2 ᠰᠠᠷ᠎ᠠ ᠶᠢᠨ 6 ᠤ ᠡᠳᠦᠷ᠂ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠵᠢᠯᠴᠠᠨ ᠡᠷᠭᠢᠯᠡᠭᠰᠡᠨ | ᠬᠥᠬᠡᠭᠴᠢᠨ ᠮᠣᠭᠠᠶ ᠵᠢᠯ ᠤᠨ ︽ᠦᠵᠡᠰᠬᠦᠯᠡᠩᠲᠦ ᠰᠠᠶᠢᠬᠠᠨ ᠤᠮᠠᠷᠠᠲᠤ ᠬᠢᠵᠠᠭᠠᠷ ᠦᠨᠢᠷ ᠵᠢᠷᠭᠠᠯᠲᠣ ᠵᠡᠭᠦᠨ ᠪᠠᠭᠠᠷᠢᠨ︾ | ᠰᠠᠷ᠎ᠠ ᠰᠢᠨ᠎ᠡ ᠶᠢᠨ ᠵᠣᠯᠭᠠᠯᠳᠠ ᠶᠢᠨ ᠦᠳᠡᠰᠢᠯᠡᠭᠡᠦᠪᠡᠳᠡᠭᠰᠢ ᠶᠡᠭᠡ ᠪᠠᠷ ᠶᠠᠪᠤᠭᠳᠠᠵᠤ᠂ ᠬᠤᠰᠢᠭᠤᠨ ᠤ | ᠤᠳᠤᠷᠢᠳᠤᠯᠭ᠎ᠠ ᠯᠢᠦ ᠳ᠋ᠧ ᠬᠠᠶ᠂ ᠠᠯᠲᠠᠨᠲᠤᠶᠠᠭ᠎ᠠ᠂ ᠬᠡᠰᠢᠭᠪᠡᠲᠤ᠂ ᠰᠠᠶᠢᠨᠪᠠᠶᠠᠷ᠂ ᠡᠤ ᠸᠧᠶ ᠳ᠋ᠦᠩ᠂ ᠭᠤᠸ᠎ᠠ | ᠠᠵᠢᠯᠯᠠᠭ᠎ᠠ ᠳᠤ ᠣᠷᠣᠯᠴᠠᠵᠠᠶ᠃ | | | ᠦᠳᠡᠰᠢᠯᠡᠭᠡ ᠨᠢ ︽ᠰᠢᠨ᠎ᠡ ᠵᠢᠯ ᠤᠨ ᠮᠠᠭᠳᠠᠭᠤ︾ ᠪᠠᠷ ᠬᠥᠰᠢᠭᠡ ᠪᠠᠨ ᠰᠡᠬᠦᠵᠦ᠂ ᠮᠣᠷᠢᠨ ᠬᠤᠭᠤᠷ ︽ | ᠣᠲᠣᠷ ᠤᠨᠵᠠᠯᠠᠭᠤᠴᠤᠳ︾ ᠂ ᠪᠥᠵᠢᠭ ︽ᠰᠠᠯᠬᠢᠨ ᠬᠦᠯᠦᠭ︾᠂ ᠠᠷᠠᠳ ᠤᠨ ᠳᠠᠭᠤᠤ ︽ᠵᠠᠩᠮᠥ᠋ᠷᠡᠨ ᠤ ᠤᠰᠤ︾ | ᠨᠢ ᠪᠠᠭᠠᠷᠢᠨ ᠵᠡᠭᠦᠨ ᠬᠤᠰᠢᠭᠤᠨ ᠤ ᠰᠢᠯᠢᠳᠡᠭ ᠰᠣᠶᠣᠯ ᠂ ᠮᠢᠩᠭᠠᠨ ᠵᠢᠯ ᠤᠨ ᠭᠠᠶᠢᠬᠠᠮᠰᠢᠭᠲᠤ ᠰᠠᠶᠢᠬᠠᠨ ᠳᠠᠭᠤᠤ | ᠬᠥᠭᠵᠢᠮ᠂ ᠭᠤᠶᠢᠳᠠ ᠰᠠᠶᠢᠬᠠᠨ ᠪᠥᠵᠢᠭ ᠵᠡᠷᠭᠡ ᠶᠢᠨ ᠥᠪᠡᠷᠮᠢᠴᠡ ᠲᠣᠭᠯᠠᠯᠲᠠᠨᠢ ᠦᠵᠡᠭᠴᠢᠳ ᠲᠤ ᠨᠢᠭᠡ | ᠤᠳᠠᠭᠠᠨ ᠤ ᠦᠪᠡᠳᠡᠭᠰᠢ ᠨᠠᠶᠢᠷ ᠢ ᠠᠪᠴᠢᠷᠠᠵᠤ᠂ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ | | | | ᠦᠳᠡᠰᠢᠯᠡᠭᠡ ᠳᠡᠭᠡᠷ᠎ᠡ᠂ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠨᠡᠶᠢᠭᠡᠮᠯᠢᠭ | ᠠᠴᠠ ᠲᠡᠷᠢᠭᠦᠨ ᠤ ᠬᠤᠪᠢ ᠬᠥᠮᠦᠨ ᠳᠤ ᠱᠠᠩᠨᠠᠯ ᠣᠯᠭᠤᠪᠠ᠃ | ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠨᠡᠶᠢᠭᠡᠮᠯᠢᠭ ᠤᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠪᠠ ᠨᠡᠶᠢᠭᠡᠮ ᠤᠨ ᠡᠯ᠎ᠡ ᠡᠲᠡᠭᠡᠳ ᠤᠨ ᠳᠡᠮᠵᠢᠯᠭᠡ ᠳᠣᠤᠷ᠎ᠠ᠂ ᠬᠤᠰᠢᠭᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠵᠢᠠᠬᠢᠭᠤᠯᠬᠤ ᠨᠡᠶᠢᠭᠡᠮᠯᠢᠭ ᠢᠮᠠᠭᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠠᠬᠢᠭᠤᠯᠵᠣ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ︾ | ᠣᠶᠢᠯᠠᠭᠠᠭᠳᠠᠬᠤᠨ ᠢ ᠪᠠᠷᠢᠮᠲᠠᠯᠠᠨ᠂ ᠡᠯ᠎ᠡ ᠵᠦᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃ | | | | ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ ᠦᠢᠯᠡᠳᠭᠦᠨ ᠤ ᠦᠵᠡᠭᠦᠯᠭᠡ ᠶᠢᠨ ᠲᠣᠭᠤᠷᠢᠭ ᠭᠠᠷᠭᠠᠵᠤ᠂ | ᠴᠠᠭᠠᠨ ᠢᠳᠡᠭᠡᠨ᠂ ᠴᠡᠭᠡ ᠠᠷᠢᠬᠢ᠂ ᠷᠠᠰᠢᠶᠠᠨ ᠤᠰᠤ ᠵᠡᠷᠭᠡ ᠣᠨᠴᠠᠯᠢᠭᠲᠤ ᠪᠦᠲᠦᠭᠡᠭᠳᠡᠬᠦᠨ ᠨᠢᠳᠦ ᠳᠦᠭᠦᠷᠡᠩ | ᠪᠠᠶᠢᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠠᠩᠬᠠᠷᠤᠯ ᠢ ᠲᠠᠲᠠᠵᠠᠶ᠃ |