ᠪᠠᠭᠠᠷᠢᠨ ᠵᠡᠭᠦᠨ ᠬᠤᠰᠢᠭᠤ᠄ ᠦᠩ ᠰᠢᠮᠡᠯᠢᠭ ᠬᠥᠷᠥᠰᠥ ᠰᠢᠷᠣᠶ ᠶᠢ ᠰᠢᠮᠡᠵᠢᠭᠦᠯᠦᠨ ᠡᠷᠳᠡᠮᠲᠡᠨ ᠮᠡᠷᠭᠡᠳ ᠢ | ᠥᠷᠭᠡᠨ ᠢᠶᠠᠷ ᠴᠤᠭᠯᠠᠭᠤᠯᠵᠤ ᠬᠥᠭᠵᠢᠯᠲᠡ ᠶᠢ ᠠᠬᠢᠭᠤᠯᠵᠤ ᠪᠣᠢ | ᠣᠶᠢᠷ᠎ᠠ ᠶᠢᠨ ᠵᠢᠯ ᠠᠴᠠ ᠨᠠᠭᠠᠰᠢ᠂ ᠪᠠᠭᠠᠷᠢᠨ ᠵᠡᠭᠦᠨ ᠬᠤᠰᠢᠭᠤ ︽ᠴᠢᠳᠠᠪᠤᠷᠢᠲᠠᠨ ᠪᠣᠯ ᠨᠢᠭᠡᠳᠦᠭᠡᠷ ᠡᠬᠢ | ᠪᠠᠶᠠᠯᠢᠭ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠴᠢᠳᠠᠪᠤᠷᠢᠲᠠᠨ ᠢ ︽ᠤᠷᠢᠬᠤ᠂ | ᠬᠥᠮᠦᠵᠢᠭᠦᠯᠬᠦ᠂ ᠦᠯᠡᠳᠡᠭᠡᠬᠦ︾ ᠪᠥᠬᠦ ᠬᠡᠯᠬᠢᠶ᠎ᠡ ᠶᠢ ᠴᠢᠩᠭ᠎ᠠ ᠡᠵᠡᠮᠳᠡᠨ᠂ ᠠᠯᠤᠰ ᠬᠡᠲᠦ ᠶᠢ ᠪᠤᠳᠤᠯᠬᠢᠯᠠᠵᠤ᠂ | ᠲᠥᠷᠥ ᠶᠢᠨ ᠪᠣᠳᠣᠯᠭ᠎ᠠ ᠭᠠᠷᠭᠠᠨ᠂ ᠲᠠᠪᠴᠠᠩ ᠪᠠᠶᠢᠭᠤᠯᠵᠤ᠂ ᠦᠢᠯᠡᠴᠢᠯᠡᠭᠡ ᠪᠠᠨ ᠴᠢᠩᠭᠠᠳᠬᠠᠨ᠂ ᠪᠥᠬᠦ | ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠭᠰᠡᠨ ᠪᠠ ᠴᠠᠭ ᠦᠶ᠎ᠡ ᠶᠢᠨ ᠱᠠᠭᠠᠷᠳᠠᠯᠭ᠎ᠠ ᠲᠠᠢ ᠵᠣᠬᠢᠴᠠᠭᠰᠠᠨ | ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠵᠠᠮ ᠢ ᠨᠡᠭᠡᠭᠡᠭᠰᠡᠨ ᠪᠠᠶᠢᠨ᠎ᠠ᠃ | ᠣᠨᠤᠪᠴᠢᠲᠠᠢ ᠪᠠᠶᠢᠷᠢᠯᠠᠭᠤᠯᠵᠤ ᠡᠷᠳᠡᠮᠲᠡᠨ ᠮᠡᠷᠭᠡᠳ ᠢ ᠬᠦᠭᠡᠭᠡᠴᠡᠯᠳᠦᠨ ᠴᠢᠳᠠᠪᠤᠷᠢᠲᠠᠨ ᠢ ︽ᠤᠷᠢᠪᠠ︾ | ᠪᠠᠭᠠᠷᠢᠨ ᠵᠡᠭᠦᠨ ᠬᠤᠰᠢᠭᠤ ᠶᠡᠭᠡ ᠲᠠᠯ᠎ᠠ ᠶᠢ ᠪᠣᠳᠣᠯᠬᠢᠯᠠᠨ᠂ ︽ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ | ᠴᠤᠭᠯᠠᠭᠤᠯᠤᠨ ᠬᠡᠷᠡᠭᠯᠡᠬᠦ︾ ᠶᠢ ᠪᠠᠷᠢᠮᠲᠠᠯᠠᠵᠤ᠂ ᠴᠢᠳᠠᠪᠤᠷᠢᠲᠠᠨ ᠢ ᠣᠷᠣᠭᠤᠯᠤᠨ ᠣᠶᠤᠨ ᠤᠬᠠᠭᠠᠨ ᠢ ᠲᠥᠪᠯᠡᠷᠡᠭᠦᠯᠬᠦ | ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠴᠢᠳᠠᠪᠤᠷᠢᠲᠠᠨ ᠤᠷᠢᠬᠤ ᠠᠷᠭ᠎ᠠ ᠵᠠᠮ ᠢ | ᠦᠷᠭᠡᠳᠬᠡᠨ᠂ ︽ᠰᠠᠭᠠᠳ ᠥᠬᠡᠶ ᠨᠡᠪᠲᠡᠷᠡᠬᠦ ᠵᠠᠮ︾᠂ ︽ᠠᠵᠢᠯ ᠦᠢᠯᠡᠰ ᠤᠨ ᠣᠷᠣᠨ ᠲᠤᠭ᠎ᠠ ᠶᠢ ᠠᠵᠤ | ᠠᠬᠤᠶᠢᠯᠠᠯ ᠳᠤ ᠬᠡᠷᠡᠭᠯᠡᠬᠦ︾ ᠵᠡᠷᠭᠡ ᠴᠢᠳᠠᠪᠤᠷᠢᠲᠠᠨ ᠤᠷᠢᠬᠤ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠥᠨᠳᠥᠷ | ᠪᠠᠷᠢᠮᠵᠢᠶ᠎ᠠ ᠪᠠᠷ 206 ᠨᠡᠷ᠎ᠡ ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ ᠡᠩᠨᠡᠭᠡ ᠶᠢ ᠡᠳᠦᠷ ᠢᠷᠡᠬᠦᠶ᠎ᠡ | ᠪᠣᠵᠠᠭᠠᠶᠢᠷᠠᠭᠤᠯᠪᠠ᠃ ᠴᠢᠳᠠᠪᠤᠷᠢᠲᠠᠨ ᠢ ᠴᠤᠭᠯᠠᠭᠤᠯᠬᠤ ᠲᠠᠪᠴᠠᠩ ᠢ ᠪᠠᠶᠢᠭᠤᠯᠵᠤ᠂ ᠲᠥᠪ ᠤᠨ ᠵᠣᠬᠢᠶᠠᠨ | ᠪᠠᠶᠢᠭᠤᠯᠬᠤ ᠬᠡᠯᠲᠡᠰ ᠤᠨ ᠺᠠᠳ᠋ᠷ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ | ᠵᠢᠴᠢ ︽ᠭᠤᠷᠪᠠᠨ ᠣᠷᠣᠨ︾ ᠤ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠬᠦᠴᠦᠨ ᠳᠤ ᠲᠦᠰᠢᠭᠯᠡᠨ᠂ | ᠬᠠᠮᠲᠤᠷᠠᠯᠴᠠᠭᠠᠨ ᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠳ᠋ᠣᠺᠲ᠋ᠣᠷ ᠤᠨ ᠠᠵᠢᠯ ᠤᠨ ᠥᠷᠲᠡᠭᠡ 7 ᠶᠢ | ᠪᠠᠶᠢᠭᠤᠯᠵᠤ᠂ ᠳᠡᠭᠡᠳᠦ ᠲᠠᠰ ᠤᠨ ᠴᠢᠳᠠᠪᠤᠷᠢᠲᠠᠨ ᠢ 64 