ᠵᠠᠰᠠᠭ ᠤᠨ ᠣᠷᠳᠣᠨ ᠤ ᠠᠵᠢᠯ ᠤᠨ ᠢᠯᠡᠳᠭᠡᠯ ︵ᠬᠤᠶᠠᠷ︶ | | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠰᠠᠶᠢᠨ ᠲᠠᠯᠪᠢᠵᠤ᠂ ᠣᠷᠣᠯᠭ᠎ᠠ ᠪᠠᠨ ᠨᠡᠮᠡᠭᠳᠡᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠭ᠎ᠠ ᠪᠠᠨ ᠲᠣᠭᠲᠠᠭᠤᠨ ᠪᠣᠯᠭᠠᠪᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 15 ᠲᠦᠮᠡᠨ ᠮᠦ ᠰᠢᠨ᠎ᠡ ᠪᠠᠷ ᠪᠠᠶᠢᠭᠤᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 35.2 ᠲᠦᠮᠡᠨ ᠮᠦ ᠨᠠᠶᠢᠳᠠᠪᠦᠷᠢᠵᠢᠭᠤᠯᠤᠨ᠂ ᠠᠮᠤ | ᠪᠤᠳᠠᠭᠠᠨ ᠤ ᠤᠨᠠᠯᠲᠠ 12.6 ᠳ᠋ᠦᠩᠰᠢᠭᠤᠷ ᠵᠢᠩ ᠳᠤ ᠬᠦᠷᠴᠦ᠂ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠪᠠ᠃ ᠱᠦᠭᠦᠷ ᠡᠪᠡᠰᠦ ᠲᠠᠷᠢᠬᠤ ᠲᠠᠯᠠᠪᠠᠢ ᠶᠢ 22 ᠲᠦᠮᠡᠨ ᠮᠤ᠋ ᠲᠣᠭᠲᠠᠪᠤᠷᠢᠵᠢᠭᠤᠯᠵᠤ᠂ 2000 ᠮᠤ᠋ | ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠢᠲᠠᠳ ᠡᠮ ᠤᠨ | ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ ᠶᠢ 6 ᠲᠦᠮᠡᠨ ᠮᠤ᠋ ᠳᠤ ᠬᠦᠷᠭᠡᠪᠡ᠃ ᠠᠯᠠᠰᠢᠨ ᠦᠬᠡᠷ 27 ᠲᠦᠮᠡ ᠪᠠ | ᠰᠠᠭᠠᠯᠢ ᠶᠢᠨ ᠦᠨᠢᠶ᠎ᠡ 3.3 ᠲᠦᠮᠡ ᠬᠦᠷᠴᠦ᠂ ᠠᠯᠠᠰᠢᠨ ᠡᠯᠵᠢᠭᠡ 10 ᠲᠦᠮᠡ ᠳᠤ ᠬᠥᠷᠪᠡ᠃ ᠦᠬᠡᠷ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠼᠤᠤ ᠳ᠋ᠦ᠋ | ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠨᠡᠭᠡᠭᠡᠨ ᠡᠵᠡᠩᠨᠡᠵᠦ᠂ ᠱᠠᠩ ᠵᠢᠩ ᠮᠦ ᠳ᠋ᠦ᠋ ᠲᠦᠮᠡᠨ ᠰᠠᠭᠠᠯᠢ ᠶᠢᠨ | ᠦᠨᠢᠶ᠎ᠡ ᠲᠡᠵᠢᠭᠡᠬᠦ ᠲᠠᠯᠠᠪᠠᠢ ᠪᠠ ᠴᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠡᠬᠢᠯᠡᠨ | ᠪᠠᠶᠢᠭᠤᠯᠵᠤ᠂ ᠲᠣᠭᠤᠷᠢᠭ ᠤᠨ ᠵᠢᠯ ᠤᠨ ᠪᠦᠲᠦᠭᠡᠭᠳᠡᠬᠦᠨ ᠤ ᠥᠷᠲᠡᠭ ᠨᠢ 3.5 ᠳ᠋ᠦᠩᠰᠢᠭᠤᠷ ᠲᠥᠭᠦᠷᠢᠭ ᠲᠤ | ᠬᠦᠷᠪᠡ᠃ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ | ᠵᠢᠩᠬᠢᠨᠢ ᠪᠠᠷ ᠡᠵᠡᠩᠨᠡᠭᠦᠯᠪᠡ᠃ ᠪᠠᠭᠠᠷᠢᠨ ᠵᠡᠭᠦᠨ ᠬᠤᠰᠢᠭᠤᠨ ᠤ ᠴᠢᠨ᠋ᠸ᠎ᠠ ᠶᠢᠨ ᠬᠠᠯᠲᠠᠷ ᠪᠠ ᠬᠤᠷᠤᠳ ᠨᠢ ᠪᠥᠬᠦ | ᠤᠯᠤᠰ ᠤᠨ ᠬᠤᠶᠠᠳᠤᠭᠠᠷ ᠪᠦᠯᠦᠭ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠡᠷᠡᠰ ᠲᠤ ᠰᠣᠩᠭᠤᠭᠳᠠᠵᠤ᠂ ︽ᠬᠢᠳᠠᠨ ᠠᠮᠤ ᠪᠤᠳᠠᠭ᠎ᠠ︾ ᠨᠡᠷᠡᠲᠦ ᠲᠡᠮᠳᠡᠭᠲᠦ ᠨᠠᠩᠭᠢ ᠡᠷᠳᠡᠨᠢ ᠰᠢᠰᠢ ᠨᠢ | ᠧᠦ᠋ᠷᠣᠫᠠ ᠶᠢᠨ ᠬᠤᠯᠪᠣᠭᠠᠨ ᠤ ᠢᠳᠡᠭᠡᠨ ᠤ ᠠᠮᠤᠷ ᠲᠦᠪᠰᠢᠨ ᠤ ᠭᠡᠷᠡᠴᠢᠯᠡᠯ ᠢ ᠤᠯᠪᠠ᠃ 18 ᠠᠵᠤ | ᠠᠬᠤᠶᠢᠯᠠᠯ ᠤᠨ 178 ᠪᠦᠲᠦᠭᠡᠭᠳᠡᠬᠦᠨ ᠢ ︽ᡂᠢ ᠴᠧᠩ ᠹᠧᠩ ᠸᠧᠢ︾ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭᠲᠦ ᠪᠠᠷ ᠭᠡᠷ᠎ᠡ ᠲᠣᠭᠲᠠᠨ ᠰᠠᠭᠤᠷᠢᠰᠢᠬᠤ ᠶᠢ ᠠᠬᠢᠭᠤᠯᠵᠤ᠂ 20 ᠭᠠᠷᠤᠶ ᠠᠵᠤ | ᠠᠬᠤᠶᠢᠯᠠᠯ ᠢ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠬᠤᠤᠰ ᠴᠢᠭᠯᠡᠯᠲᠦ ᠰᠣᠯᠢᠯᠴᠠᠭᠠᠨ ᠤ | ᠭᠠᠷᠠᠭ ᠪᠠ ︽ᠤᠯᠠᠭᠠᠨᠬᠠᠳᠠ ᠶᠢᠨ ᠰᠠᠶᠢᠨ ᠪᠠᠷᠠᠭ᠎ᠠ ᠶᠢ ᠪᠡᠭᠡᠵᠢᠩ ᠳᠤ ᠣᠷᠣᠭᠤᠯᠬᠤ︾ ᠵᠡᠷᠭᠡ ᠳᠡᠯᠭᠡᠨ | ᠪᠣᠷᠣᠯᠠᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ 1000 ᠲᠦᠮᠡᠨ | ᠲᠥᠭᠦᠷᠢᠭ ᠢ ᠳᠠᠪᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 5.1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠨ 184 ᠲᠥᠷᠥᠯ ᠵᠦᠢᠯ ᠢ ᠨᠠᠶᠢᠳᠠᠪᠦᠷᠢᠵᠢᠭᠤᠯᠵᠤ᠂ 78 ᠡᠷᠦᠬᠡ ᠶᠢᠨ ᠨᠤᠷᠠᠬᠤ | ᠠᠶᠤᠯᠲᠠᠢ ᠭᠡᠷ ᠪᠠᠶᠢᠰᠢᠩ ᠢ ᠵᠠᠰᠠᠨ᠂ 4730 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ᠃ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠮᠠᠰᠢᠨ ᠢᠶᠠᠷ ᠢᠯᠭᠠᠬᠤ ᠲᠤᠷᠰᠢᠯᠲᠠ ᠶᠢᠨ ᠴᠢᠭ 3 ᠶᠢ | ᠪᠠᠶᠢᠭᠤᠯᠵᠤ᠂ ᠪᠢᠯᠠᠬᠦᠲᠠᠢ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠤᠨ ᠲᠥᠷᠥᠯ | ᠵᠦᠢᠯ ᠢ ᠪᠠᠶᠢᠭᠤᠯᠵᠤ ᠳᠠᠭᠤᠰᠬᠠᠪᠠ᠃ | ᠨᠢᠭᠡ ᠵᠢᠯ ᠤᠨ ᠲᠤᠷᠰᠢ᠂ ᠪᠢᠳᠡ ᠬᠠᠮᠠᠭᠠᠯᠠᠬᠤ ᠶᠢ ᠴᠢᠬᠤᠯᠠᠴᠢᠯᠠᠨ᠂ ᠵᠠᠰᠠᠯᠲᠠ ᠶᠢ ᠴᠢᠩᠭᠠᠳᠬᠠᠵᠤ᠂ ᠠᠮᠢ | ᠠᠬᠤᠢ ᠣᠷᠴᠢᠨ ᠲᠣᠭᠤᠷᠢᠨ ᠨᠡᠩ ᠦᠵᠡᠰᠬᠦᠯᠡᠩᠲᠦ ᠰᠠᠶᠢᠬᠠᠨ ᠪᠣᠯᠪᠠ᠃ 6249 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠵᠡᠭᠦᠨ ᠬᠤᠶᠢᠲᠤ ᠬᠡᠰᠡᠭ ᠤᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ ᠣᠢ | ᠰᠢᠭᠤᠢ ᠨᠤᠲᠤᠭ ᠪᠡᠯᠴᠢᠭᠡᠷ ᠨᠤᠭᠤ ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠦᠯ | ᠵᠦᠢᠯ ᠢ ᠨᠠᠶᠢᠳᠠᠪᠦᠷᠢᠵᠢᠭᠤᠯᠤᠨ᠂ 39.9 ᠲᠦᠮᠡᠨ ᠮᠦ ᠣᠢ ᠰᠢᠭᠤᠢ ᠪᠠ ᠨᠤᠲᠤᠭ ᠪᠡᠯᠴᠢᠭᠡᠷ ᠢ ᠵᠠᠰᠠᠪᠠ᠃ 5 | ᠨᠡᠭᠦᠷᠡᠰᠦ ᠰᠢᠲᠠᠭᠠᠬᠤ ᠵᠤᠤᠬ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠠᠭᠠᠷ ᠤᠨ ᠴᠢᠨᠠᠷ | ᠴᠢᠨᠰᠠᠭ᠎ᠠ ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ 98.3% ᠬᠥᠷᠪᠡ᠃ ᠬᠥᠪ ᠤᠨ ᠭᠤᠤ ᠶᠢᠨ ᠤᠰᠤᠨ | ᠠᠰᠢᠭᠯᠠᠯᠲᠠ ᠶᠢᠨ ᠬᠦᠢᠰᠦ ᠪᠠ ᠴᠠᠭᠠᠨᠪᠠᠶᠢᠴᠠ ᠭᠤᠣᠯ ᠤᠨ ᠭᠤᠯᠳᠤᠷᠢᠯ ᠢ ᠵᠠᠰᠠᠬᠤ ᠵᠡᠷᠭᠡ ᠤᠰᠤᠨ ᠤ ᠡᠬᠢ | ᠰᠤᠷᠪᠤᠯᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ 15 ᠲᠥᠷᠦᠯ ᠵᠦᠢᠯ ᠢ ᠠᠬᠢᠭᠤᠯᠵᠤ᠂ ᠬᠠᠤᠯᠢ ᠪᠣᠰᠤ ᠪᠠᠷ | ᠤᠰᠤ ᠬᠡᠷᠡᠭᠯᠡᠭᠰᠡᠨ 694 ᠬᠤᠳᠳᠤᠭ ᠢ ᠪᠢᠲᠡᠭᠦᠮᠵᠢᠯᠡᠨ᠂ ︽ᠴᠠᠬᠢᠯᠭᠠᠨ ᠢᠶᠠᠷ ᠤᠰᠤ ᠶᠢ ᠡᠵᠡᠮᠰᠢᠬᠦ︾ ᠣᠶᠤᠨᠴᠢ | ᠴᠠᠬᠢᠯᠭᠠᠨ ᠬᠡᠮᠵᠢᠭᠦᠷ ᠢ 511 ᠤᠭᠰᠠᠷᠠᠵᠤ᠂ ᠭᠠᠵᠠᠷ ᠳᠡᠭᠡᠷᠡᠬᠢ ᠤᠰᠤᠨ ᠤ ᠰᠢᠯᠢᠳᠡᠭ ᠰᠠᠶᠢᠨ ᠪᠠᠶᠢᠬᠤ ᠬᠠᠷᠢᠴᠠᠯ | ᠨᠢ ᠳᠥᠷᠪᠡᠨ ᠵᠢᠯ ᠳᠠᠷᠠᠭᠠᠯᠠᠨ 100 %ᠬᠦᠷᠴᠡᠢ᠃ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠩ ᠢ 9. | 4 ᠲᠦᠮᠡᠨ ᠮᠥ ᠭᠠᠷᠭᠠᠵᠤ᠂ 6 ᠠᠵᠤ ᠠᠬᠤᠶᠢᠯᠠᠯ ᠤᠨ ᠬᠦᠨᠳᠦ ᠲᠡᠮᠦᠷᠯᠢᠭ ᠤᠨ ᠭᠠᠳᠠᠭᠰᠢᠯᠠᠭᠤᠯᠤᠯᠲᠠ ᠶᠢ 7626 | ᠺᠢᠯᠣᠭ᠍ᠷᠠᠮ ᠪᠠᠭᠠᠰᠬᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ | ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠠᠷᠢᠶᠠᠨ ᠡᠮ ᠪᠠ ᠬᠢᠮᠢ ᠶᠢᠨ ᠪᠣᠷᠲᠣᠭᠤᠷ ᠬᠡᠷᠡᠭᠯᠡᠬᠦ | ᠬᠡᠮᠵᠢᠶ᠎ᠡ ᠶᠢ ᠲᠣᠰ ᠲᠣᠰ 0.2% ᠪᠠ 1.5% ᠪᠠᠭᠤᠷᠠᠭᠤᠯᠵᠤ᠂ ᠲᠠᠷᠢᠶᠠᠨ ᠭᠠᠵᠠᠷ ᠲᠠᠬᠢ ᠬᠠᠶᠠᠭᠳᠠᠮᠠᠯ | ᠰᠦᠯᠢᠶᠣᠣ ᠪᠦᠷᠬᠦᠪᠴᠢ ᠶᠢ ᠠᠷᠢᠯᠭᠠᠭᠰᠠᠨ ᠬᠡᠮᠵᠢᠶ᠎ᠡ ᠶᠢ 87% ᠳᠤ ᠬᠦᠷᠭᠡᠪᠡ᠃ ᠦᠯᠵᠡᠶᠢᠮᠦ᠋ᠷᠡᠨ ᠭᠤᠣᠯ ᠤᠨ | ᠤᠯᠤᠰ ᠤᠨ ᠨᠠᠮᠤᠭᠲᠤ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠢ ᠪᠠᠶᠢᠭᠤᠯᠵᠤ᠂ ᠨᠠᠮᠤᠭᠲᠤ | ᠴᠡᠴᠡᠷᠯᠢᠭ ᠨᠢ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨᠠᠨ ᠰᠢᠯᠭᠠᠯᠲᠠ ᠶᠢ | ᠦᠩᠭᠡᠷᠡᠭᠡᠪᠡ᠃ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠪᠣᠬᠢᠷᠲᠤᠯ ᠦᠭᠡᠢ ᠠᠭᠤᠷᠬᠠᠢ 6 ᠶᠢ | ᠰᠢᠨ᠎ᠡ ᠪᠠᠷ ᠬᠢᠨᠠᠨ ᠲᠣᠭᠲᠠᠭᠠᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 1.3 ᠲᠡᠭᠰᠢ | ᠳᠥᠷᠪᠡᠯᠵᠢᠨ ᠺᠢᠯᠦᠮᠧᠲᠷ ᠵᠠᠰᠠᠨ ᠰᠠᠶᠢᠵᠢᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠠᠳᠬᠤᠨ᠂ ᠰᠢᠨ᠎ᠡ ᠶᠢ ᠡᠭᠦᠳᠴᠦ᠂ ᠬᠥᠭᠵᠢᠯᠲᠡ ᠶᠢᠨ | ᠬᠥᠳᠡᠯᠭᠡᠭᠴᠢ ᠡᠨᠧᠷᠭᠢ ᠶᠢ ᠨᠡᠮᠡᠭᠳᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠶᠢᠨ | ᠢᠨᠵᠧᠨᠧᠷᠢᠩ ᠦᠷ᠎ᠡ ᠪᠦᠲᠦᠮᠵᠢ ᠣᠯᠵᠤ᠂ 27 ᠵᠦᠢᠯ ᠤᠨ ᠡᠭᠦᠷᠭᠡ ᠶᠢ ᠪᠦᠲᠦᠮᠵᠢᠲᠡᠶ ᠠᠬᠢᠭᠤᠯᠤᠨ᠂ 9 ᠵᠦᠢᠯ | ᠤᠨ ᠮᠡᠷᠭᠡᠵᠢᠯ ᠤᠨ ᠭᠡᠷ᠎ᠡ ᠶᠢ ᠳᠠᠩᠰᠠᠯᠠᠭᠤᠯᠵᠤ᠂ 4 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠠᠮᠵᠢᠯᠲᠠ ᠲᠠᠢ ᠬᠡᠷᠡᠭᠯᠡᠪᠡ᠃ ︽ᠥᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠡᠮᠴᠢᠯᠡᠭᠡᠨ ᠤ ᠭᠠᠵᠠᠷ︾ ᠢ ᠪᠠᠶᠢᠭᠤᠯᠵᠤ᠂ ᠤᠯᠤᠰ ᠤᠨ ᠲᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢᠲᠦ ᠠᠵᠤ ᠠᠬᠤᠶᠢᠯᠠᠯ 10 ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ | ᠡᠭᠦᠳᠬᠦ ᠲᠠᠪᠴᠠᠩ 2 ᠢ ᠰᠢᠨ᠎ᠡ ᠪᠠᠷ ᠨᠡᠮᠡᠭᠳᠡᠭᠦᠯᠪᠡ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 5 G ᠰᠠᠭᠤᠷᠢ ᠥᠷᠲᠡᠭᠡ 66 ᠶᠢ ᠰᠢᠨ᠎ᠡ ᠪᠠᠷ ᠪᠠᠶᠢᠭᠤᠯᠤᠨ᠂ | ᠬᠤᠲᠠ ᠲᠣᠭᠤᠷᠢᠭ᠂ ᠠᠵᠤ ᠦᠢᠯᠡᠳᠪᠦᠷᠢ ᠶᠢᠨ ᠲᠣᠭᠤᠷᠢᠭ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠳᠤ 5G | ᠶᠢ ᠨᠡᠶᠢᠳᠡᠮ ᠪᠦᠷᠬᠦᠭᠦᠯᠪᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ ︽ᠨᠢᠭᠡ | ᠴᠣᠭᠴᠠᠵᠢᠭᠤᠯᠬᠤ᠂ ᠲᠤᠤᠷᠵᠢᠭᠰᠠᠨ︾ ᠠᠵᠢᠯᠯᠠᠭᠠᠨ ᠢ ᠠᠬᠢᠭᠤᠯᠵᠤ᠂ ᠤᠰᠤᠨ ᠤ ᠶᠠᠪᠤᠳᠠᠯ ᠤᠨ ᠺᠣᠮᠫᠠᠨᠢ ᠶᠢ | ᠪᠠᠶᠢᠭᠤᠯᠬᠤ ᠠᠵᠢᠯ ᠢ ᠠᠬᠢᠭᠤᠯᠪᠠ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠵᠦ᠂ 77 ᠵᠦᠢᠯ | ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠩᠬᠢ ᠶᠢᠨ ᠦᠢᠯᠡᠴᠢᠯᠡᠭᠡᠨ ᠤ | ᠴᠢᠭ ᠲᠤ ᠣᠷᠤᠭᠤᠯᠤᠨ ᠭᠦᠢᠴᠡᠳᠬᠡᠵᠦ᠂ 80 ᠵᠦᠢᠯ ᠤᠨ ᠦᠢᠯᠡᠴᠢᠯᠡᠭᠡᠨ ᠤ ᠵᠦᠢᠯᠡᠰ ᠨᠢ ︽ᠰᠦᠯᠵᠢᠶᠡᠨ ᠳᠡᠭᠡᠷ᠎ᠡ | ᠤᠷᠢᠳᠴᠢᠯᠠᠨ ᠪᠣᠯᠵᠣᠵᠤ ᠬᠡᠷ ᠲᠤᠨᠢ ᠬᠦᠷᠴᠦ ᠦᠢᠯᠡᠴᠢᠯᠡᠨ︾᠂ 236 ᠵᠦᠢᠯ ᠤᠨ ᠦᠢᠯᠡᠴᠢᠯᠡᠭᠡᠨ ᠤ ᠵᠦᠢᠯᠡᠰ ᠨᠢ | ︽ᠣᠷᠢᠳᠠᠪᠠᠷ ᠭᠦᠢᠴᠡᠳᠬᠡᠵᠦ ᠳᠤᠲᠠᠭᠳᠠᠵᠤ ᠪᠠᠶᠢᠬᠤ ᠮᠠᠲ᠋ᠧᠷᠢᠶᠠᠯ ᠢ ᠬᠤᠶᠢᠨ᠎ᠠ ᠨᠢ ᠨᠦᠬᠦᠪᠦᠷᠢᠯᠡᠬᠦ︾ ᠶᠢ | ᠪᠡᠶᠡᠯᠡᠭᠦᠯᠪᠡ᠃ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ 17 ᠵᠦᠢᠯ ᠤᠨ | ᠵᠥᠪᠰᠢᠶᠡᠷᠡᠯ ᠤᠨ ᠵᠦᠢᠯᠡᠰ ᠨᠢ ︽ᠦᠨᠡᠮᠯᠡᠯ ᠪᠠ ᠭᠡᠷᠡᠴᠢ ᠶᠢ ᠬᠠᠮᠲᠤ ᠳᠤᠨᠢ ᠭᠦᠢᠴᠡᠳᠬᠡᠵᠦ︾ ᠂ ᠪᠠᠷᠢᠯᠭ᠎ᠠ ᠶᠢᠨ | ᠠᠵᠢᠯ ᠤᠨ ᠵᠥᠪᠰᠢᠶᠡᠷᠡᠯ ᠢ ᠬᠠᠮᠤᠭ ᠬᠤᠷᠳᠤᠨ ᠳᠠᠭᠠᠨ 3 ᠴᠠᠭ ᠤᠨ ᠳᠣᠲᠤᠷ᠎ᠠ ᠭᠦᠢᠴᠡᠳᠬᠡᠪᠡ᠃ ᠭᠠᠶᠢᠯᠢ ᠳᠤ | ᠬᠤᠯᠪᠣᠭᠳᠠᠭᠰᠠᠨ ᠦᠢᠯᠡᠴᠢᠯᠡᠭᠡᠨ ᠤ ᠪᠠᠶᠢᠭᠤᠯᠤᠮᠵᠢ ᠶᠢᠨ ︽ᠢᠲᠡᠭᠡᠮᠵᠢ ᠶᠢᠨ ᠵᠠᠬᠢᠳᠠᠯ ᠤᠨ ᠳᠤᠭᠲᠤᠢ︾ ᠶᠢᠨ | ᠠᠵᠢᠯ ᠤᠨ ᠲᠣᠭᠲᠠᠴᠠ ᠶᠢ ᠪᠠᠶᠢᠭᠤᠯᠵᠤ᠂ ᠨᠡᠶᠢᠲᠡᠯᠢᠭ ᠠᠷᠭ᠎ᠠ ᠬᠢᠳᠡᠯ ᠢ ᠨᠢ ᠪᠥᠬᠦ ᠬᠤᠲᠠ ᠳᠤ ᠳᠡᠯᠭᠡᠷᠡᠭᠦᠯᠪᠡ᠃ | ᠨᠢᠭᠡ ᠵᠢᠯ ᠤᠨ ᠲᠤᠷᠰᠢ᠂ ᠪᠢᠳᠠ ᠰᠠᠭᠤᠷᠢ ᠪᠠᠨ ᠪᠠᠬᠢᠵᠢᠭᠦᠯᠦᠨ᠂ ᠳᠤᠲᠠᠭᠤᠳᠠᠯ ᠢᠶᠠᠨ ᠨᠦᠬᠦᠪᠦᠷᠢᠯᠡᠵᠦ᠂ | ᠬᠤᠳᠠ ᠬᠥᠳᠡᠭᠡ ᠶᠢᠨ ᠳᠦᠷᠰᠦ ᠪᠠᠶᠢᠳᠠᠯ ᠢ ᠨᠡᠶᠢᠳᠡᠮ ᠰᠠᠶᠢᠵᠢᠷᠠᠭᠤᠯᠪᠠ᠃ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠵᠢᠩᠬᠢᠨᠢ ᠪᠠᠷ ᠵᠥᠪᠰᠢᠶᠡᠷᠡᠭᠳᠡᠪᠡ᠃ 3.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠲᠤᠭᠤᠷ ᠤᠨ ᠴᠡᠴᠡᠭᠲᠦ ᠠᠷᠠᠯ ᠂ ᠵᠧᠨ ᠰᠢᠩ ᠶᠡᠭᠡ ᠵᠡᠭᠡᠯᠢ ᠵᠢᠴᠢ ᠴᠢᠦ ᠱᠠᠨ | ᠶᠡᠭᠡ ᠵᠡᠭᠡᠯᠢ ᠶᠢᠨ ᠪᠠᠷᠠᠭᠤᠨ ᠬᠡᠰᠡᠭ ᠵᠡᠷᠭᠡ ᠬᠤᠲᠠ ᠶᠢᠨ ᠰᠠᠭᠤᠷᠢ ᠲᠥᠬᠦᠭᠡᠷᠦᠮᠵᠢ ᠶᠢᠨ 7 ᠲᠥᠷᠦᠯ ᠵᠦᠢᠯ ᠢ | ᠪᠡᠶᠡᠯᠡᠭᠦᠯᠵᠦ᠂ 8.7 ᠺᠢᠯᠦᠮᠧᠲᠷ ᠵᠠᠮ ᠵᠠᠰᠠᠨ᠂ 16.8 ᠺᠢᠯᠦᠮᠧᠲᠷ ᠤᠰᠤᠨ ᠬᠤᠭᠤᠯᠠᠢ ᠶᠢ ᠳᠡᠪᠢᠰᠪᠡ᠃ ᠬᠤᠲᠠ | ᠪᠠᠯᠭᠠᠰᠤᠨ ᠤ 34 ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠵᠦ᠂ 5 ᠬᠡᠰᠡᠭ ᠤᠨ 119 ᠡᠷᠦᠬᠡ ᠶᠢ | ᠨᠡᠭᠦᠯᠭᠡᠵᠦ ᠲᠥᠪᠬᠢᠨᠡᠭᠦᠯᠦᠨ᠂ 6 ᠣᠷᠣᠨ ᠰᠠᠭᠤᠴᠠ ᠶᠢᠨ ᠲᠣᠭᠤᠷᠢᠭ ᠤᠨ ᠰᠢᠨ᠎ᠡ ᠲᠥᠷᠥᠯ ᠵᠦᠢᠯ ᠢ | ᠨᠠᠶᠢᠳᠠᠪᠦᠷᠢᠵᠢᠭᠤᠯᠵᠤ᠂ ᠬᠤᠳᠠᠯᠳᠤᠭᠠᠨ ᠤ ᠪᠠ ᠣᠷᠣᠨ ᠰᠠᠭᠤᠴᠠ ᠶᠢᠨ ᠨᠡᠭᠡᠭᠡᠨ ᠠᠰᠢᠭᠯᠠᠬᠤ ᠲᠠᠯᠠᠪᠠᠢ ᠶᠢ 25 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ 1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠦᠨ᠂ 3 ᠰᠠᠭᠤᠷᠢ ᠰᠢᠲᠠᠭᠠᠯᠭ᠎ᠠ ᠶᠢᠨ ᠵᠤᠤᠬ᠎ᠠ᠂ 50 | ᠰᠠᠭᠤᠷᠢ ᠢᠯᠴᠢ ᠰᠣᠯᠢᠬᠤ ᠥᠷᠲᠡᠭᠡ᠂ 16.7 ᠺᠢᠯᠦᠮᠧᠲᠷ ᠢᠯᠴᠢ ᠬᠠᠩᠭᠠᠬᠤ ᠬᠤᠭᠤᠯᠠᠢ ᠵᠢᠴᠢ ︽ᠳᠡᠭᠡᠷ᠎ᠡ ᠲᠠᠯ᠎ᠠ | ᠠᠴᠠ ᠬᠠᠩᠭᠠᠵᠤ ᠳᠤᠤᠷ᠎ᠠ ᠲᠠᠯ᠎ᠠ ᠠᠴᠠ ᠪᠤᠴᠠᠭᠠᠬᠤ︾ 5.7 ᠲᠦᠮᠡᠨ ᠮᠧᠲᠷ ᠳᠤᠯᠠᠭᠠᠯᠠᠭ᠎ᠠ ᠶᠢᠨ ᠬᠤᠭᠤᠯᠠᠢ ᠶᠢ | ᠥᠭᠡᠷᠡᠴᠢᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠭᠡᠷ ᠤᠨ ᠳᠤᠯᠠᠭᠠᠨ ᠢ ᠬᠡᠮᠵᠢᠬᠦ ᠮᠠᠰᠢᠨ ᠢ 1383 | ᠤᠭᠰᠠᠷᠠᠪᠠ᠃ ᠪᠠᠭᠠᠷᠢᠨ ᠵᠡᠭᠦᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠤᠨ | ᠳᠠᠭᠤᠰᠬᠠᠵᠤ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ 12 ᠵᠦᠢᠯ ᠤᠨ ᠡᠭᠦᠷᠭᠡ ᠶᠢ | ᠪᠡᠶᠡᠯᠡᠭᠦᠯᠪᠡ᠃ 9366 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠪᠦᠲᠦᠭᠡᠨ ᠪᠠᠢᠭᠤᠯᠤᠯᠲᠠ ᠶᠢᠨ 4 ᠲᠥᠷᠦᠯ ᠵᠦᠢᠯ ᠢ ᠨᠠᠶᠢᠳᠠᠪᠦᠷᠢᠵᠢᠭᠤᠯᠤᠨ᠂ 44.7 ᠺᠢᠯᠦᠮᠧᠲᠷ ᠵᠠᠮ ᠳᠡᠪᠢᠰᠪᠡ᠃ | 253.6 ᠺᠢᠯᠦᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠵᠤ᠂ 8 | ᠰᠠᠭᠤᠷᠢ ᠠᠶᠤᠯᠲᠠᠢ ᠬᠥᠭᠦᠷᠭᠡ ᠶᠢ ᠵᠠᠰᠠᠨ ᠰᠢᠨᠡᠳᠬᠡᠪᠡ᠃ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ | ᠯᠢᠨᠳᠦ᠋ᠩ ᠬᠠᠩᠭᠠᠯᠲᠠ ᠶᠢᠨ ᠥᠷᠲᠡᠭᠡ ᠶᠢᠨ 220 ᠺᠢᠯᠤᠸᠤᠯᠲ ᠤᠨ ᠭᠠᠳᠠᠭᠰᠢ ᠴᠠᠬᠢᠯᠭᠠᠨ ᠬᠠᠩᠭᠠᠬᠤ | ᠢᠨᠵᠧᠨᠧᠷᠢᠩ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ 66 ᠺᠢᠯᠤᠸᠣᠯᠲ᠂ 10 ᠺᠢᠯᠤᠸᠤᠯᠲ ᠵᠢᠴᠢ | ᠲᠡᠭᠦᠨ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠤ ᠢᠨᠵᠧᠨᠧᠷᠢᠩ 20 ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠬᠦᠴᠢᠷᠳᠡᠯ ᠢ ᠰᠢᠢᠳᠪᠦᠷᠢᠯᠡᠨ᠂ ᠪᠣᠳᠠᠲᠠᠢ ᠠᠵᠢᠯ ᠬᠢᠵᠦ᠂ | ᠠᠷᠠᠳ ᠤᠨ ᠠᠮᠢᠳᠤᠷᠠᠯ ᠤᠨ ᠬᠡᠰᠢᠭ ᠪᠤᠶᠠᠨ ᠦᠷᠭᠦᠯᠵᠢᠯᠡᠨ ᠨᠡᠮᠡᠭᠳᠡᠪᠡ᠃ ᠪᠦᠬᠦ ᠬᠤᠰᠢᠭᠤᠨ ᠤ ᠡᠳ᠋ ᠤᠨ ᠵᠠᠰᠠᠭ ᠤᠨ | ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠨᠢ ᠶᠡᠷᠦᠩᠬᠡᠢ ᠵᠠᠷᠤᠯᠭ᠎ᠠ ᠶᠢᠨ 81.4 % ᠳᠤ ᠬᠦᠷᠪᠡ᠃ ᠬᠤᠲᠠ | ᠪᠠᠯᠭᠠᠰᠤᠨ ᠳᠤ 824 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ | ᠠᠯᠳᠠᠭᠰᠠᠳ ᠤᠨ ᠨᠣᠷᠮ᠎ᠠ 3% ᠪᠣᠯᠪᠠ᠃ 5.3 ᠲᠦᠮᠡᠨ ᠮᠠᠯᠴᠢᠨ ᠲᠠᠷᠢᠶᠠᠴᠢᠨ ᠳᠤ ᠠᠵᠢᠯ ᠣᠯᠭᠤᠵᠤ᠂ ᠶᠠᠳᠠᠭᠤ | ᠠᠴᠠ ᠠᠩᠭᠢᠵᠢᠷᠠᠭᠰᠠᠨ 6086 ᠬᠥᠮᠦᠨ ᠳᠤ ᠠᠵᠢᠯ ᠣᠯᠭᠤᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠪᠠ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ | 90.7% ᠪᠠ 98.3% ᠳᠤ ᠬᠦᠷᠴᠦ᠂ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ | ᠤ ᠵᠢᠱᠢᠶ᠎ᠡ ᠦᠵᠡᠭᠦᠯᠬᠦ ᠴᠢᠭ ᠢ ᠪᠦᠲᠦᠭᠡᠨ ᠪᠠᠶᠢᠭᠤᠯᠬᠤ ᠵᠠᠭᠪᠤᠷ ᠨᠢ ᠥᠪᠡᠷᠲᠡᠭᠡᠨ ᠵᠠᠰᠠᠬᠤ ᠣᠷᠤᠨ ᠤ ᠰᠢᠯᠢᠳᠡᠭ | ᠬᠡᠷᠡᠭ ᠤᠨ ᠵᠢᠱᠢᠶ᠎ᠡ ᠪᠠᠷ ᠰᠤᠩᠭᠤᠭᠳᠠᠪᠠ᠃ ᠬᠤᠲᠠ ᠬᠥᠳᠡᠭᠡ ᠶᠢᠨ ᠬᠠᠮᠤᠭ ᠤᠨ ᠳᠤᠤᠷ᠎ᠠ ᠠᠮᠢᠳᠤᠷᠠᠯ ᠤᠨ | ᠪᠠᠲᠤᠯᠠᠭ᠎ᠠ ᠪᠠ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠬᠤ ᠪᠡᠯᠡ ᠮᠥᠩᠭᠦ ᠶᠢ 1.8 ᠳ᠋ᠦᠩᠰᠢᠭᠤᠷ | ᠲᠥᠭᠦᠷᠢᠭ ᠲᠠᠷᠬᠠᠭᠠᠵᠤ᠂ ᠲᠠᠷᠢᠶᠠᠯᠠᠩ ᠳᠤ ᠲᠤᠰᠠᠯᠠᠬᠤ ᠡᠯ᠎ᠡ ᠲᠥᠷᠥᠯ ᠤᠨ ᠨᠥᠬᠦᠪᠥᠷᠢ ᠶᠢ 6.6 ᠳ᠋ᠦᠩᠰᠢᠭᠤᠷ | ᠲᠥᠭᠦᠷᠢᠭ ᠲᠠᠷᠬᠠᠭᠠᠪᠠ᠃ ᠴᠢᠶᠠᠨ ᠢ ᠶᠤᠸᠠᠨ ᠡᠷᠡᠭᠦᠯᠵᠢᠯ ᠤᠨ ᠲᠥᠪ ᠢ ᠪᠠᠶᠢᠭᠤᠯᠤᠨ ᠳᠠᠭᠤᠰᠬᠠᠵᠤ᠂ ᠰᠤᠮᠤ | ᠪᠠᠯᠭᠠᠰᠤᠨ ᠤ ᠲᠡᠰ ᠤᠨ 3 ᠨᠠᠰᠤᠵᠢᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠵᠤ᠂ ᠮᠠᠯᠵᠢᠬᠤ | ᠲᠠᠷᠢᠶᠠᠯᠠᠬᠤ ᠣᠷᠣᠨ ᠤ 8 ᠵᠢᠷᠭᠠᠯᠠᠩᠲᠤ ᠬᠦᠷᠢᠶᠡᠯᠡᠩ ᠢ ᠥᠭᠡᠷᠡᠴᠢᠯᠡᠨ ᠪᠠᠶᠢᠭᠤᠯᠪᠠ᠃ ᠶᠡᠭᠡ ᠳᠡᠭᠡᠳᠦ | ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠪᠠ ᠳᠡᠭᠡᠳᠦ ᠳᠤᠮᠳᠠᠳᠤ ᠶᠢᠨ | ᠰᠤᠷᠭᠠᠨ ᠬᠦᠮᠦᠵᠢᠯ ᠢᠶᠠᠷ ᠳᠠᠶᠢᠴᠢᠯᠠᠨ ᠳᠠᠭᠠᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠵᠦ᠂ ᠳᠡᠭᠡᠳᠦ | ᠳᠤᠮᠳᠠᠳᠤ ᠶᠢᠨ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠪᠠᠭᠰᠢ ᠶᠢ ᠱᠠᠩᠨᠠᠨ ᠵᠣᠷᠢᠭᠵᠢᠭᠤᠯᠬᠤ | ᠲᠦᠷᠦ ᠶᠢᠨ ᠪᠤᠳᠤᠯᠭ᠎ᠠ ᠲᠣᠭᠲᠠᠭᠠᠵᠤ᠂ ᠳᠣᠯᠤᠭᠠᠨᠮᠣᠳᠤ ᠬᠡᠦᠬᠡᠳ ᠤᠨ ᠴᠡᠴᠡᠷᠯᠢᠭ ᠪᠠ ᠯᠢᠨᠳᠦ᠋ᠩ ᠤᠨ ᠬᠤᠶᠠᠳᠤᠭᠠᠷ | ᠪᠠᠭ᠎ᠠ ᠰᠤᠷᠭᠠᠭᠤᠯᠢ ᠶᠢᠨ ᠲᠤᠰᠬᠠᠢ ᠬᠢᠴᠢᠶᠡᠯ ᠤᠨ ᠭᠡᠷ ᠵᠡᠷᠭᠡ 5 ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠪᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤᠨ ᠤ ᠲᠤᠬᠠᠢ ᠶᠢᠨ ᠲᠠᠯᠠᠪᠤᠷ ᠤᠨ ᠰᠢᠯᠭᠠᠨ | ᠬᠢᠨᠠᠯᠲᠠ ᠶᠢ ᠦᠨᠳᠦᠷ ᠪᠦᠲᠦᠮᠵᠢ ᠪᠠᠷ ᠦᠩᠭᠡᠷᠡᠭᠡᠵᠦ᠂ ᠨᠢᠭᠲᠠᠷᠠᠭᠰᠠᠨ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ | ᠴᠣᠭᠴᠠ ᠶᠢ ᠪᠠᠶᠢᠭᠤᠯᠤᠨ᠂ ᠨᠡᠷᠡᠲᠦ ᠡᠮᠴᠢ ᠶᠢᠨ ᠠᠵᠢᠯᠯᠠᠬᠤ ᠲᠠᠰᠤᠭ 5 ᠶᠢ ᠠᠰᠢᠭᠯᠠᠯᠲᠠ ᠳᠤ ᠣᠷᠣᠭᠤᠯᠵᠤ᠂ | ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠬᠥᠬᠡ ᠬᠡᠯᠪᠡᠷᠢ ᠶᠢᠨ ᠡᠮᠨᠡᠯᠭᠡ ᠶᠢᠨ | ᠬᠤᠷᠢᠶᠠᠨ ᠤ ᠳᠠᠬᠢᠨ ᠬᠢᠨᠠᠯᠲᠠ ᠶᠢ ᠥᠩᠭᠡᠷᠡᠭᠡᠵᠦ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠭᠤᠷᠪᠠᠳᠤᠭᠠᠷ | ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠡᠯᠭᠦᠪᠡ᠃ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠤᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠴᠥᠮ 33.3 % ᠪᠠᠷ ᠪᠠᠭᠤᠷᠠᠪᠠ᠃ | ᠰᠢᠲᠠᠮᠠᠬᠠᠢ ᠬᠡᠢ ᠶᠢᠨ ᠣᠶᠤᠨᠴᠢ ᠲᠥᠬᠦᠭᠡᠷᠦᠮᠵᠢ ᠶᠢᠨ ᠲᠠᠪᠴᠠᠩ ᠢ ᠠᠰᠢᠭᠯᠠᠯᠲᠠ ᠳᠤ ᠣᠷᠣᠭᠤᠯᠵᠤ᠂ ᠰᠢᠲᠠᠮᠠᠬᠠᠢ | ᠬᠡᠢ ᠶᠢᠨ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢᠨ ᠲᠥᠬᠦᠭᠡᠷᠦᠮᠵᠢ ᠶᠢ 2.5 ᠲᠦᠮᠡᠨ ᠢᠵᠢ ᠤᠭᠰᠠᠷᠠᠪᠠ᠃ | ᠢᠳᠡᠭᠡᠨ ᠪᠠ ᠡᠮ ᠤᠨ ᠵᠦᠢᠯ ᠤᠨ ︽ᠳᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠵᠤ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ ᠪᠦᠬᠦ | ᠬᠤᠲᠠ ᠳᠤ ᠲᠡᠷᠢᠭᠦᠯᠡᠪᠡ᠃ ᠵᠥᠷᠢᠴᠡᠯ ᠵᠢᠭᠤᠷᠠᠭᠠᠨ ᠢ 2567 ᠶᠢ ᠰᠢᠢᠳᠪᠦᠷᠢᠯᠡᠵᠦ᠂ ︽12345︾ ᠬᠠᠯᠠᠮᠰᠢᠯ | ᠤᠳᠠᠰᠤ ᠶᠢᠨ ᠲᠠᠪᠴᠠᠩ ᠤᠨ 7357 ᠬᠤᠪᠢ ᠠᠵᠢᠯ ᠢ ᠭᠦᠢᠴᠡᠳᠬᠡᠨ᠂ ᠳᠡᠭᠡᠷ᠎ᠡ ᠭᠤᠷᠪᠠᠨ ᠱᠠᠲᠤᠨ ᠤ ᠵᠠᠬᠢᠳᠠᠯ | ᠰᠣᠷᠪᠤᠯᠵᠢᠯᠠᠯ ᠤᠨ ᠶᠡᠷᠦᠩᠬᠡᠢ ᠬᠡᠮᠵᠢᠶ᠎ᠡ 22% ᠪᠠᠷ ᠪᠠᠭᠤᠷᠠᠵᠤ᠂ ᠪᠦᠬᠦ ᠤᠯᠤᠰ ᠤᠨ ᠵᠠᠬᠢᠳᠠᠯ ᠰᠣᠷᠪᠤᠯᠵᠢᠯᠠᠯ ᠤᠨ | ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ | ᠨᠤᠭᠤᠳ ᠲᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ ᠭᠠᠷᠬᠤ ᠨᠣᠷᠮ᠎ᠠ 29% ᠪᠠᠷ ᠪᠠᠭᠤᠷᠠᠨ᠂ ︽ | ᠨᠠᠢᠮᠠᠨ ᠲᠥᠷᠥᠯ︾ ᠤᠨ ᠬᠦᠨᠳᠦ ᠨᠣᠴᠢᠲᠠᠢ ᠬᠦᠴᠦᠷᠬᠡᠭᠯᠡᠯ ᠤᠨ ᠬᠡᠷᠡᠭ ᠢ ᠢᠯᠡᠷᠡᠭᠦᠯᠦᠭᠰᠡᠨ ᠨᠣᠷᠮ᠎ᠠ ᠴᠥᠮ | 100% ᠬᠦᠷᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ 3856 ᠲᠦᠮᠡᠨ ᠲᠥᠭᠦᠷᠢᠭ ᠤᠨ ᠠᠰᠠᠭᠤᠳᠠᠯ | ᠲᠠᠢ ᠡᠳ᠋ ᠬᠥᠷᠥᠩᠭᠡ ᠶᠢ ᠬᠤᠷᠢᠶᠠᠵᠤ ᠰᠢᠢᠳᠪᠦᠷᠢᠯᠡᠪᠡ᠃?xml:namespace> | ᠲᠥᠯᠥᠭᠡᠯᠡᠭᠴᠢᠳ ᠡ︕ ᠨᠢᠭᠡ ᠵᠢᠯ ᠤᠨ ᠲᠤᠷᠰᠢ᠂ ᠪᠢᠳᠡ ᠢᠮᠠᠭᠲᠠ ᠭᠤᠶᠢᠪᠢᠰᠢ ᠦᠭᠡᠢ ᠦᠨᠡᠨᠴᠢ | ᠰᠢᠳᠤᠷᠭᠤ ᠪᠠᠷ ᠵᠠᠰᠠᠭ ᠶᠠᠪᠤᠭᠤᠯᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠥᠷᠨᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ | ᠶᠣᠰᠣᠭᠠᠷ ᠨᠢ ᠲᠤᠤᠱᠯᠠᠭᠤᠯᠤᠨ ᠭᠦᠢᠴᠡᠳᠬᠡᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠪᠠ᠃ ᠢᠮᠠᠭᠲᠠ ᠭᠤᠶᠢᠪᠢᠰᠢ ᠦᠭᠡᠢ ᠬᠠᠤᠯᠢ ᠶᠣᠰᠣᠭᠠᠷ ᠵᠠᠰᠠᠭ ᠶᠠᠪᠤᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠳᠠᠭᠠᠭᠠᠨ ᠭᠦᠢᠴᠡᠳᠬᠡᠭᠰᠡᠨ 75 | ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ 79 ᠬᠤᠪᠢ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ | ᠭᠦᠢᠴᠡᠳᠬᠡᠨ ᠬᠠᠷᠢᠭᠤ ᠥᠭᠴᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠦᠷ᠎ᠡ | ᠪᠦᠲᠦᠮᠵᠢ ᠣᠯᠪᠠ᠃ ᠢᠮᠠᠭᠲᠠ ᠭᠤᠶᠢᠪᠢᠰᠢ ᠦᠭᠡᠢ ᠦᠨᠡᠨᠴᠢ ᠢᠲᠡᠭᠡᠮᠵᠢᠲᠡᠢ ᠪᠠᠷ ᠵᠠᠰᠠᠭ ᠪᠠᠶᠢᠭᠤᠯᠵᠤ᠂ ︽ᠦᠨᠡᠨᠴᠢ | ᠢᠲᠡᠭᠡᠮᠵᠢ ᠶᠢᠨ ᠢᠨᠵᠧᠨᠧᠷᠢᠩ︾ ᠢ ᠠᠬᠢᠭᠤᠯᠤᠨ᠂ ᠪᠣᠯᠵᠣᠨ ᠲᠣᠭᠲᠠᠭᠰᠠᠨ ᠡᠭᠦᠷᠭᠡ ᠨᠦᠭᠦᠳ ᠪᠠᠨ ᠨᠢᠮᠪᠠᠢ | ᠭᠦᠢᠴᠡᠳᠬᠡᠨ᠂ ᠠᠷᠠᠳ ᠤᠨ ᠠᠮᠢᠳᠤᠷᠠᠯ ᠤᠨ ᠪᠣᠳᠠᠲᠤ ᠲᠦᠷᠦᠯ ᠵᠦᠢᠯ 12 ᠢ ᠪᠦᠬᠦᠨ ᠢ ᠪᠡᠶᠡᠯᠡᠭᠦᠯᠵᠦ᠂ ᠵᠠᠰᠠᠭ | ᠤᠨ ᠣᠷᠳᠣᠨ ᠤ ᠳᠦᠷᠢ ᠲᠥᠷᠬᠦ ᠪᠠ ᠨᠡᠶᠢᠲᠡ ᠶᠢᠨ ᠢᠲᠡᠭᠡᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠢᠮᠠᠭᠲᠠ | ᠭᠤᠶᠢᠪᠢᠰᠢ ᠦᠭᠡᠢ ᠠᠷᠢᠭᠤᠨ ᠴᠢᠭᠴᠢ ᠪᠠᠷ ᠵᠠᠰᠠᠭ ᠪᠠᠷᠢᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ︽ | ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠠᠭᠤᠮᠠᠭᠠᠢ︾ | ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠠᠵᠢᠯ ᠤᠨ ᠪᠠᠷᠢᠮᠵᠢᠶ᠎ᠠ ᠪᠠ ᠠᠵᠢᠯ ᠤᠨ | ᠬᠤᠷᠳᠤᠴᠠ ᠶᠢ ᠳᠡᠭᠡᠭᠰᠢᠯᠡᠭᠦᠯᠦᠨ᠂ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠲᠥᠷᠦ ᠶᠢᠨ ᠠᠮᠢ ᠠᠬᠤᠢ ᠪᠠ | ᠠᠵᠢᠯᠯᠠᠬᠤ ᠠᠭᠤᠷ ᠠᠮᠢᠰᠬᠤᠯ ᠦᠷᠭᠦᠯᠵᠢᠯᠡᠨ ᠰᠠᠶᠢᠵᠢᠷᠠᠪᠠ᠃ ᠠᠷᠠᠳ ᠤᠨ ᠵᠡᠪᠰᠡᠭᠲᠦ ᠬᠦᠴᠦᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠬᠦ ᠠᠵᠢᠯ | ᠰᠢᠨ᠎ᠡ ᠠᠮᠵᠢᠯᠲᠠ ᠣᠯᠵᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠤᠨ ᠨᠢᠭᠤᠴᠠ ᠶᠢ | ᠬᠠᠮᠠᠭᠠᠯᠠᠬᠤ᠂ ᠬᠢᠨᠠᠨ ᠪᠣᠳᠣᠵᠤ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠪᠠᠶᠢᠴᠠᠭᠠᠯᠲᠠ᠂ ᠪᠠᠶᠢᠭᠤᠯᠭ᠎ᠠ ᠶᠢᠨ | ᠶᠠᠪᠤᠳᠠᠯ᠂ ᠲᠡᠦᠬᠡ ᠣᠶᠢᠯᠠᠯᠭ᠎ᠠ ᠳᠠᠩᠰᠠ ᠡᠪᠬᠡᠮᠡᠯ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠲᠠᠯ᠎ᠠ ᠶᠢᠨ ᠠᠵᠢᠯ | ᠰᠢᠨ᠎ᠡ ᠳᠡᠭᠡᠭᠰᠢᠯᠡᠯᠲᠡ ᠲᠠᠢ ᠪᠣᠯᠵᠤ᠂ ᠦᠳᠡᠭᠦᠰ ᠨᠠᠰᠤᠲᠠᠶᠢᠴᠤᠳ᠂ ᠡᠮᠡᠭᠲᠡᠶᠢᠴᠦᠳ ᠬᠡᠦᠬᠡᠳ᠂ ᠵᠠᠯᠠᠭᠤᠴᠤᠳ | ᠪᠠᠭᠠᠴᠤᠳ᠂ ᠵᠡᠮᠳᠡᠭᠴᠦᠳ᠂ ᠠᠵᠢᠯᠴᠢᠨ ᠤ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠨᠢᠭᠦᠯᠡᠰᠦᠩᠭᠦᠢ ᠦᠢᠯᠡᠰ ᠵᠢᠴᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠲᠠᠯ᠎ᠠ ᠶᠢᠨ ᠠᠵᠢᠯ ᠦᠢᠯᠡᠰ ᠰᠢᠨ᠎ᠡ | ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢᠶᠠᠨ | ᠡᠷᠭᠢᠴᠡᠭᠦᠯᠪᠡᠯ᠂ ᠪᠢᠳᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠤᠷᠤᠭᠰᠢᠯᠠᠨ | ᠳᠠᠪᠰᠢᠵᠤ᠂ ᠣᠯᠤᠭᠰᠠᠨ ᠠᠮᠵᠢᠯᠲᠠ ᠮᠠᠨᠢ ᠮᠠᠰᠢ ᠡᠷᠬᠢᠮ ᠨᠠᠨᠳᠢᠨ ᠶᠤᠮ᠃ ᠡᠨᠡ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ ᠶᠢᠨ ᠠᠴᠢ ᠲᠤᠰᠠ ᠶᠤᠮ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠶᠢ | ᠡᠵᠡᠮᠳᠡᠬᠦ ᠪᠠ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ ᠶᠤᠮ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ | ᠵᠢᠴᠢ ᠬᠢᠨᠠᠯᠲᠠ ᠬᠠᠪᠰᠤᠷᠤᠯᠭ᠎ᠠ ᠶᠢᠨ ᠠᠴᠢ ᠲᠤᠰᠠ ᠶᠤᠮ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ | ᠲᠦᠮᠡᠨ ᠤ ᠪᠦᠯᠬᠦᠮᠳᠡᠨ ᠲᠡᠮᠡᠴᠡᠭᠰᠡᠨ ᠤ ᠠᠴᠢ ᠲᠤᠰᠠ ᠪᠣᠯᠬᠤ ᠶᠤᠮ᠃ ᠠᠳᠡ ᠪᠢ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ | ᠠᠵᠢᠯ ᠠᠴᠠ ᠪᠠᠨ ᠲᠠᠷᠬᠠᠯᠠᠭᠰᠠᠨ ᠠᠬᠠᠮᠠᠳ ᠺᠠᠳ᠋ᠷ ᠵᠢᠴᠢ ᠪᠠᠭᠠᠷᠢᠨ ᠵᠡᠭᠦᠨ ᠬᠤᠰᠢᠭᠤᠨ ᠤ ᠠᠵᠤ ᠠᠬᠤᠢ ᠶᠢᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | | | | ᠲᠥᠯᠥᠭᠡᠯᠡᠭᠴᠢᠳ ᠡ︕ ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ | ᠪᠠᠶᠢᠬᠤ ᠶᠢ ᠰᠡᠷᠭᠡᠭ ᠢᠶᠠᠷ ᠣᠯᠵᠤ ᠲᠠᠨᠢᠪᠠ᠃ ᠭᠤᠤᠯ ᠢᠯᠡᠷᠡᠯ ᠨᠢ᠄ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ ᠲᠣᠮᠣ ᠲᠥᠷᠥᠯ ᠵᠦᠢᠯ ᠤᠨ ᠲᠤᠯᠭᠠᠭᠤᠷᠢᠯᠠᠯ ᠴᠥᠭᠡᠨ᠂ | ᠠᠵᠤ ᠦᠢᠯᠡᠰ ᠤᠨ ᠬᠡᠯᠬᠢᠶ᠎ᠡ ᠣᠬᠤᠷ᠂ ᠰᠦᠷᠦᠭᠵᠢᠯ ᠤᠨ ᠦᠢᠯᠡᠳᠦᠯ ᠴᠢᠩᠭ᠎ᠠ ᠪᠢᠰᠢ ᠪᠠᠶᠢᠬᠤ ᠠᠰᠠᠭᠤᠳᠠᠯ ᠪᠠᠰᠠ | ᠨᠡᠯᠢᠶᠡᠳ ᠲᠣᠪᠤᠶᠢᠮ᠎ᠠ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠂ ᠣᠷᠣᠨ ᠰᠠᠭᠤᠴᠠ ᠵᠡᠷᠭᠡ | ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ | ᠬᠦᠷᠢᠶᠡᠨ ᠳᠤ ᠪᠠᠰᠠ ᠮᠠᠰᠢ ᠣᠯᠠᠨ ︽ᠪᠠᠴᠢᠮ ᠲᠤᠯᠭᠠᠮ᠎ᠠ ᠬᠦᠴᠢᠷ ᠵᠣᠪᠠᠭᠤᠷᠢ︾ ᠲᠠᠢ ᠠᠰᠠᠭᠤᠳᠠᠯ ᠣᠷᠤᠰᠢᠵᠤ | ᠪᠠᠶᠢᠬᠤ ᠶᠢ ᠤᠯᠠᠮ ᠨᠢᠭᠡ ᠠᠯᠬᠤᠮ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠭᠠᠶᠢᠯᠢ ᠶᠢᠨ ᠢᠷᠡᠯᠲᠡ ᠪᠠ ᠳᠠᠯᠳᠠ ᠬᠦᠴᠦᠨ ᠢ | ᠠᠭᠤᠳᠠᠯᠠᠬᠤ ᠳᠤ ᠪᠠᠰᠠ ᠨᠡᠯᠢᠶᠡᠳ ᠶᠡᠭᠡ ᠣᠷᠣᠨ ᠵᠠᠶ ᠲᠠᠢ ᠪᠠᠶᠢᠵᠤ᠂ ᠵᠠᠶᠢᠯᠠᠰᠢ ᠥᠬᠡᠶ ᠵᠠᠷᠤᠯᠭ᠎ᠠ ᠲᠠᠰᠤᠷᠠᠯᠲᠠ | ᠥᠬᠡᠶ ᠨᠡᠮᠡᠭᠳᠡᠨ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ | ᠴᠢᠬᠤᠯᠠᠲᠠᠶ ᠪᠠᠶᠢᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠵᠠᠷᠢᠮ ᠺᠠᠳ᠋ᠷ ᠤᠨ ᠠᠵᠤ ᠠᠬᠤᠢ ᠶᠢ | ᠠᠳᠬᠤᠨ ᠬᠥᠭᠵᠢᠯᠲᠡ ᠶᠢ ᠠᠬᠢᠭᠤᠯᠬᠤ ᠴᠢᠳᠠᠪᠤᠷᠢ ᠨᠢ ᠠᠨᠠᠢ᠂ ᠬᠦᠴᠢᠷ ᠪᠡᠷᠬᠡ ᠶᠢ ᠲᠤᠭᠤᠯᠤᠨ ᠳᠠᠪᠠᠭ᠋ᠤ ᠠᠷᠭ᠎ᠠ ᠨᠢ | ᠪᠠᠭ᠎ᠠ᠂ ᠵᠣᠷᠢᠭᠲᠠᠢ ᠬᠢᠵᠦ ᠭᠠᠪᠰᠢᠭᠠᠶᠢᠯᠠᠨ ᠠᠵᠢᠯᠯᠠᠬᠤ ᠡᠷᠴᠢ ᠵᠣᠷᠢᠭ ᠨᠢ ᠬᠦᠷᠦᠯᠴᠡᠬᠦ ᠦᠭᠡᠢ᠂ ᠠᠵᠢᠯ ᠤᠨ | ᠰᠤᠷᠲᠠᠯ ᠢ ᠪᠠᠰᠠ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠡᠳᠡᠭᠡᠷ | ᠠᠰᠠᠭᠤᠳᠠᠯ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠪᠠᠷ | ᠬᠢᠨᠠᠮᠠᠭᠠᠢ ᠰᠢᠢᠳᠪᠦᠷᠢᠯᠡᠨ᠎ᠡ᠃ | | | | | | | |