ᠵᠠᠰᠠᠭ ᠤᠨ ᠣᠷᠳᠣᠨ ᠤ ᠠᠵᠢᠯ ᠤᠨ ᠢᠯᠡᠳᠬᠡᠯ | ?xml:namespace> | —— 2025 ᠣᠨ ᠤ 1 ᠰᠠᠷ᠎ᠠ ᠶᠢᠨ 20 ᠤ ᠡᠳᠦᠷ ᠤᠨ ᠪᠠᠭᠠᠷᠢᠨ ᠵᠡᠭᠦᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ | ᠬᠤᠷᠠᠯᠳᠤᠭᠠᠨ ᠳᠡᠭᠡᠷ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢᠨ ᠬᠤᠸᠠᠢ ᠳ᠋ᠦᠩ |
| ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠣᠷᠤᠯᠴᠠᠭᠰᠠᠨ ᠬᠤᠰᠢᠭᠤᠨ ᠤ ᠤᠯᠤᠰ ᠲᠥᠷᠥ | ᠶᠢᠨ ᠵᠦᠪᠯᠡᠯᠭᠡᠨ ᠤ ᠭᠡᠰᠢᠭᠦᠳ ᠪᠣᠯᠤᠨ ᠰᠤᠯᠠ ᠣᠷᠤᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ | ᠪᠠᠶᠢᠨ᠎ᠠ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠬᠦᠴᠦᠨ ᠢᠶᠠᠨ | ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠪᠤᠲᠠᠲᠠᠶᠢᠵᠢᠭᠤᠯᠤᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ | ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠨ᠂ ᠬᠦᠴᠢᠷ ᠪᠡᠷᠬᠡ ᠶᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠰᠢᠨ᠎ᠡ ᠠᠬᠢᠴᠠ ᠲᠠᠢ ᠪᠣᠯᠵᠤ᠂ ᠰᠢᠨ᠎ᠡ ᠦᠷ᠎ᠡ ᠪᠦᠲᠦᠮᠵᠢ ᠣᠯᠪᠠ᠃ ᠵᠢᠱᠢᠯᠲᠡ ᠪᠠᠷ ᠪᠥᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 7.5 % ᠪᠠᠷ ᠨᠡᠮᠡᠭᠳᠡᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 20% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠬᠡᠮᠵᠢᠶ᠎ᠡ 6% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 2.6% ᠪᠠᠷ ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠳᠤ | ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠣᠯᠭ᠎ᠠ ᠲᠣᠰ ᠲᠣᠰ 7% ᠪᠠ 9% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠨᠡᠮᠡᠭᠳᠡᠯ ᠢ ᠲᠣᠭᠲᠠᠪᠦᠷᠢᠵᠢᠭᠤᠯᠵᠤ᠂ ᠬᠡᠮᠵᠢᠶ᠎ᠡ ᠶᠢ ᠦᠷᠭᠡᠳᠬᠡᠨ᠂ ᠠᠵᠤ | ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠪᠠ ᠃ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ︾ ᠢᠨᠵᠧᠨᠧᠷᠢᠩ ᠪᠣᠳᠠᠲᠠᠢ ᠦᠷ᠎ᠡ ᠪᠦᠲᠦᠮᠵᠢ ᠣᠯᠵᠤ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠡᠯ᠎ᠡ ᠲᠥᠷᠥᠯ ᠤᠨ ᠪᠡᠯᠡ ᠮᠥᠩᠭᠦ ᠶᠢ 25.4 ᠳ᠋ᠦᠩᠰᠢᠭᠤᠷ ᠲᠥᠭᠦᠷᠢᠭ ᠣᠯᠪᠠ᠃ 48 | ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠦᠷᠢᠵᠢᠭᠤᠯᠵᠤ᠂ 77 ᠳ᠋ᠦᠩᠰᠢᠭᠤᠷ ᠲᠥᠭᠦᠷᠢᠭ ᠤᠨ ᠪᠡᠯᠡ | ᠣᠷᠤᠭᠤᠯᠤᠯᠲᠠ ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 51.8 % ᠪᠠᠷ ᠨᠡᠮᠡᠭᠳᠡᠪᠡ᠃ | ᠬᠤᠳᠠᠯᠳᠤᠭᠠᠴᠢᠨ ᠤᠷᠢᠵᠤ ᠪᠠᠯᠠ ᠲᠠᠲᠠᠬᠤ ᠲᠥᠷᠥᠯ ᠵᠦᠢᠯ 73 ᠶᠢ ᠣᠷᠤᠭᠤᠯᠤᠨ᠂ 52 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠬᠠᠷᠢᠴᠠᠨ ᠣᠯᠵᠤ᠂ ᠠᠳᠠᠯᠢ ᠬᠤᠭᠤᠴᠠᠭᠠᠨ ᠤ ᠬᠢ ᠠᠴᠠ 42.7 % ᠪᠠᠷ ᠨᠡᠮᠡᠭᠳᠡᠪᠡ | ᠃ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢ ᠨᠡᠶᠢᠲᠡ 28.