲᠡᠢ ᠭᠡᠵᠦ

ᠱᠠᠭᠠᠷᠳᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号