ᠯᠢ ᠴᠢᠶᠠᠩ ᠮᠦᠸᠧᠽᠢ ᠳᠤ ᠪᠠᠶᠠᠷ ᠤᠨ | ᠴᠠᠭᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 5 | ᠰᠠᠷ᠎ᠠ ᠶᠢᠨ 6 ᠤ ᠴᠠᠭᠢᠯᠭᠠᠨ ᠮᠡᠳᠡᠭᠡ 5 | ᠰᠠᠷ᠎ᠠ ᠶᠢᠨ 6 ᠤ ᠡᠳᠦᠷ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠹᠷᠢᠳ᠋ᠷᠢᠰᠢ · | ᠮᠦᠸᠧᠽᠢ ᠳᠤ ᠴᠠᠭᠢᠯᠭᠠᠨ ᠴᠢᠮᠡᠭᠡ | ᠶᠠᠪᠤᠭᠤᠯᠵᠤ᠂ ᠲᠡᠭᠦᠨ ᠤ ᠪᠦᠭᠦᠳᠠ | ᠨᠠᠶᠢᠷᠠᠮᠳᠠᠬᠤ ᠬᠤᠯᠪᠣᠭᠠᠨ ᠤ ᠭᠧᠷᠮᠠᠨ | ᠤᠯᠤᠰ ᠤᠨ ᠶᠡᠷᠦᠩᠬᠡᠢ ᠰᠠᠶᠢᠳ ᠢᠶᠠᠷ | ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠭᠧᠷᠮᠠᠨ ᠪᠣᠯ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 53 ᠵᠢᠯ ᠤᠨ ᠲᠤᠷᠰᠢ᠂ ᠬᠤᠶᠠᠷ | ᠤᠯᠤᠰ ᠢᠶᠠᠷ ᠢᠶᠠᠨ ᠬᠠᠷᠢᠯᠴᠠᠨ ᠭᠦᠨᠳᠦᠳᠭᠡᠵᠦ | ᠬᠠᠷᠢᠯᠴᠠᠨ ᠢᠲᠡᠭᠡᠯᠴᠡᠬᠦ᠂ ᠡᠷᠬᠡ ᠲᠡᠭᠰᠢ ᠪᠠᠷ | ᠬᠠᠨᠳᠤᠬᠤ ᠬᠠᠷᠢᠯᠴᠠᠭᠠᠨ ᠤ ᠵᠠᠮ ᠢ | ᠪᠠᠷᠢᠮᠲᠠᠯᠠᠵᠤ᠂ ᠢᠮᠠᠭᠲᠠ ᠬᠠᠷᠢᠯᠴᠠᠨ | ᠠᠰᠢᠭᠲᠠᠢ ᠬᠠᠷᠢᠯᠴᠠᠨ ᠬᠠᠷᠠᠭᠠᠯᠵᠠᠬᠤ᠂ | ᠬᠠᠮᠲᠤ ᠪᠠᠷ ᠠᠰᠢᠭ ᠬᠦᠷᠲᠡᠵᠦ ᠬᠥᠭᠵᠢᠬᠦ | ᠬᠠᠮᠲᠤᠷᠠᠯᠴᠠᠭᠠᠨ ᠤ ᠵᠠᠮ ᠢᠶᠠᠷ ᠵᠠᠮᠨᠠᠵᠤ᠂ | ᠭᠠᠷ ᠬᠤᠯᠪᠣᠨ ᠵᠡᠷᠭᠡ ᠪᠠᠷ ᠤᠷᠤᠭᠰᠢᠯᠠᠬᠤ᠂ | ᠬᠠᠷᠢᠯᠴᠠᠨ ᠠᠮᠵᠢᠯᠲᠠ ᠣᠯᠬᠤ ᠰᠠᠶᠢᠨ ᠬᠠᠨᠢᠲᠠᠨ | ᠪᠣᠯᠵᠤ᠂ ᠥᠨᠳᠥᠷ ᠲᠦᠪᠰᠢᠨ ᠪᠦᠬᠦᠢ | ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ | ᠬᠠᠷᠢᠯᠴᠠᠭ᠎ᠠ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | ᠣᠳᠣᠬᠠᠨ ᠤ ᠳᠡᠯᠡᠬᠡᠢ ᠶᠢᠷᠲᠢᠨᠴᠦ ᠤᠷᠪᠠᠭᠠᠨ | ᠬᠥᠷᠪᠡᠭᠡᠨ ᠬᠤᠪᠢᠷᠠᠯᠲᠠ ᠰᠤᠯᠪᠢᠴᠠᠨ | ᠣᠷᠣᠰᠢᠵᠤ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠤᠷᠤᠰᠬᠠᠯ ᠰᠥᠷᠦᠨ | ᠥᠨᠳᠡᠯᠵᠡᠵᠦ ᠪᠠᠶᠢᠭ᠎ᠠ ᠪᠤᠯᠪᠠᠴᠤ ᠡᠩᠬᠡ | ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ | ᠬᠠᠮᠲᠤ ᠪᠠᠷ ᠠᠰᠢᠭ ᠭᠦᠷᠳᠡᠭᠦ ᠪᠣᠯ ᠮᠥᠨ ᠬᠦ | ᠬᠥᠮᠥᠨ ᠤ ᠶᠢᠷᠲᠢᠨᠴᠦ ᠶᠢᠨ ᠵᠥᠪ ᠵᠠᠮ ᠪᠠ | ᠬᠤᠷᠢᠭᠯᠠᠭᠳᠠᠰᠢ ᠦᠭᠡᠢ ᠴᠠᠭ ᠦᠶ᠎ᠡ ᠶᠢᠨ | ᠤᠷᠤᠰᠬᠠᠯ ᠪᠣᠯᠣᠨ᠎ᠠ᠃ ᠳᠡᠯᠡᠬᠡᠢ ᠶᠢᠨ | ᠬᠤᠶᠠᠳᠤᠭᠠᠷ᠂ ᠭᠤᠷᠪᠠᠳᠤᠭᠠᠷ ᠶᠡᠭᠡ ᠠᠵᠤ | ᠠᠬᠤᠢ ᠶᠢᠨ ᠴᠣᠭᠴᠠ ᠪᠣᠯᠣᠨ ᠪᠦᠭᠦ | ᠪᠥᠮᠪᠥᠷᠴᠡᠭ ᠲᠤ ᠨᠥᠯᠥᠭᠡ ᠲᠠᠢ ᠲᠣᠮᠣ ᠤᠯᠤᠰ | ᠪᠣᠯᠤᠭᠰᠠᠨ ᠤ ᠬᠤᠪᠢ ᠳᠤ᠂ ᠳᠤᠮᠳᠠᠳᠤ ᠭᠧᠷᠮᠠᠨ | ᠬᠤᠶᠠᠷ ᠤᠯᠤᠰ ᠲᠡᠦᠬᠡ ᠶᠢᠨ ᠶᠡᠭᠡ ᠬᠠᠨᠳᠤᠰᠢ ᠳᠤ | ᠵᠣᠬᠢᠴᠠᠵᠤ᠂ ᠲᠥᠪ ᠭᠤᠣᠯᠴᠢ ᠰᠢᠳᠤᠷᠭᠤ ᠶᠣᠰᠣ ᠶᠢ | ᠪᠠᠲᠤ ᠰᠠᠬᠢᠵᠤ᠂ ᠰᠣᠯᠢᠯᠴᠠᠯ ᠲᠣᠯᠢᠳᠠᠯ ᠢᠶᠠᠨ | ᠭᠦᠨᠵᠡᠭᠡᠶᠢᠷᠡᠭᠦᠯᠵᠦ᠂ ᠪᠦᠯᠬᠦᠮᠳᠡᠯ | ᠬᠠᠮᠲᠤᠷᠠᠯᠴᠠᠭ᠎ᠠ ᠪᠠᠨ ᠴᠢᠩᠭᠠᠳᠬᠠᠵᠤ᠂ | ᠲᠤᠬᠰᠢᠨ ᠰᠠᠯᠬᠢ ᠰᠢᠷᠦᠭᠦᠨ ᠪᠣᠷᠣᠭᠠᠨ ᠢ ᠭᠠᠷ | ᠬᠤᠯᠪᠣᠨ ᠬᠠᠮᠲᠤ ᠪᠠᠷ ᠲᠤᠭᠤᠯᠵᠤ᠂ ᠬᠤᠶᠠᠷ | ᠤᠯᠤᠰ ᠤᠨ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠵᠦ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ | ᠲᠤᠶᠢᠯᠵᠢᠯᠲᠠ ᠪᠣᠯᠣᠨ ᠲᠦᠭᠡᠮᠡᠯ | ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ | ᠬᠠᠮᠲᠤ ᠪᠠᠷ ᠠᠬᠢᠭᠤᠯᠪᠠᠯ ᠵᠣᠬᠢᠨ᠎ᠠ᠃ ᠪᠢ | ᠳᠤᠮᠳᠠᠳᠤ ᠭᠧᠷᠮᠠᠨ ᠤ ᠬᠠᠷᠢᠯᠴᠠᠭ᠎ᠠ ᠶᠢᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ | ᠶᠡᠷᠦᠩᠬᠡᠢ ᠰᠠᠶᠢᠳ ᠠᠪᠤᠭᠠᠢ ᠲᠠᠢ ᠬᠠᠮᠲᠤ ᠪᠠᠷ | ᠴᠢᠷᠮᠠᠶᠢᠵᠤ᠂ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠤᠭ ᠰᠠᠨᠠᠭ᠎ᠠ ᠪᠠᠨ | ᠪᠠᠷᠢᠮᠲᠠᠯᠠᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠪᠠᠬᠢᠵᠢᠭᠦᠯᠵᠦ᠂ | ᠰᠣᠯᠢᠯᠴᠠᠭ᠎ᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠭᠧᠷᠮᠠᠨ ᠤ | ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠰᠢᠨ᠎ᠡ ᠪᠠᠶᠢᠳᠠᠯ ᠢ | ᠡᠭᠦᠳᠴᠦ᠂ ᠳᠤᠮᠳᠠᠳᠤ ᠡᠸᠦ᠋ᠷᠦᠫᠡ ᠶᠢᠨ | ᠬᠠᠮᠲᠤᠷᠠᠯᠴᠠᠭᠠᠨ ᠤ ᠵᠥᠪ ᠴᠢᠭᠯᠡᠯ ᠢ | ᠬᠥᠲᠥᠯᠥᠨ ᠳᠠᠭᠠᠭᠤᠯᠵᠤ᠂ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠪᠠ ᠬᠥᠭᠵᠢᠯ | ᠴᠡᠴᠡᠭᠯᠡᠯ ᠢ ᠬᠠᠮᠲᠤ ᠪᠠᠷ ᠠᠬᠢᠭᠤᠯᠤᠨ᠎ᠠ | ᠭᠡᠵᠦ ᠵᠢᠭᠠᠵᠤ ᠭᠠᠷᠭᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | ᠴᠠᠭᠢᠯᠭᠠᠨ ᠴᠢᠮᠡᠭᠡ ᠶᠠᠪᠤᠭᠤᠯᠵᠤ᠂ | ᠮᠦᠸᠧᠽᠢ ᠶᠢᠨ ᠭᠧᠷᠮᠠᠨ ᠤ ᠶᠡᠷᠦᠩᠬᠡᠢ | ᠰᠠᠶᠢᠳ ᠢᠶᠠᠷ ᠰᠣᠩᠭᠤᠭᠳᠠᠭᠰᠠᠨ ᠳᠤ ᠪᠠᠶᠠᠷ | ᠬᠦᠷᠭᠡᠵᠦ᠂ ᠳᠤᠮᠳᠠᠳᠤ ᠭᠧᠷᠮᠠᠨ ᠪᠣᠯ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠂ ᠬᠤᠶᠠᠷ ᠲᠠᠯ᠎ᠠ ᠶᠢᠨ ᠡᠯ᠎ᠡ | ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ | ᠪᠦᠲᠦᠭᠡᠯ ᠦᠯᠡᠮᠵᠢ᠂ ᠭᠡᠭᠡᠨ ᠰᠠᠷᠠᠭᠤᠯ ᠠᠯᠤᠰ | ᠢᠷᠡᠭᠡᠳᠦᠢ ᠲᠠᠢ᠃ ᠡᠷᠬᠡ ᠲᠡᠭᠰᠢ ᠬᠠᠷᠢᠯᠴᠠᠨ | ᠠᠰᠢᠭᠲᠠᠢ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠪᠣᠯ ᠬᠤᠶᠠᠷ ᠤᠯᠤᠰ ᠤᠨ | ᠬᠠᠮᠲᠤ ᠶᠢᠨ ᠲᠡᠦᠬᠡ ᠶᠢᠨ ᠰᠣᠩᠭᠤᠯᠲᠠ ᠮᠥᠨ᠂ | ᠪᠠᠰᠠ ᠴᠤ ᠳᠤᠮᠳᠠᠳᠤ ᠭᠧᠷᠮᠠᠨ ᠤ | ᠬᠠᠷᠢᠯᠴᠠᠭ᠎ᠠ ᠶᠢᠨ ᠬᠠᠮᠤᠭ ᠤᠨ ᠢᠯᠡ ᠲᠣᠳᠣ | ᠣᠨᠴᠠᠯᠢᠭ ᠪᠠᠶᠢᠵᠤ᠂ ᠬᠤᠶᠠᠷ | ᠲᠠᠯ᠎ᠠ ᠪᠠᠷ ᠢᠶᠠᠨ ᠨᠠᠷᠢᠨ ᠨᠢᠮᠪᠠᠢ | ᠬᠥᠭᠵᠢᠭᠦᠯᠦᠨ ᠬᠠᠮᠠᠭᠠᠯᠠᠵᠤ ᠤᠯᠠᠮᠵᠢᠯᠠᠨ | ᠪᠠᠳᠠᠷᠠᠭᠤᠯᠤᠭᠤᠰᠢᠲᠠᠢ ᠶᠤᠮ᠃ ᠪᠢ ᠲᠠᠨ ᠲᠠᠢ | ᠬᠠᠮᠲᠤ ᠰᠠᠶᠢᠨ ᠰᠠᠶᠢᠬᠠᠨ ᠠᠵᠢᠯ ᠤᠨ | ᠬᠠᠷᠢᠯᠴᠠᠭ᠎ᠠ ᠪᠠᠶᠢᠭᠤᠯᠵᠤ᠂ | ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ | ᠬᠥᠭᠵᠢᠯᠲᠡ ᠶᠢ ᠠᠬᠢᠭᠤᠯᠵᠤ᠂ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ | ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠳᠤᠮᠳᠠᠳᠤ ᠭᠧᠷᠮᠠᠨ ᠤ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ | ᠲᠠᠰᠤᠷᠠᠯᠳᠠ ᠦᠭᠡᠢ ᠲᠡᠭᠦᠯᠳᠡᠷᠵᠢᠭᠦᠯᠵᠦ᠂ | ᠳᠤᠮᠳᠠᠳᠤ ᠭᠧᠷᠮᠠᠨ᠂ ᠳᠤᠮᠳᠠᠳᠤ | ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ | ᠴᠢᠭᠯᠡᠯ ᠢ ᠬᠥᠲᠥᠯᠥᠨ ᠳᠠᠭᠠᠭᠤᠯᠬᠤ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | |