ᠰᠢᠨᠬᠤᠸᠠ ᠬᠤᠷᠢᠶ᠎ᠠ ᠶᠢᠨ ᠮᠣᠰᠺᠸᠠ ᠶᠢᠨ 5 | ᠰᠠᠷ᠎ᠠ ᠶᠢᠨ 7 ᠤ ᠴᠠᠭᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 5 | ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ | ᠬᠤᠷᠢᠶ᠎ᠠ ᠠᠴᠠ ᠦᠢᠯᠡᠳᠦᠭᠰᠡᠨ ︽ᠡᠭᠡᠯ | ᠪᠣᠷᠣᠭᠵᠢᠭᠤᠨ ᠦᠭᠡ — ᠰᠢ ᠶᠢᠨ ᠫᠢᠩ ᠤᠨ | ᠪᠠᠭ᠋ᠠᠷᠬᠠᠳᠠᠭ ᠡᠷᠲᠡᠨ ᠤ ᠰᠣᠩᠭᠤᠳᠠᠭ | ᠬᠡᠯᠡᠯᠭᠡ︾ ︵ᠣᠯᠠᠨ ᠤᠯᠤᠰ ᠤᠨ ᠬᠡᠪᠯᠡᠯ︶ ᠶᠢ | ᠡᠬᠢᠯᠡᠨ ᠨᠡᠪᠲᠡᠷᠡᠭᠦᠯᠬᠦ ᠶᠣᠰᠣᠯᠠᠯ | ᠮᠣᠰᠺᠸᠠ ᠳᠤ ᠶᠠᠪᠤᠭᠳᠠᠪᠠ᠃ ᠤᠷᠤᠰ ᠳᠤᠮᠳᠠᠳᠤ | ᠬᠤᠶᠠᠷ ᠤᠯᠤᠰ ᠤᠨ ᠤᠯᠤᠰ ᠲᠦᠷᠦ᠂ ᠠᠵᠤ ᠠᠬᠤᠢ᠂ | ᠰᠣᠶᠣᠯ᠂ ᠵᠠᠭᠤᠴᠢᠯᠠᠭᠤᠷ᠂ ᠰᠤᠷᠭᠠᠨ ᠬᠥᠮᠦᠵᠢᠯ | ᠵᠡᠷᠭᠡ ᠡᠯ᠎ᠡ ᠡᠲᠡᠭᠡᠳ ᠤᠨ ᠨᠡᠷᠡᠳᠤ ᠬᠥᠮᠥᠰ ᠢ | ᠪᠠᠭᠲᠠᠭᠠᠭᠰᠠᠨ 200 ᠭᠠᠷᠤᠢ ᠬᠦᠨᠳᠦᠲᠦ ᠵᠣᠴᠢᠨ | ᠠᠵᠢᠯᠯᠠᠭ᠎ᠠ ᠳᠤ ᠣᠷᠣᠯᠴᠠᠪᠠ᠃ ᠲᠣᠰ | ᠫᠷᠣᠭ᠍ᠷᠠᠮ ᠢ ᠲᠣᠰ ᠡᠳᠦᠷ ᠠᠴᠠ ᠡᠬᠢᠯᠡᠨ | ᠣᠷᠣᠰ ᠤᠨ ᠪᠦᠭᠦ ᠣᠷᠣᠰ ᠤᠯᠤᠰ ᠤᠨ ᠲᠧᠯᠸᠢᠰ | ᠷᠠᠳᠢᠣ᠋ ᠨᠡᠪᠲᠡᠷᠡᠭᠦᠯᠭᠡ ᠶᠢᠨ ᠺᠤᠮᠫᠠᠨᠢ᠂ | ᠣᠷᠣᠰ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠰᠣᠨᠢᠨ ︽ᠣᠷᠣᠰ ᠰᠣᠨᠢᠨ︾ ᠤ | ᠠᠯᠪᠠᠨ ᠰᠦᠯᠵᠢᠶ᠎ᠡ᠂ ᠣᠷᠣᠰ ᠤᠨ | ᠪᠠᠶᠢᠭᠠᠯᠢ ᠶᠢᠨ ᠰᠢᠲᠠᠮᠠᠬᠠᠢ ᠬᠡᠢ ᠶᠢᠨ | ᠵᠠᠭᠤᠴᠢᠯᠠᠭᠤᠷ ᠤᠨ ᠬᠤᠪᠢ ᠡᠵᠡᠮᠳᠡᠭᠰᠡᠨ | ᠬᠤᠪᠢᠴᠠᠭᠠᠳᠤ ᠺᠤᠮᠫᠠᠨᠢ᠂ ᠣᠷᠣᠰ ᠤᠨ ᠶᠡᠭᠡ | ᠠᠽᠢᠶ᠎ᠠ ᠲᠧᠯᠸᠢᠰ ᠬᠤᠷᠢᠶ᠎ᠠ ᠵᠡᠷᠭᠡ ᠣᠯᠠᠨ | ᠲᠠᠪᠴᠠᠩ ᠳᠤ ᠨᠡᠪᠲᠡᠷᠡᠭᠦᠯᠬᠦ ᠪᠣᠯᠣᠨ᠎ᠠ᠃ | ︽ᠡᠭᠡᠯ ᠪᠣᠷᠣᠭᠵᠢᠭᠤᠨ ᠦᠭᠡ — ᠰᠢ ᠶᠢᠨ | ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ | ᠬᠡᠯᠡᠯᠭᠡ︾ ︵ᠤᠯᠠᠨ ᠤᠯᠤᠰ ᠤᠨ ᠬᠡᠪᠯᠡᠯ︶ ᠨᠢ | ᠲᠡᠷᠢᠭᠦᠯᠡᠭᠴᠢ ᠰᠢ ᠶᠢᠨ ᠫᠢᠩ ᠤᠨ ᠴᠢᠬᠤᠯᠠ | ᠶᠠᠷᠢᠶ᠎ᠠ᠂ ᠵᠣᠬᠢᠶᠠᠯ ᠪᠣᠯᠣᠨ | ᠶᠠᠷᠢᠯᠴᠠᠭ᠎ᠠ ᠳᠤ ᠡᠰᠢᠯᠡᠨ ᠬᠡᠷᠡᠭᠯᠡᠭᠰᠡᠨ | ᠳᠤᠮᠳᠠᠳᠤ ᠤᠯᠤᠰ ᠤᠨ ᠡᠷᠲᠡᠨ ᠤ ᠨᠣᠮ ᠪᠢᠴᠢᠭ | ᠪᠣᠯᠣᠨ ᠰᠣᠩᠭᠤᠳᠠᠭ ᠨᠡᠷᠡᠲᠦ ᠥᠭᠦᠯᠡᠪᠦᠷᠢ ᠠᠴᠠ | ᠨᠠᠷᠢᠨ ᠨᠢᠮᠪᠠᠢ ᠰᠣᠩᠭᠤᠵᠤ᠂ ᠰᠢᠨ᠎ᠡ ᠶᠢ | ᠡᠭᠦᠳᠦᠨ ᠬᠥᠭᠵᠢᠬᠦ᠂ ᠰᠣᠶᠣᠯ ᠤᠨ ᠴᠡᠴᠡᠭᠯᠡᠯ᠂ | ᠪᠣᠯᠪᠠᠰᠤᠨ ᠤ ᠤᠯᠠᠨ ᠶᠠᠩᠵᠤᠲᠤ ᠴᠢᠨᠠᠷ ᠪᠣᠯᠣᠨ | ᠰᠣᠯᠢᠯᠴᠠᠭ᠎ᠠ ᠲᠣᠯᠢᠳᠠᠯ᠂ ᠭᠡᠷ ᠪᠦᠯᠢ ᠶᠢᠨ | ᠬᠥᠮᠦᠵᠢᠯ ᠵᠡᠷᠭᠡ ᠭᠤᠣᠯ ᠰᠡᠳᠦᠪ ᠲᠤ | ᠠᠩᠬᠠᠷᠤᠯ ᠢᠶᠠᠨ ᠲᠥᠪᠯᠡᠷᠡᠭᠦᠯᠵᠦ᠂ | ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ | ᠤᠯᠤᠰ ᠲᠦᠷᠦ ᠶᠢᠨ ᠤᠶᠤᠨ ᠤᠬᠠᠭᠠᠨ᠂ ᠭᠦᠨ | ᠤᠬᠠᠭᠠᠨ ᠤ ᠲᠤᠬᠠᠢ ᠭᠦᠨᠵᠡᠭᠡᠢ ᠪᠣᠯᠪᠠᠰᠤᠷᠠᠯ | ᠪᠣᠯᠣᠨ ᠡᠷᠬᠢᠮ ᠳᠡᠭᠡᠳᠦ ᠰᠣᠶᠣᠯ ᠢᠷᠭᠡᠨᠰᠢᠯ ᠤᠨ | ᠬᠠᠶᠢᠷ᠎ᠠ ᠰᠡᠳᠬᠢᠯᠭᠡ ᠶᠢ ᠭᠤᠶᠢᠳᠠ ᠰᠠᠶᠢᠬᠠᠨ | ᠢᠯᠡᠷᠡᠭᠦᠯᠪᠡ᠃ | |