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠪᠡ᠃ ᠵᠠᠬ᠎ᠠ ᠳᠡᠯᠭᠡᠭᠦᠷ ᠤᠨ ᠭᠤᠣᠯ ᠴᠣᠭᠴᠠ 4100 | ᠡᠷᠦᠬᠡ ᠰᠢᠨ᠎ᠡ ᠪᠠᠷ ᠨᠡᠮᠡᠭᠳᠡᠭᠦᠯᠵᠦ᠂ ᠨᠡᠶᠢᠲᠡ 2.9 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ | ᠰᠦᠢᠳᠬᠡᠯ ᠢ ᠪᠠᠭᠤᠷᠠᠭᠤᠯᠪᠠ᠃ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠥᠷᠢ 370 ᠲᠦᠮᠡᠨ | ᠲᠥᠭᠦᠷᠢᠭ ᠲᠠᠷᠬᠠᠭᠠᠨ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠨᠤᠭᠤᠳ ᠢ 180 ᠭᠠᠷᠤᠶ ᠤᠳᠠᠭ᠎ᠠ ᠥᠷᠨᠢᠭᠦᠯᠵᠦ | ᠂ ᠨᠡᠶᠢᠲᠡ 2800 ᠭᠠᠷᠤᠶ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠨᠢᠭᠤᠭᠳᠠᠮᠠᠯ ᠥᠷᠢ | ᠥᠭᠴᠡᠭᠡ ᠶᠢ 7.9 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ 133 % ᠪᠣᠯᠲᠠᠯ᠎ᠠ ᠪᠠᠭᠤᠷᠠᠭᠤᠯᠪᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠨᠢ ᠲᠤᠰ ᠲᠤᠰ 8.4 | % ᠪᠠ 14.4 % ᠨᠡᠮᠡᠭᠳᠡᠪᠡ᠃ | | | | |
|
| | | | |
|
| ᠨᠢᠭᠡ ᠵᠢᠯ ᠤᠨ ᠲᠤᠷᠰᠢ᠂ ᠪᠢᠳᠡ ᠪᠦᠲᠦᠴᠡ ᠶᠢ ᠳᠤᠬᠢᠷᠠᠭᠤᠯᠤᠨ᠂ ᠬᠡᠯᠪᠡᠷᠢ ᠶᠢ ᠦᠭᠡᠷᠡᠴᠢᠯᠡᠵᠦ᠂ ᠠᠵᠤ
| ᠦᠢᠯᠡᠰ ᠤᠨ ᠶᠠᠰᠤ ᠴᠢᠨᠠᠷ ᠪᠠ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠪᠡ ᠃ ᠠᠭᠤᠷᠬᠠᠢ ᠬᠠᠶᠢᠬᠤ ᠡᠷᠴᠢᠮ ᠢᠶᠠᠨ
| ᠦᠷᠭᠦᠯᠵᠢᠯᠡᠨ ᠴᠢᠩᠭᠠᠷᠠᠭᠤᠯᠵᠤ᠂ 10 ᠲᠦᠮᠡᠨ ᠤᠷᠲᠤᠳᠬᠠᠯ ᠮᠧᠲᠷ ᠠᠭᠤᠷᠬᠠᠢ ᠬᠠᠶᠢᠨ᠂ ᠬᠦᠳᠡᠷ ᠤᠨ
| ᠬᠠᠳᠠᠭᠠᠯᠠᠭᠳᠠᠴᠠ ᠶᠢ ᠪᠠᠷᠤᠭ 3300 ᠲᠦᠮᠡᠨ ᠲᠣᠨ ᠨᠡᠮᠡᠭᠳᠡᠭᠦᠯᠪᠡ᠃ ᠭᠤᠷᠪᠠᠨ ᠶᠡᠭᠡ ᠠᠭᠤᠷᠬᠠᠢ ᠶᠢᠨ ᠣᠷᠣᠨ ᠢ
| ᠨᠡᠶᠢᠯᠡᠭᠦᠯᠬᠦ ᠲᠥᠰᠦᠯ ᠨᠢ ᠬᠤᠲᠠ ᠶᠢᠨ ᠴᠣᠬᠤᠯᠠᠪᠤᠷᠢ ᠶᠢ ᠣᠯᠵᠤ᠂ 16.8 ᠲᠡᠭᠰᠢ ᠳᠥᠷᠪᠡᠯᠵᠢᠨ ᠺᠢᠯᠦᠮᠧᠲᠷ
| ᠲᠠᠯᠠᠪᠠᠢ ᠨᠡᠶᠢᠯᠡᠭᠦᠯᠪᠡ᠃ ᠰᠢᠨ᠎ᠡ ᠪᠠᠷ 2 ᠠᠭᠤᠷᠬᠠᠶ ᠬᠠᠶᠢᠬᠤ ᠡᠷᠬᠡ ᠭᠠᠷᠭᠠᠵᠤ᠂ 2 ᠠᠭᠤᠷᠬᠠᠶ ᠶᠢᠨ ᠡᠷᠬᠡ ᠶᠢ
| ᠰᠢᠯᠵᠢᠭᠦᠯᠦᠨ᠂ ᠠᠭᠤᠷᠬᠠᠶ ᠬᠠᠶᠢᠵᠤ ᠮᠠᠯᠲᠠᠬᠤ 3 ᠲᠥᠷᠥᠯ ᠵᠦᠢᠯ ᠨᠢ ᠠᠭᠤᠷᠬᠠᠶ ᠮᠠᠯᠲᠠᠬᠤ ᠵᠥᠪᠰᠢᠶᠡᠷᠡᠯ ᠣᠯᠪᠠ᠃
| ᠥᠪᠥᠷ ᠮᠣᠩᠭᠤᠯ ᠤᠨ ᠰᠢᠩ ᠶᠧ ᠶᠢᠨ ᠰᠢ ᠠᠭᠤᠷᠬᠠᠶ ᠶᠢ ᠢᠦᠶ ᠪᠠᠩ ᠠᠭᠤᠷᠬᠠᠶ ᠲᠠᠢ ᠨᠡᠶᠢᠯᠡᠭᠦᠯᠦᠨ ᠳᠠᠬᠢᠨ
| ᠪᠠᠶᠢᠭᠤᠯᠵᠤ᠂ ᠳᠤᠮᠳᠠᠳᠤ ᠶᠢᠨ ᠦᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠶ ᠶᠢ ᠥᠷᠭᠡᠳᠬᠡᠨ ᠪᠠᠶᠢᠭᠤᠯᠬᠤ ᠪᠠ
| ᠺᠠᠶ ᠶᠤᠸᠠᠨ ᠠᠭᠤᠷᠬᠠᠶ ᠶᠢᠨ ᠦᠢᠯᠡᠰ ᠤᠨ ᠬᠦᠳᠡᠷ ᠰᠢᠯᠢᠬᠦ ᠮᠡᠷᠭᠡᠵᠢᠯ ᠤᠨ ᠥᠭᠡᠷᠡᠴᠢᠯᠡᠯᠲᠡ ᠵᠡᠷᠭᠡ ᠠᠵᠤ
| ᠦᠢᠯᠡᠳᠪᠦᠷᠢ ᠶᠢᠨ 14 ᠲᠥᠷᠥᠯ ᠵᠦᠢᠯ ᠢ ᠶᠠᠪᠤᠭᠳᠠᠭᠤᠯᠵᠤ᠂ ᠱᠠᠨ ᠶᠢᠨ ᠬᠤᠩ ᠯᠢᠩ ᠤᠨ ᠮᠡᠷᠭᠡᠵᠢᠯ ᠢ
| ᠦᠭᠡᠷᠡᠴᠢᠯᠡᠨ ᠡᠨᠧᠷᠭᠢ ᠶᠢ ᠥᠷᠭᠡᠳᠬᠡᠬᠦ ᠨᠢᠭᠡᠳᠦᠭᠡᠷ ᠬᠤᠭᠤᠴᠠᠭ᠎ᠠ ᠪᠠ ᠹᠦ᠋ ᠯᠢᠩ ᠪᠠᠷᠢᠯᠭ᠎ᠠ ᠶᠢᠨ ᠮᠠᠲ᠋ᠧᠷᠢᠶᠠᠯ ᠤᠨ
| ᠰᠢᠨ᠎ᠡ ᠬᠡᠯᠪᠡᠷᠢ ᠶᠢᠨ ᠠᠭᠤᠷᠬᠠᠶ ᠶᠢᠨ ᠨᠡᠮᠡᠯᠲᠡ ᠡᠳ᠋ ᠵᠡᠷᠭᠡ 5 ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃
| ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠮᠧᠩ ᠨᠧᠩ 100 ᠲᠦᠮᠡᠨ
