ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ︽ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠵᠡᠷᠭᠡ ᠶᠢ ᠶᠠᠷᠢᠯᠴᠠᠨ ᠪᠠᠲᠤᠯᠠᠪᠠ
ᠨᠡᠶᠢᠲᠡᠯᠡᠭᠰᠡᠨ ᠴᠠᠭ᠄
2025/3/19
      ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃       ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ ᠪᠤᠰᠤ ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ       ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ ᠪᠤᠰᠤ ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ       ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠣᠷ ᠮᠣᠩᠭᠤᠯ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号