ᠨᠡᠷ᠎ᠡ ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ | ᠲᠤᠯᠭᠠᠭᠤᠷᠢᠯᠠᠬᠤ ᠦᠢᠯᠡᠳᠦᠯ ᠢ ᠢᠯᠡᠳᠲᠡ ᠳᠡᠭᠡᠭᠰᠢᠯᠡᠭᠦᠯᠪᠡ᠃ ᠨᠤᠲᠤᠭ ᠤᠨ ᠬᠠᠶᠢᠷ᠎ᠠ ᠰᠡᠳᠬᠢᠯᠭᠡ ᠶᠢᠨ | ᠤᠷᠢᠶᠠᠯᠠᠭ᠎ᠠ ᠶᠢ ᠴᠢᠩᠭᠠᠳᠬᠠᠵᠤ᠂ ᠭᠠᠳᠠᠨ᠎ᠠ ᠪᠠᠶᠢᠭ᠎ᠠ ᠰᠢᠯᠢᠳᠡᠭ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢ | ᠪᠠᠶᠢᠭᠤᠯᠤᠨ᠂ ᠣᠯᠠᠨ ᠠᠷᠭ᠎ᠠ ᠵᠠᠮ ᠢᠶᠠᠷ ︽ᠴᠢᠳᠠᠪᠤᠷᠢᠲᠠᠨ ᠣᠷᠢᠬᠤ ᠲᠠᠨᠢᠯᠴᠠᠭᠤᠯᠭ᠎ᠠ ᠶᠢᠨ ᠬᠤᠷᠠᠯ︾ ᠪᠠ ᠶᠡᠭᠡ | ᠳᠡᠭᠡᠳᠦ ᠰᠤᠷᠭᠠᠭᠤᠯᠢ ᠶᠢᠨ ᠰᠤᠷᠤᠭᠴᠢᠳ ᠤᠨ ︽ᠠᠵᠢᠯ ᠦᠢᠯᠡᠰ ᠪᠤᠰᠬᠠᠬᠤ ᠲᠥᠯᠥᠪᠯᠡᠭᠡ︾ ᠵᠡᠷᠭᠡ ᠠᠵᠢᠯᠯᠠᠭ᠎ᠠ ᠶᠢ | ᠥᠷᠨᠢᠭᠦᠯᠵᠦ᠂ ︽ᠨᠤᠲᠤᠭ ᠤᠨ ᠬᠠᠶᠢᠷ᠎ᠠ ᠶᠢᠨ ᠫᠠᠶᠢᠰᠠ︾ ᠶᠢ ᠪᠤᠰᠬᠠᠵᠤ᠂ 70 ᠭᠠᠷᠤᠶ ᠲᠣᠰ ᠨᠤᠲᠤᠭ ᠤᠨ | ᠴᠢᠳᠠᠪᠤᠷᠢᠲᠠ᠊ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠳᠡᠮᠵᠢᠪᠡ᠃ | ᠰᠡᠳᠬᠢᠯ ᠲᠠᠯᠪᠢᠨ ᠠᠩᠬᠠᠷᠤᠯ ᠢᠶᠠᠨ ᠲᠦᠪᠯᠡᠷᠡᠭᠦᠯᠵᠦ ᠴᠢᠳᠠᠪᠤᠷᠢᠲᠠᠨ ᠢ ︽ᠬᠦᠮᠦᠵᠢᠭᠦᠯᠪᠡ︾ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢ ᠪᠠᠨ ᠪᠠᠬᠢᠵᠢᠭᠦᠯᠦᠨ᠂ ᠴᠢᠳᠠᠪᠤᠷᠢᠲᠠᠨ ᠤ ᠲᠤᠭ᠎ᠠ ᠶᠢ ᠨᠡᠮᠡᠭᠳᠡᠭᠦᠯᠬᠦ | ᠪᠠ ᠴᠢᠳᠠᠪᠤᠷᠢᠲᠠᠨ ᠤ ᠬᠠᠳᠠᠭᠠᠯᠠᠮᠵᠢ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠬᠤᠶᠠᠷ ᠬᠠᠷᠠᠯᠲᠠ ᠶᠢ ᠲᠣᠭᠲᠠᠭᠠᠵᠤ᠂ | ᠴᠢᠳᠠᠪᠤᠷᠢᠲᠠᠨ ᠤ ᠦᠰᠦᠨ ᠪᠤᠶᠢᠵᠢᠬᠤ ᠰᠢᠮᠡᠳᠦ ᠬᠥᠷᠥᠰᠥ ᠶᠢ ᠲᠠᠰᠤᠷᠠᠯᠲᠠ ᠥᠬᠡᠶ ᠵᠤᠵᠠᠭᠠᠳᠬᠠᠬᠤ ᠪᠠᠷ | ᠳᠠᠮᠵᠢᠭᠤᠯᠤᠨ᠂ ᠴᠢᠳᠠᠪᠤᠷᠢᠲᠠᠨ ᠤ ᠦᠨᠳᠦᠰᠦᠨ ᠰᠢᠰᠲ᠋ᠧᠮ ᠢ ᠨᠠᠩ ᠬᠥᠭᠵᠢᠭᠦᠯᠪᠡ᠃ ᠬᠦᠮᠦᠵᠢᠭᠦᠯᠬᠦ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ︽ᠪᠦᠯᠬᠦᠮ | ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠪᠠᠷ ᠲᠣᠬᠢᠶᠠᠯ ᠪᠣᠯᠭᠠᠨ᠂ ᠬᠠᠪᠰᠤᠷᠤᠨ ᠲᠡᠳᠬᠦᠬᠦ ᠲᠤᠰᠬᠠᠢ | ᠮᠡᠷᠭᠡᠵᠢᠯᠲᠡᠨ ᠤ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ | ᠰᠤᠷᠭᠠᠨ ᠬᠥᠮᠦᠵᠢᠯ ᠡᠮ ᠡᠮᠨᠡᠯᠭᠡ ᠶᠢᠨ ᠴᠢᠳᠠᠪᠤᠷᠢᠲᠠᠨ ᠤ ︽1 + N︾ ᠳᠠᠭᠠᠵᠤ ᠰᠤᠷᠤᠯᠴᠠᠬᠤ ᠵᠢᠴᠢ ︽ | ᠪᠠᠭᠰᠢ ᠨᠢ ᠱᠠᠪᠢ ᠳᠠᠭᠠᠭᠤᠯᠬᠤ︾ ᠵᠡᠷᠭᠡ ᠬᠥᠮᠦᠵᠢᠭᠦᠯᠦᠨ ᠳᠠᠭᠠᠭᠤᠯᠬᠤ ᠵᠠᠭᠪᠤᠷ ᠢ ᠬᠡᠷᠡᠭᠵᠢᠭᠦᠯᠵᠦ᠂ ᠰᠤᠷᠭᠠᠨ | ᠬᠥᠮᠦᠵᠢᠯ᠂ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶᠡᠨ ᠳᠠᠬᠢ 1170 ᠭᠠᠷᠤᠢ | ᠴᠢᠳᠠᠪᠤᠷᠢᠲᠠᠨ ᠢ ᠬᠦᠮᠦᠵᠢᠭᠦᠯᠦᠨ᠂ ᠨᠢᠭᠡ ᠰᠠᠯᠠᠭ᠎ᠠ ᠨᠤᠲᠤᠭ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠪᠠ᠃ | ᠴᠢᠳᠠᠪᠤᠷᠢᠲᠠᠨ ᠤ ᠰᠠᠭᠤᠷᠢᠨ ᠭᠠᠵᠠᠷ ᠢ ᠪᠠᠶᠢᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠤᠲᠤᠭ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠤᠲᠤᠭ ᠤᠨ ᠴᠢᠳᠠᠪᠤᠷᠢᠲᠠᠨ ᠤ ᠪᠣᠯᠪᠠᠰᠤᠷᠠᠯ | ᠤᠨ ᠰᠠᠭᠤᠷᠢᠨ ᠭᠠᠵᠠᠷ 3 ᠪᠠ ᠦᠨᠳᠦᠰᠦᠲᠡᠨ ᠤ ᠤᠷ᠎ᠠ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ | ᠰᠠᠭᠤᠷᠢᠨ ᠭᠠᠵᠠᠷ 5 ᠶᠢ ᠡᠭᠦᠳᠴᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠱᠦᠭᠦᠷ ᠡᠪᠡᠰᠦ ᠭᠦᠷᠦᠬᠦ ᠵᠡᠷᠭᠡ | ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠶᠢᠨ 179 ᠤᠳᠠᠭ᠎ᠠ ᠥᠷᠨᠢᠭᠦᠯᠵᠦ᠂ ᠦᠨᠳᠦᠰᠦᠨ | ᠱᠠᠲᠤᠨ ᠲᠤ ᠨᠢᠭᠡ ᠪᠦᠯᠦᠭ ︽ᠨᠤᠲᠤᠭ ᠤᠨ ᠲᠤᠰᠬᠠᠢ ᠮᠡᠷᠭᠡᠵᠢᠯᠲᠡᠨ︾᠂ ︽ ᠲᠠᠷᠢᠶᠠᠯᠠᠩ ᠤᠨ ᠮᠡᠷᠭᠡᠵᠢᠯᠲᠡᠨ︾ ᠢ | ᠬᠦᠮᠦᠵᠢᠭᠦᠯᠪᠡ᠃ | ᠦᠨᠡᠨ ᠰᠡᠳᠬᠢᠯ ᠢ ᠪᠠᠷᠢᠮᠲᠠᠯᠠᠨ ᠴᠢᠳᠠᠪᠤᠷᠢᠲᠠᠨ ᠢ ︽ᠦᠯᠡᠳᠡᠭᠡᠪᠡ︾ | ︽ᠬᠥᠭᠵᠢᠯᠲᠡ ᠶᠢᠨ ᠬᠡᠷᠡᠭᠴᠡᠭᠡ︾ ᠳᠤ ᠬᠠᠨᠳᠤᠭᠤᠯᠤᠨ᠂ ︽ᠴᠢᠳᠠᠪᠦᠷᠢᠲᠠᠨ ᠢ ᠦᠯᠡᠳᠡᠭᠡᠬᠦ︾ ᠲᠦᠷᠢᠮ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠴᠢᠳᠠᠪᠦᠷᠢᠲᠠᠨ ᠢ ᠦᠯᠡᠳᠡᠭᠡᠬᠦ︾ ᠣᠷᠴᠢᠨ ᠲᠣᠭᠤᠷᠢᠨ ᠢ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠴᠢᠳᠠᠪᠤᠷᠢᠲᠠᠨ ᠢ ᠦᠨᠡᠨ ᠰᠡᠳᠬᠢᠯ ᠠᠴᠠ ᠪᠠᠨ ᠦᠯᠡᠳᠡᠭᠡᠪᠡ᠃ | ᠲᠥᠷᠥ ᠶᠢᠨ ᠪᠣᠳᠣᠯᠭ᠎ᠠ ᠬᠠᠩᠭᠠᠵᠤ᠂ ᠴᠢᠳᠠᠪᠤᠷᠢᠲᠠᠨ ᠤ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ | ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠡᠷ ᠪᠦᠯᠢ ᠶᠢᠨ ᠬᠢᠨ ᠨᠢ ᠳᠠᠭᠠᠵᠤ ᠨᠡᠭᠦᠬᠦ᠂ ᠬᠡᠷ ᠪᠠᠶᠢᠰᠢᠩ | ᠣᠷᠣᠨ ᠰᠠᠭᠤᠴᠠ ᠲᠦᠷᠢᠶᠡᠰᠦᠯᠡᠬᠦ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠡᠳᠬᠢᠯ | ᠨᠢᠭᠡᠳᠦᠨ ᠴᠢᠳᠠᠪᠤᠷᠢᠲᠠᠨ ᠦᠯᠡᠳᠡᠭᠡᠬᠦ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠪᠠ᠃ ᠬᠠᠶᠢᠷ᠎ᠠ ᠬᠠᠯᠠᠮᠵᠢ | ᠦᠵᠡᠭᠦᠯᠦᠨ᠂ ᠤᠳᠤᠷᠢᠳᠬᠤ ᠺᠠᠳ᠋ᠷ ᠤᠨ ᠬᠠᠷᠢᠯᠴᠠᠵᠤ ᠦᠢᠯᠡᠴᠢᠯᠡᠬᠦ ᠲᠦᠷᠢᠮ ᠢ ᠨᠠᠶᠢᠳᠠᠪᠤᠷᠢᠵᠢᠭᠤᠯᠵᠤ᠂ ᠤᠲᠠᠰᠤ | ᠪᠠᠷ ᠬᠠᠷᠢᠯᠴᠠᠬᠤ᠂ ᠰᠠᠭᠤᠳᠠᠯ ᠤᠨ ᠬᠤᠷᠠᠯ ᠬᠤᠷᠠᠯᠳᠤᠬᠤ ᠵᠢᠴᠢ ᠲᠣᠬᠤᠨᠢᠭᠤᠯᠬᠤ ᠠᠵᠢᠯᠯᠠᠭ᠎ᠠ ᠦᠷᠨᠢᠭᠦᠯᠬᠦ ᠵᠡᠷᠭᠡ | ᠠᠷᠭ᠎ᠠ ᠬᠡᠯᠪᠡᠷᠢ ᠪᠠᠷ ᠰᠣᠯᠢᠯᠴᠠᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠤ ᠰᠠᠨᠠᠯ ᠰᠠᠨᠠᠭᠤᠯᠭ᠎ᠠ ᠶᠢ ᠭᠦᠢᠴᠡᠳ | ᠰᠣᠨᠣᠰᠴᠤ᠂ ᠲᠡᠳᠡᠨ ᠤ ᠤᠶᠤᠨ ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠪᠠ ᠲᠤᠰᠬᠠᠢ ᠮᠡᠷᠭᠡᠵᠢᠯᠲᠡᠨ | ᠴᠢᠳᠠᠪᠤᠷᠢᠲᠠᠨ ᠤ ᠦᠢᠯᠡᠳᠦᠯ ᠢᠶᠠᠨ ᠪᠠᠳᠠᠷᠠᠭᠤᠯᠬᠤ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠦᠨ ᠥᠭᠴᠦ᠂᠂ | ᠥᠷᠭᠡᠨ ᠠᠭᠤᠳᠠᠮ ᠲᠠᠪᠴᠠᠩ ᠪᠠ ᠦᠢᠯᠡᠴᠢᠯᠡᠭᠡ ᠬᠠᠩᠭᠠᠪᠠ᠃ ᠤᠬᠠᠭᠤᠯᠭ᠎ᠠ ᠶᠢᠨ ᠬᠦᠴᠦᠨ ᠢ ᠴᠢᠩᠭᠠᠳᠬᠠᠵᠤ᠂ | ᠲᠧᠯᠸᠢᠰ᠂ ᠷᠠᠳᠢᠣ᠋᠂ ᠰᠣᠨᠢᠨ᠂ ᠰᠦᠯᠵᠢᠶ᠎ᠡ ᠵᠢᠴᠢ ︽ᠸᠢᠴᠠᠲ᠂ ᠪᠢᠴᠢᠯ ᠪᠦᠷᠭᠡ︾ ᠵᠡᠷᠭᠡ ᠠᠴᠢᠶᠠᠯᠠᠪᠤᠷᠢ ᠶᠢ | ᠭᠦᠢᠴᠡᠳ ᠠᠰᠢᠭᠯᠠᠨ᠂ ᠡᠯ᠎ᠡ ᠲᠥᠷᠥᠯ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠤᠬᠠᠭᠤᠯᠭ᠎ᠠ ᠮᠡᠳᠡᠭᠡᠯᠡᠯ ᠢ | 136 ᠵᠤᠷᠪᠤᠰ ᠨᠡᠶᠢᠲᠡᠯᠡᠵᠦ᠂ ᠪᠥᠬᠦ ᠬᠤᠰᠢᠭᠤᠨ ᠳᠤ ᠴᠢᠳᠠᠪᠤᠷᠢᠲᠠᠨ ᠢ ᠴᠢᠬᠤᠯᠠᠴᠢᠯᠠᠬᠤ᠂ ᠴᠢᠳᠠᠪᠤᠷᠢᠲᠠᠨ ᠢ | ᠬᠥᠮᠦᠵᠢᠭᠦᠯᠬᠦ᠂ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠴᠤᠭᠯᠠᠭᠤᠯᠬᠤ ᠰᠤᠷᠲᠠᠯ ᠢ ᠶᠡᠬᠡᠪᠡᠷ | ᠪᠠᠳᠠᠷᠠᠭᠤᠯᠵᠤ᠂ ᠴᠢᠳᠠᠪᠤᠷᠢᠲᠠᠨ ᠢ ᠬᠦᠨᠳᠦᠳᠬᠡᠨ᠂ ᠡᠷᠳᠡᠮᠲᠡᠨ ᠮᠡᠷᠭᠡᠳ ᠠᠴᠠ ᠰᠤᠷᠤᠯᠴᠠᠬᠤ ᠨᠡᠶᠢᠭᠡᠮ ᠤᠨ ᠣᠷᠴᠢᠨ | ᠲᠣᠭᠤᠷᠢᠨ ᠢ ᠴᠢᠷᠮᠠᠶᠢᠨ ᠪᠣᠶ ᠪᠣᠯᠭᠠᠪᠠ᠃ | ᠠᠯᠢ ᠤᠯᠠᠨ ᠪᠦᠲᠦᠮᠵᠢᠲᠡᠢ ᠲᠦᠷᠢᠮ ᠲᠣᠭᠲᠠᠭᠠᠯ ᠠᠷᠭ᠎ᠠ ᠬᠡᠮᠵᠢᠶ᠎ᠡ᠂ ᠠᠯᠢ ᠤᠯᠠᠨ ᠲᠦᠷᠦ ᠶᠢᠨ | ᠪᠤᠳᠤᠯᠭ᠎ᠠ ᠶᠢᠨ ᠠᠰᠢᠭ ᠲᠤᠰᠠ᠂ ᠠᠯᠢ ᠤᠯᠠᠨ ᠴᠢᠩ ᠦᠨᠡᠨᠴᠢ ︽ᠬᠤᠣᠰ ᠴᠢᠭᠯᠡᠯᠲᠦ ᠤᠷᠤᠭᠰᠢᠯᠠᠯ︾᠂ ᠠᠯᠢ | ᠤᠯᠠᠨ ᠰᠤᠳᠤᠯᠭᠠᠨ ᠤ ᠰᠠᠭᠤᠷᠢᠨ ᠭᠠᠵᠠᠷ ᠁ ᠁ ᠪᠠᠭᠠᠷᠢᠨ ᠵᠡᠭᠦᠨ ᠬᠤᠰᠢᠭᠤ ᠶᠢ ᠪᠠᠷᠠᠯᠠᠬᠤᠶ᠎ᠠ᠂ | ᠴᠢᠳᠠᠪᠤᠷᠢᠲᠠᠨ ᠤ ᠡᠬᠢ ᠪᠤᠯᠠᠭ ᠤᠨᠳᠤᠷᠴᠤ᠂ ︽ᠤᠶᠤᠨ ᠤ ᠬᠥᠳᠡᠯᠭᠡᠭᠦᠷ︾ ᠤᠨ ᠬᠦᠴᠦᠨ ᠤᠷᠬᠢᠯᠤᠨ ᠳᠠᠪᠠᠯᠭᠠᠯᠠᠨ᠎ᠠ | ᠃ |