| ᠬᠢᠯᠦᠸᠠᠲ ᠤᠨ ᠰᠠᠯᠬᠢ ᠪᠠ ᠭᠡᠷᠡᠯ ᠤᠨ ᠡᠨᠧᠷᠭᠢ ᠶᠢ ᠬᠠᠳᠠᠭᠠᠯᠠᠬᠤ ᠰᠠᠭᠤᠷᠢᠨ ᠭᠠᠵᠠᠷ ᠤᠨ ᠲᠥᠷᠥᠯ ᠵᠦᠢᠯ ᠢ
| ᠡᠬᠢᠯᠡᠭᠦᠯᠵᠦ᠂ ᠵᠢᠯ ᠤᠨ ᠳᠣᠲᠣᠷ᠎ᠠ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃
| ᠵᠥᠩ ᠭᠤᠸᠠᠩ ᠾᠧ 50 ᠲᠦᠮᠡᠨ ᠬᠢᠯᠦᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢᠲᠦ
| ᠮᠧᠲ᠋ᠢᠯ ᠠᠯᠺᠣᠣᠯ ᠦᠢᠯᠡᠳᠬᠦ ᠲᠥᠷᠥᠯ ᠵᠦᠢᠯ ᠨᠢ ᠵᠦᠪᠰᠢᠶᠡᠷᠡᠯ ᠣᠯᠵᠤ᠂ ᠭᠠᠴᠠᠭ᠎ᠠ ᠲᠣᠰᠬᠤᠨ ᠤ ᠲᠠᠰ ᠤᠨ ᠬᠡᠷᠡᠯ
| ᠤᠨ ᠡᠨᠧᠷᠭᠢ ᠪᠠᠷ ᠬᠠᠪᠰᠤᠷᠤᠨ ᠲᠡᠳᠬᠦᠬᠦ 4 ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠡᠬᠢᠯᠡᠭᠦᠯᠪᠡ᠃ ᠬᠡᠷᠡᠯ
| ᠤᠨ ᠡᠨᠧᠷᠭᠢ ᠬᠡᠷᠡᠭᠯᠡᠬᠦ ᠡᠷᠦᠬᠡ ᠶᠢ 700 ᠰᠢᠨ᠎ᠡ ᠪᠠᠷ ᠨᠡᠮᠡᠭᠳᠡᠭᠦᠯᠵᠦ᠂ ᠬᠡᠷᠡᠯ ᠤᠨ ᠡᠨᠧᠷᠭᠢ ᠶᠢᠨ ᠮᠠᠰᠢᠨ ᠤ
| ᠬᠡᠪᠴᠢᠶ᠎ᠡ ᠶᠢ 1 ᠲᠦᠮᠡᠨ ᠬᠢᠯᠦᠸᠠᠲ ᠰᠢᠨ᠎ᠡ ᠪᠠᠷ ᠨᠡᠮᠡᠭᠳᠡᠭᠦᠯᠪᠡ᠃ ᠬᠥᠪ ᠤᠨ ᠭᠤᠤ ᠤᠰᠤ ᠲᠠᠲᠠᠵᠤ ᠡᠨᠧᠷᠭᠢ
| ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠤᠯᠤᠰ ᠤᠨ ᠳᠤᠮᠳᠠ ᠪᠠ ᠤᠷᠲᠤ ᠬᠤᠭᠤᠴᠠᠭᠠᠨ ᠤ
| ᠲᠥᠯᠥᠪᠵᠢᠭᠦᠯᠭᠡ ᠳᠤ ᠣᠷᠣᠭᠤᠯᠵᠤ᠂ ᠠᠭ᠎ᠠ ᠶᠢᠨ ᠠᠯᠳᠧᠭᠢᠳ᠋ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠦᠷᠦᠯ
| ᠵᠦᠢᠯ ᠢ ᠬᠢᠨᠠᠨ ᠵᠦᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾
| ᠤᠨ ᠲᠠᠷᠢᠶᠠᠯᠠᠩ ᠣᠢ ᠰᠢᠭᠤᠶ ᠶᠢᠨ ᠠᠮᠢᠳᠤ ᠪᠣᠳᠠᠰ ᠤᠨ ᠴᠠᠬᠢᠯᠭᠠᠨ ᠭᠠᠷᠭᠠᠬᠤ ᠲᠥᠯᠥᠪᠵᠢᠭᠦᠯᠭᠡ ᠳᠤ ᠣᠷᠤᠭᠤᠯᠪᠠ
| ᠃ ᠪᠠᠭᠠᠷᠢᠨ ᠵᠡᠭᠦᠨ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ
| ᠲᠡᠰ ᠤᠨ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢᠶᠠᠷ ᠦᠨᠡᠯᠡᠭᠳᠡᠵᠦ᠂ ᠭᠠᠯ ᠤᠨᠲᠠᠷᠠᠭᠠᠬᠤ ᠥᠷᠲᠡᠭᠡ᠂
| ᠪᠣᠬᠢᠷ ᠤᠰᠤ ᠰᠢᠢᠳᠪᠦᠷᠢᠯᠡᠬᠦ ᠭᠠᠵᠠᠷ᠂ ᠠᠶᠤᠯᠲᠠᠢ ᠬᠢᠮᠢ ᠶᠢᠨ ᠪᠣᠳᠠᠰ ᠤᠨ ᠲᠡᠷᠭᠡᠨ ᠵᠣᠭᠰᠣᠭᠠᠯ ᠵᠢᠴᠢ
| ᠲᠣᠭᠤᠷᠢᠭ ᠤᠨ ᠣᠶᠤᠨᠴᠢ ᠬᠠᠮᠢᠶᠠᠷᠤᠯᠲᠠ ᠶᠢᠨ ᠲᠠᠪᠴᠠᠩ ᠵᠡᠷᠭᠡ 4 ᠲᠥᠷᠥᠯ ᠵᠦᠢᠯ ᠢ ᠠᠰᠢᠭᠯᠠᠯᠲᠠ ᠳᠤ
| ᠣᠷᠣᠭᠤᠯᠤᠨ᠂ ᠲᠣᠭᠤᠷᠢᠭ ᠤᠨ ᠳᠠᠭᠠᠭᠠᠴᠠ ᠶᠢᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠢᠶᠠ
| ᠶᠤᠸᠠᠨ ᠶᠡᠷᠦᠩᠬᠡᠶᠢᠯᠡᠭᠰᠡᠨ ᠲᠠᠷᠢᠶᠠᠯᠠᠩ ᠤᠨ ᠠᠷᠠᠯᠵᠢᠶᠠᠨ ᠤ ᠲᠥᠪ ᠤᠨ ᠨᠢᠭᠡᠳᠦᠭᠡᠷ ᠬᠤᠭᠤᠴᠠᠭ᠎ᠠ ᠶᠢ
| ᠠᠰᠢᠭᠯᠠᠯᠲᠠ ᠳᠤ ᠣᠷᠣᠭᠤᠯᠤᠨ᠂ ᠵᠢᠩ ᠳ᠋ᠦ᠋ ᠪᠠᠭᠤᠳᠠᠯ ᠤᠨ ᠬᠤᠶᠠᠳᠤᠭᠠᠷ ᠬᠤᠭᠤᠴᠠᠭ᠎ᠠ ᠪᠠ ᠰᠢᠨ᠎ᠡ ᠡᠨᠧᠷᠭᠢ ᠶᠢᠨ
| ᠮᠠᠰᠢᠨ ᠲᠡᠷᠭᠡᠨ ᠤ ᠦᠢᠯᠡᠴᠢᠯᠡᠭᠡᠨ ᠤ ᠲᠠᠯᠠᠪᠠᠢ ᠶᠢᠨ ᠲᠦᠷᠦᠯ ᠵᠦᠢᠯ ᠢ ᠪᠠᠷᠢᠯᠭ᠎ᠠ ᠳᠠᠭᠤᠰᠬᠠᠵᠤ᠂ ᠪᠡᠭᠡᠵᠢᠩ ᠤᠨ
| ᠱᠦᠨ ᠢ ᠪᠤᠳᠠᠰ ᠤᠨ ᠭᠦᠢᠯᠭᠡᠭᠡᠨ ᠤ ᠳᠠᠮᠵᠢᠭᠤᠯᠬᠤ ᠬᠥᠮᠥᠷᠭᠡ ᠶᠢ ᠡᠵᠡᠩᠨᠡᠭᠦᠯᠦᠨ᠂ ᠮᠦ ᠰᠧ ᠭᠠᠨ ᠴᠢᠤᠸᠠᠨ
| ᠤᠰᠤ ᠨᠢ ᠨᠡᠶᠢᠰᠯᠡᠯ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠡᠭᠡᠯᠵᠢ ᠶᠢᠨ ᠨᠢᠰᠭᠡᠯ ᠤᠨ ᠬᠡᠷᠡᠭᠯᠡᠬᠦ
| ᠤᠰᠤ ᠪᠠᠷ ᠰᠤᠩᠭᠤᠭᠳᠠᠪᠠ᠃ ︽ᠴᠤᠤᠷᠢᠶ᠎ᠠ︾ ᠵᠢᠵᠢᠭ ᠳᠡᠯᠭᠡᠭᠦᠷ 20 ᠶᠢ ᠨᠡᠭᠡᠭᠡᠵᠦ᠂ ᠵᠢᠯ ᠤᠨ ᠰᠢᠭᠤᠳ
| ᠪᠣᠷᠣᠯᠠᠭᠤᠯᠭ᠎ᠠ ᠶᠢᠨ ᠨᠣᠷᠮ᠎ᠠ 3 ᠳ᠋ᠦᠩᠰᠢᠭᠤᠷ ᠲᠥᠭᠦᠷᠢᠭ ᠢ ᠳᠠᠪᠠᠪᠠ᠃ ︽ᠯᠢᠶᠣᠤ ᠶᠢᠨ ᠳᠡᠭᠡᠳᠦ ᠨᠡᠶᠢᠰᠯᠡᠯ ᠤᠨ
| ᠪᠠᠭᠤᠷᠢ ᠶᠢ ᠬᠠᠮᠠᠭᠠᠯᠠᠬᠤ ᠲᠥᠯᠥᠪᠵᠢᠭᠦᠯᠭᠡ︾ ᠪᠠ ︽ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ
| ᠰᠤᠳᠤᠯᠤᠯ ᠤᠨ ᠪᠠᠭᠤᠷᠢ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ︾ ᠶᠢ ᠵᠣᠬᠢᠶᠠᠵᠤ᠂ ᠯᠢᠶᠣᠤ ᠶᠢᠨ ᠳᠡᠭᠡᠳᠦ
| ᠨᠡᠶᠢᠰᠯᠡᠯ ᠤᠨ ᠣᠷᠳᠣᠨ ᠤ ᠬᠤᠲᠠ ᠶᠢᠨ ᠡᠮᠦᠨ᠎ᠡ ᠡᠭᠦᠳᠡᠨ ᠤ ᠪᠠᠭᠤᠷᠢ ᠶᠢ ᠬᠠᠮᠠᠭᠠᠯᠠᠬᠤ ᠪᠠ ᠭᠢᠯᠦᠪᠡᠷ ᠵᠤᠤ
| ᠰᠦᠮ᠎ᠡ ᠶᠢᠨ ᠴᠢᠯᠠᠭᠤᠨ ᠠᠭᠤᠶ ᠶᠢ ᠬᠠᠮᠠᠭᠠᠯᠠᠵᠤ ᠰᠡᠯᠪᠢᠨ ᠵᠠᠰᠠᠬᠤ ᠵᠡᠷᠭᠡ ᠲᠥᠷᠥᠯ ᠵᠦᠢᠯ ᠤᠨ ᠪᠠᠷᠢᠯᠭ᠎ᠠ ᠶᠢ
| ᠡᠬᠢᠯᠡᠭᠦᠯᠦᠨ᠂ ᠯᠢᠶᠣᠤ ᠶᠢᠨ ᠳᠡᠭᠡᠳᠦᠰ ᠤᠨ ᠣᠩᠭᠤᠨ ᠤ ᠾᠸᠢ ᠯᠦᠩ ᠮᠧᠨ ᠪᠠᠭᠤᠷᠢ ᠶᠢᠨ ᠬᠠᠮᠠᠭᠠᠯᠠᠯᠲᠠ ᠵᠡᠷᠭᠡ 3
| ᠲᠥᠷᠥᠯ ᠵᠦᠢᠯ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠳᠤ ᠬᠢᠨᠠᠨ ᠵᠦᠪᠰᠢᠶᠡᠷᠡᠭᠳᠡᠵᠦ᠂
| ᠯᠢᠶᠣᠤ ᠶᠢᠨ ᠳᠡᠭᠡᠳᠦ ᠨᠡᠶᠢᠰᠯᠡᠯ ᠤᠨ ᠡᠮᠦᠨ᠎ᠡ ᠬᠡᠰᠡᠭ ᠤᠨ ᠪᠠᠷᠢᠯᠭ᠎ᠠ ᠶᠢᠨ ᠪᠠᠭᠤᠷᠢ ᠶᠢᠨ ᠬᠠᠭᠤᠴᠢ ᠰᠤᠳᠤᠯᠤᠯ ᠤᠨ
| ᠨᠡᠭᠡᠭᠡᠨ ᠮᠠᠯᠲᠠᠭᠰᠠᠨ ᠦᠷ᠎ᠡ ᠪᠦᠲᠦᠭᠡᠯ ᠨᠢ ︽ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ ᠶᠡᠭᠡ
| ᠰᠢᠨ᠎ᠡ ᠢᠯᠡᠷᠡᠭᠦᠯᠦᠯᠲᠡ︾ ᠶᠢᠨ ᠴᠣᠯᠠ ᠶᠢ ᠭᠥᠷᠳᠡᠵᠦ᠂ ᠠᠯᠲᠠᠨ ᠤᠯᠤᠰ ᠤᠨ ᠬᠢᠯᠢ ᠶᠢᠨ ᠱᠤᠭᠤᠮ ᠤᠨ ᠪᠠᠭᠤᠷᠢ ᠶᠢ
| ᠬᠠᠮᠠᠭᠠᠯᠠᠬᠤ ᠠᠷᠭ᠎ᠠ ᠬᠡᠮᠵᠢᠶ᠎ᠡ ᠶᠢ ᠪᠥᠬᠦ ᠬᠤᠲᠠ ᠳᠤ ᠳᠡᠯᠭᠡᠷᠡᠭᠦᠯᠪᠡ᠃ ᠶᠡᠭᠡ ᠪᠠᠭ᠎ᠠ ᠬᠠᠯᠴᠠᠮ ᠠᠭᠤᠯᠠ ᠶᠢᠨ
| ᠦᠵᠡᠮᠵᠢ ᠶᠢᠨ ᠣᠷᠣᠨ ᠡᠵᠡᠩᠨᠡᠯᠲᠡ ᠬᠢᠬᠦ ᠨᠥᠬᠦᠴᠡᠯ ᠢ ᠪᠦᠷᠢᠯᠳᠦᠭᠦᠯᠵᠦ᠂ ︽ᠮᠢᠩᠭᠠᠨ ᠣᠨ ᠤ ᠡᠷᠲᠡᠨ ᠤ
| ᠨᠡᠶᠢᠰᠯᠡᠯ ᠳᠤ ᠪᠣᠯᠵᠤᠵᠤ᠂ ᠦᠵᠡᠰᠭᠦᠯᠡᠩᠲᠦ ᠰᠠᠶᠢᠬᠠᠨ ᠵᠡᠭᠦᠨ ᠪᠠᠭᠠᠷᠢᠨ ᠳᠤ ᠵᠣᠯᠭᠠᠶ᠎ᠠ︾ ᠰᠣᠶᠣᠯ ᠤᠨ ᠥᠪ ᠤᠨ
| ᠵᠢᠭᠤᠯᠴᠢᠯᠠᠯ ᠤᠨ ᠱᠤᠭᠤᠮ ᠨᠢ ᠪᠥᠬᠦ ᠤᠯᠤᠰ ᠤᠨ ᠬᠤᠷᠢᠨ ᠬᠦᠴᠦᠷᠬᠡᠭ ᠢᠶᠠᠷ ᠰᠣᠩᠭᠤᠭᠳᠠᠪᠠ᠃ ᠠᠩᠬᠠᠳᠤᠭᠠᠷ
| ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠯᠢᠶᠣᠤ ᠶᠢᠨ ᠳᠡᠭᠡᠳᠦ ᠨᠡᠶᠢᠰᠯᠡᠯ ᠬᠠᠭᠠᠰ ᠵᠠᠶᠢᠲᠤ ᠮᠠᠷᠠᠰᠤᠨ
| ᠤᠷᠤᠯᠳᠤᠭᠠᠨ ᠵᠢᠴᠢ ᠴᠠᠭᠠᠰᠤᠨ ᠰᠢᠪᠠᠭᠤ ᠶᠢᠨ ᠪᠠᠶᠠᠷ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂
| ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ︽ᠲᠣᠰᠬᠤᠨ ᠤ ᠦᠳᠡᠰᠢᠯᠡᠭᠡ︾ ᠨᠢ ᠪᠥᠬᠦ ᠤᠯᠤᠰ ᠤᠨ ᠵᠢᠱᠢᠶ᠎ᠡ
| ᠦᠵᠡᠭᠦᠯᠬᠦ ᠦᠵᠡᠭᠦᠯᠭᠡ ᠶᠢᠨ ᠨᠡᠷᠡᠰ ᠲᠤ ᠣᠷᠤᠵᠤ᠂ ᠭᠢᠳᠠᠨ ᠰᠤᠶᠤᠯ ᠤᠨ ᠠᠵᠤ ᠦᠢᠯᠡᠰ ᠤᠨ ᠲᠣᠭᠤᠷᠢᠭ ᠨᠢ
| ᠥᠪᠡᠷᠲᠡᠭᠡᠨ ᠵᠠᠰᠠᠬᠤ ᠣᠷᠤᠨ ᠤ ᠳᠡᠰ ᠤᠨ ᠦᠳᠡᠰᠢ ᠶᠢᠨ ᠰᠤᠶᠤᠯ ᠪᠠ ᠵᠢᠭᠤᠯᠴᠢᠯᠠᠯ ᠤᠨ ᠬᠡᠷᠡᠭᠯᠡᠭᠡ ᠲᠦᠪᠯᠡᠷᠡᠭᠰᠡᠨ
| ᠣᠷᠤᠨ ᠢᠶᠠᠷ ᠦᠨᠡᠯᠡᠭᠳᠡᠪᠡ᠃ ᠪᠦᠬᠦ ᠵᠢᠯ ᠳᠤ ᠵᠢᠭᠤᠯᠴᠢᠯᠠᠭᠰᠠᠳ ᠢ 271 ᠲᠦᠮᠡᠨ ᠬᠥᠮᠦᠨ ᠤᠳᠠᠭ᠎ᠠ ᠬᠦᠯᠢᠶᠡᠨ
| ᠠᠪᠴᠤ᠂ 32.7 ᠳ᠋ᠦᠩᠰᠢᠭᠤᠷ ᠲᠥᠭᠦᠷᠢᠭ ᠤᠨ ᠣᠷᠣᠯᠭ᠎ᠠ ᠣᠯᠪᠠ᠃
| !--EndFragment-->
| !--EndFragment-->
| !--EndFragment-->
| !--EndFragment-->
| !--EndFragment-->
| !--EndFragment-->
| !--EndFragment-->
| !--EndFragment-->
| !--EndFragment-->
| !--EndFragment-->
| !--EndFragment-->
| !--EndFragment-->
|